ᠭᠠᠬᠢᠯ ᠰᠤᠮᠤᠨ ᠤ ᠡᠷᠢᠶᠡᠡᠪᠤᠯᠠᠭ ᠭᠠᠴᠠᠭ᠎ᠠ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠎ ᠤᠨ ᠤᠢ ᠶᠢ ᠪᠡᠯᠭᠡᠯᠡᠬᠦ ᠤᠯᠠᠨ ᠲᠦᠮᠡᠨᠴᠢ ᠠᠵᠢᠯᠯᠠᠭ᠎ᠠ ᠶᠠᠪᠤᠭᠳᠠᠭᠤᠯᠪᠠ
ᠨᠡᠶᠢᠲᠡᠯᠡᠭᠰᠡᠨ ᠴᠠᠭ᠄
2017/8/31
     ᠦᠷᠭᠡᠨ ᠤᠯᠠᠨ ᠮᠠᠯᠴᠢᠨ ᠲᠦᠮᠡᠨ ᠤ ᠤᠶᠤᠨ ᠤ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠦᠵᠡᠯ ᠰᠠᠨᠠᠭ᠎ᠠ ᠤᠯᠤᠰ ᠲᠦᠷᠦ ᠶᠢᠨ ᠬᠡᠪ ᠰᠤᠷᠳᠠᠯ ᠢ ᠨᠢ ᠲᠡᠭᠡᠭᠰᠢᠯᠡᠬᠦᠯᠵᠦ᠂ ᠡᠷᠡᠭᠦᠯ ᠴᠠᠬᠢᠷᠠᠭ ᠤᠷᠤᠭᠰᠢ ᠲᠠᠪᠰᠢᠬᠤ᠂ ᠡᠶ᠎ᠡ ᠵᠤᠬᠢᠴᠠᠯᠳᠤ ᠪᠦᠯᠬᠦᠮᠳᠡᠯ ᠲᠠᠢ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠬᠤ ᠶᠢᠨ ᠲᠤᠯᠠᠳᠠ᠂ 2017 ᠤᠨ 8 ᠰᠠᠷ᠎ᠠ 29 ᠡᠳᠦᠷ ᠭᠠᠬᠢᠯ ᠰᠤᠮᠤᠨ ᠤ ᠡᠷᠢᠶᠡᠡᠪᠤᠯᠠᠭ ᠭᠠᠴᠠᠭᠠᠨ ᠤ ᠡᠪᠯᠡᠯ ᠤᠨ ᠡᠭᠦᠷ ᠂ ᠡᠮᠡᠭᠳᠡᠶᠢᠴᠤᠳ ᠤᠨ ᠲᠦᠯᠦᠭᠡᠯᠡᠭᠴᠢᠳ ᠤᠨ ᠬᠤᠷᠠᠯ  ᠬᠠᠮᠳᠤᠷᠠᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠤᠯᠠᠨ ᠲᠦᠮᠡᠨᠴᠢ ᠠᠵᠢᠯᠯᠠᠭ᠎ᠠ ᠶᠠᠪᠤᠭᠳᠠᠭᠤᠯᠵᠤ᠂ ᠨᠡᠶᠢᠳᠠ 100 ᠭᠠᠷᠤᠢ ᠬᠦᠮᠦᠨ ᠳᠤᠰ ᠠᠵᠢᠯᠯᠠᠭᠠᠨ ᠳᠤ ᠤᠷᠤᠯᠴᠠᠭᠰᠠᠨ ᠪᠠᠶᠢᠨ᠎ᠠ᠃      ᠠᠵᠢᠯᠯᠠᠭᠠᠨ ᠳᠤ᠂ ᠭᠠᠴᠠᠭᠠᠨ ᠤ 13 ᠨᠡᠷ᠎ᠡ 70 ᠨᠠᠰᠤᠨ ᠠᠴᠠ ᠲᠡᠭᠡᠭᠰᠢ ᠨᠠᠰᠤᠳᠠᠶᠢᠴᠤᠳ ᠢ ᠲᠤᠬᠤᠨᠢᠭᠤᠯᠵᠤ᠂ ᠭᠠᠴᠠᠭᠠᠨ ᠤ ᠵᠠᠯᠠᠭᠤᠴᠤᠳ᠂ ᠡᠮᠡᠭᠳᠡᠶᠢᠴᠤᠳ ᠢ ᠵᠤᠬᠢᠶᠠᠨ ᠪᠠᠶᠢᠭᠤᠯᠤᠨ᠂ ᠱᠠᠭ᠎ᠠ᠂  ᠬᠦᠵᠦᠷ᠂ ᠴᠡᠭᠡ ᠤᠤᠭᠤᠵᠤ ᠤᠷᠤᠯᠳᠤᠬᠤ᠂ ᠬᠤᠪᠴᠠᠰᠤ   ᠡᠮᠦᠰᠴᠤ ᠤᠷᠤᠯᠳᠤᠬᠤ ᠪᠠ ᠮᠡᠳᠡᠯᠭᠡ ᠶᠢᠨ ᠤᠷᠤᠯᠳᠤᠭᠠᠨ ᠵᠡᠷᠭᠡ ᠎ ᠶᠢ ᠦᠷᠨᠢᠭᠦᠯᠵᠦ᠂ ᠦᠷᠭᠡᠨ ᠤᠯᠠᠨ ᠪᠦᠰᠡᠭᠦᠶᠢᠴᠤᠳ ᠤᠨ ᠭᠡᠷ ᠪᠦᠯᠢ ᠳᠡᠭᠡᠨ ᠢᠳᠡᠪᠬᠢᠳᠡᠢ ᠦᠢᠯᠡᠳᠦᠯ ᠪᠠᠳᠠᠷᠠᠭᠤᠯᠬᠤ ᠶᠢ ᠵᠤᠷᠢᠭᠵᠢᠭᠤᠯᠤᠨ᠂《3.8》ᠤᠯᠠᠭᠠᠨ ᠲᠤᠭᠴᠢ᠂ 《ᠬᠠᠮᠤᠭ ᠭᠤᠶᠤ ᠭᠡᠷ ᠪᠦᠯᠢ》᠂《ᠠᠵᠢᠯᠴᠢ ᠠᠷᠪᠢᠴᠢ ᠪᠠᠷ ᠠᠳᠠᠯ ᠠᠮᠢᠳᠤᠷᠠᠯ ᠢᠶᠠᠨ ᠪᠤᠰᠬᠠᠭᠰᠠᠨ ᠡᠮᠡᠭᠳᠡᠢ ᠴᠢᠳᠠᠪᠦᠷᠢᠳᠠᠨ》᠂《ᠰᠢᠨ᠎ᠡ ᠶᠢ ᠡᠭᠦᠳᠦᠨ ᠤᠷᠤᠭᠰᠢ ᠲᠠᠪᠰᠢᠭᠰᠠᠨ ᠵᠠᠯᠠᠭᠤ ᠴᠢᠳᠠᠪᠤᠷᠢᠳᠠᠨ》᠂《ᠵᠠᠯᠠᠭᠤ ᠤᠶᠠᠭᠠᠴᠢ》᠂ ᠭᠠᠴᠠᠭᠠᠨ ᠤ《ᠰᠢᠯᠢᠳᠡᠭ ᠵᠠᠯᠠᠭᠤ ᠺᠠᠳ᠋ᠷ》ᠵᠡᠷᠭᠡ ᠶᠢ ᠱᠠᠩᠨᠠᠨ ᠬᠦᠬᠢᠭᠦᠯᠪᠡ᠃      ᠠᠵᠢᠯᠯᠠᠭ᠎ᠠ ᠨᠢ ᠵᠠᠯᠠᠭᠤᠴᠤᠳ ᠤᠨ ᠴᠤᠭ ᠵᠤᠯᠪᠠᠭ᠎ᠠ᠂ ᠪᠠᠶᠠᠰᠤᠩᠭᠤᠢ ᠦᠭᠡᠳᠡᠷᠡᠭ ᠰᠠᠶᠢᠨ ᠰᠠᠶᠢᠬᠠᠨ ᠬᠡᠪ ᠰᠤᠷᠳᠠᠯ᠂ ᠮᠠᠯᠵᠢᠬᠤ ᠤᠷᠤᠨ ᠤ ᠤᠯᠠᠨ ᠲᠦᠮᠡᠨ ᠤ ᠢᠳᠡᠪᠬᠢᠳᠡᠢ ᠪᠠᠷ ᠴᠢᠷᠮᠠᠶᠢᠨ ᠲᠠᠪᠰᠢᠬᠤ ᠵᠤᠷᠢᠭ ᠰᠠᠨᠠᠭ᠎ᠠ ᠶᠢ ᠬᠦᠢᠴᠡᠳ ᠢᠯᠡᠷᠡᠭᠦᠯᠵᠦ᠂ ᠦᠷᠭᠡᠨ ᠤᠯᠠᠨ ᠡᠮᠡᠭᠳᠡᠶᠢᠴᠤᠳ ᠤᠨ ᠭᠠᠴᠠᠭᠠᠨ ᠤ ᠤᠶᠤᠨ ᠤ ᠪᠤᠯᠪᠠᠰᠤᠨ ᠤ ᠪᠦᠳᠦᠭᠡᠨ ᠪᠠᠶᠢᠭᠤᠯᠤᠯᠳᠠ ᠳᠤ ᠤᠷᠤᠯᠴᠠᠬᠤ ᠪᠠ ᠵᠠᠯᠠᠭᠤᠴᠤᠳ ᠤᠨ ᠭᠠᠴᠠᠭᠠᠨ ᠤ ᠠᠵᠢᠯᠯᠠᠭ᠎ᠠ ᠳᠤᠮᠳᠠ ᠭᠤᠤᠯ ᠬᠦᠴᠦᠨ ᠪᠤᠯᠬᠤ ᠢᠳᠡᠪᠬᠢᠵᠢᠯ ᠢ ᠲᠠᠶᠢᠴᠢᠯᠠᠨ᠂ ᠭᠠᠴᠠᠭᠠᠨ ᠤ ᠡᠮᠡᠭᠳᠡᠶᠢᠴᠤᠳ ᠤᠨ ᠲᠦᠯᠦᠭᠡᠯᠡᠭᠴᠢᠳ ᠤᠨ ᠬᠤᠷᠠᠯ᠂ ᠡᠪᠯᠡᠯ ᠎ ᠤᠨ ᠡᠭᠦᠷ ᠤᠨ ᠠᠵᠢᠯ ᠤᠨ ᠰᠢᠨ᠎ᠡ ᠨᠢᠭᠡᠨ ᠱᠠᠳᠤᠨ ᠳᠤ ᠲᠠᠪᠰᠢᠬᠤ ᠶᠢ ᠠᠬᠢᠭᠤᠯᠤᠭᠰᠠᠨ ᠪᠠᠶᠢᠨ᠎ᠠ᠃
 
ᠢᠷᠡᠯᠲᠡ᠄ ᠭᠠᠬᠢᠯ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号