ᠦᠨᠳᠦᠰᠦᠨ ᠨᠠᠰᠤᠵᠢᠯ ᠤᠨ ᠲᠠᠭᠠᠳᠬᠠᠯ ᠵᠢᠴᠢ ᠬᠤᠷᠰᠢᠭᠰᠠᠨ ᠡᠮᠨᠡᠯᠭᠡ ᠶᠢᠨ ᠲᠠᠭᠠᠳᠬᠠᠯ ᠤᠨ ᠠᠵᠢᠯ ᠤᠨ | ᠦᠷ᠎ᠡ ᠪᠦᠳᠦᠮᠵᠢ ᠶᠢ ᠪᠠᠳᠤᠳᠬᠠᠵᠤ᠂ ᠰᠦᠢᠳᠬᠡᠯ ᠬᠤᠷᠢᠶᠠᠬᠤ ᠪᠠ ᠬᠠᠮᠢᠶᠠᠷᠬᠤ ᠠᠵᠢᠯ ᠢ ᠤᠯᠠᠮ ᠴᠢᠩᠭᠠᠳᠬᠠᠬᠤ | ᠶᠢᠨ ᠲᠦᠯᠦᠭᠡ᠂ ᠲᠡᠭᠡᠳᠦ ᠱᠠᠳᠤᠨ ᠤ ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠢ | ᠦᠨᠳᠦᠰᠦᠯᠡᠬᠦ ᠶᠢᠨ ᠬᠠᠮᠳᠤ ᠮᠠᠨ ᠤ ᠰᠤᠮᠤᠨ ᠤ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠵᠤ᠂ 9 ᠰᠠᠷ᠎ᠠ ᠶᠢᠨ | 11 ᠡᠳᠦᠷ ᠠᠴᠠ ᠡᠬᠢᠯᠡᠵᠦ᠂ ᠪᠦᠳᠦᠮᠵᠢᠳᠡᠢ ᠠᠷᠭ᠎ᠠ ᠠᠪᠴᠤ᠂ ᠮᠠᠯᠵᠢᠬᠤ ᠤᠷᠤᠨ ᠤ ᠦᠨᠳᠦᠰᠦᠨ ᠨᠠᠰᠤᠵᠢᠯ ᠤᠨ | ᠲᠠᠭᠠᠳᠬᠠᠯ ᠪᠠ ᠬᠤᠷᠰᠢᠭᠰᠠᠨ ᠡᠮᠨᠡᠯᠭᠡ ᠶᠢᠨ ᠰᠦᠢᠳᠬᠡᠯ ᠬᠤᠷᠢᠶᠠᠬᠤ ᠠᠵᠢᠯ ᠢ ᠪᠦᠬᠦ ᠲᠠᠯ᠎ᠠ ᠪᠠᠷ ᠡᠬᠢᠯᠡᠬᠦᠯᠵᠦ᠂ | ᠬᠤᠳᠠ ᠪᠠᠯᠭᠠᠰᠤᠨ ᠤ ᠰᠠᠭᠤᠭᠠᠯᠢ ᠠᠷᠠᠳ ︽ᠦᠳᠡᠯᠬᠦ ᠳᠤ ᠠᠰᠠᠷᠠᠮᠵᠢ ᠲᠠᠢ᠂ ᠡᠪᠡᠳᠴᠢᠯᠡᠬᠦ ᠳᠤ ᠡᠮᠴᠢᠯᠡᠭᠡ ᠲᠠᠢ︾ | ᠪᠤᠯᠬᠤ ᠶᠢ ᠪᠡᠶᠡᠯᠡᠭᠦᠯᠬᠦ ᠪᠠᠷ ᠵᠤᠷᠢᠪᠡ᠃ | ᠨᠢᠭᠡ ᠳᠤ᠂ ᠵᠤᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠶᠢ | ᠳᠤᠳᠤᠷᠬᠠᠢ ᠪᠤᠯᠭᠠᠪᠠ᠃ ᠨᠠᠰᠤᠵᠢᠯ ᠤᠨ ᠲᠠᠭᠠᠳᠬᠠᠯ ᠪᠠ ᠬᠤᠷᠰᠢᠭᠰᠠᠨ ᠡᠮᠨᠡᠯᠭᠡ ᠶᠢᠨ ᠰᠦᠢᠳᠬᠡᠯ ᠬᠤᠷᠢᠶᠠᠬᠤ | ᠠᠵᠢᠯ ᠤᠨ ᠤᠳᠤᠷᠢᠳᠬᠤ ᠲᠤᠭᠤᠶᠢᠯᠠᠩ ᠪᠠᠶᠢᠭᠤᠯᠵᠤ᠂ ᠰᠦᠢᠳᠬᠡᠯ ᠬᠤᠷᠢᠶᠠᠬᠤ ᠠᠵᠢᠯ ᠢ ᠵᠤᠬᠢᠶᠠᠨ ᠪᠠᠶᠢᠭᠤᠯᠵᠤ | ᠬᠢᠨᠠᠯᠳᠠ ᠲᠠᠯᠪᠢᠬᠤ᠂ ᠪᠤᠳᠠᠳᠠᠢ ᠠᠵᠢᠯ ᠢ ᠶᠠᠪᠤᠭᠳᠠᠭᠤᠯᠬᠤ᠂ ᠠᠵᠢᠯ ᠤᠨ ᠬᠤᠪᠢᠶᠠᠷᠢᠯᠠᠯ ᠤᠨ ᠶᠤᠰᠤᠭᠠᠷ ᠮᠠᠯᠵᠢᠬᠤ | ᠤᠷᠤᠨ ᠤ ᠨᠠᠰᠤᠵᠢᠯ ᠤᠨ ᠲᠠᠭᠠᠳᠬᠠᠯ ᠪᠡ ᠬᠤᠷᠰᠢᠭᠰᠠᠨ ᠡᠮᠨᠡᠯᠭᠡ ᠶᠢᠨ ᠲᠠᠭᠠᠳᠬᠠᠯ ᠤᠨ ᠠᠵᠢᠯ ᠳᠤ ᠵᠢᠯᠤᠭᠤᠳᠤᠮᠵᠢ | ᠪᠤᠯᠤᠨ ᠪᠠᠶᠢᠴᠠᠭᠠᠯᠳᠠ ᠬᠢᠬᠦ ᠶᠢ ᠬᠠᠷᠢᠭᠤᠴᠠᠭᠤᠯᠵᠤ᠂ ᠳᠤᠰᠬᠠᠢ ᠠᠵᠢᠯᠳᠠᠳ ᠢᠶᠠᠷ ᠡᠨᠡ ᠠᠵᠢᠯ ᠢ ᠭᠠᠷᠳᠠᠨ ᠬᠢᠯᠬᠡᠬᠦ | ᠶᠢᠨ ᠬᠠᠮᠳᠤ ᠡᠯ᠎ᠡ ᠭᠠᠴᠠᠭᠠᠨ ᠳᠤ ᠬᠠᠷᠠᠭᠠᠯᠵᠠᠭᠰᠠᠨ ᠠᠵᠢᠯ ᠤᠨ ᠠᠵᠢᠯᠯᠠᠬᠤ ᠪᠠᠶᠢᠭᠤᠯᠤᠮᠵᠢ ᠪᠠᠶᠢᠭᠤᠯᠤᠨ᠂ | ᠨᠢᠭᠡᠳᠦᠯᠳᠡᠢ ᠰᠦᠢᠳᠭᠡᠯ ᠬᠤᠷᠢᠶᠠᠬᠤ ᠠᠵᠢᠯ ᠢ ᠤᠳᠤᠬᠠᠨ ᠤ ᠴᠢᠬᠤᠯᠠ ᠠᠵᠢᠯ ᠪᠤᠯᠭᠠᠨ ᠠᠳᠬᠤᠵᠤ ᠪᠤᠢ᠃ | ᠬᠤᠶᠠᠷ ᠲᠤ᠂ ᠲᠠᠭᠠᠳᠬᠠᠯ ᠤᠨ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠪᠠᠨ ᠴᠢᠩᠭᠠᠳᠬᠠᠵᠤ᠂ ︽ | ᠬᠦᠮᠦᠨ ᠪᠤᠯᠭᠠᠨ ᠲᠠᠭᠠᠳᠬᠠᠯ ᠳᠤ ᠤᠷᠤᠯᠴᠠᠬᠤ︾ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠪᠠ᠃ | LED ᠲᠠᠯᠭᠡᠴᠡ᠂ ᠸᠡᠶᠢᠴᠠᠲ ᠲᠠᠪᠴᠠᠩ ᠵᠡᠷᠭᠡ ᠠᠷᠭ᠎ᠠ ᠬᠡᠯᠪᠡᠷᠢ ᠶᠢ ᠠᠰᠢᠭᠯᠠᠨ᠂ ᠲᠦᠷᠦ ᠶᠢᠨ ᠪᠤᠳᠤᠯᠭ᠎ᠠ ᠶᠢ | ᠦᠷᠭᠡᠨ ᠢᠶᠠᠷ ᠤᠬᠠᠭᠤᠯᠤᠨ᠂ ᠨᠡᠶᠢᠭᠡᠮ ᠤᠨ ᠶᠠᠷᠢᠶ᠎ᠠ ᠬᠡᠯᠡᠯᠴᠡᠭᠡ ᠶᠢ ᠬᠦᠳᠦᠯᠦᠨ ᠵᠢᠯᠤᠭᠤᠳᠪᠠ᠃ ᠲᠠᠭᠠᠳᠬᠠᠯ ᠳᠤ | ᠤᠷᠤᠯᠴᠠᠬᠤ ᠨᠢᠭᠤᠷᠯᠡᠯ᠂ ᠲᠤᠰᠢᠶᠠᠬᠤ ᠰᠦᠢᠳᠬᠡᠯ᠂ ᠪᠠᠳᠤᠯᠠᠭᠠᠨ ᠤ ᠵᠠᠷᠴᠢᠮ᠂ ᠨᠦᠬᠦᠪᠦᠷᠢ ᠶᠢᠨ ᠪᠠᠷᠢᠮᠵᠢᠶ᠎ᠠ᠂ | ᠨᠦᠬᠦᠪᠦᠷᠢ ᠤᠯᠭᠤᠬᠤ ᠶᠠᠪᠤᠴᠠ ᠵᠡᠷᠭᠡ ᠤᠯᠠᠨ ᠲᠦᠮᠡᠨ ᠤ ᠠᠩᠬᠠᠷᠴᠤ ᠬᠠᠯᠠᠮᠵᠢᠯᠠᠳᠠᠭ ᠠᠰᠠᠭᠤᠳᠠᠯ ᠢ ᠬᠦᠨᠳᠦᠳᠬᠡᠨ | ᠦᠵᠡᠵᠦ᠂ ᠠᠰᠠᠭᠤᠳᠠᠯ ᠳᠤ ᠴᠢᠭᠯᠡᠭᠦᠯᠦᠨ᠂ ᠲᠠᠭᠠᠳᠬᠠᠯ ᠳᠤ ᠤᠷᠤᠯᠴᠠᠬᠤ ᠲᠦᠷᠦ ᠶᠢᠨ ᠪᠤᠳᠤᠯᠭ᠎ᠠ ᠪᠠ ᠪᠤᠳᠠᠳᠤ | ᠠᠰᠢᠭ ᠢ ᠭᠦᠨᠵᠡᠭᠡᠢ ᠤᠶᠢᠯᠠᠭᠠᠮᠵᠢᠳᠠᠢ ᠲᠠᠶᠢᠯᠪᠤᠷᠢᠯᠠᠨ᠂ ᠮᠠᠯᠴᠢᠨ ᠲᠦᠮᠡᠨ ᠤ ᠲᠠᠭᠠᠳᠬᠠᠯ ᠳᠤ ᠤᠷᠤᠯᠴᠠᠬᠤ | ᠢᠳᠡᠪᠬᠢᠵᠢᠯ ᠢ ᠲᠠᠶᠢᠴᠢᠯᠠᠵᠦ ᠪᠤᠢ᠃ | ᠤᠳᠤᠬᠠᠨ ᠳᠤ᠂ ᠭᠠᠬᠢᠯ ᠰᠤᠮᠤᠨ ᠤ ᠮᠠᠯᠵᠢᠬᠤ ᠤᠷᠤᠨ ᠤ ᠦᠨᠳᠦᠰᠦᠨ ᠨᠠᠰᠤᠵᠢᠯ ᠤᠨ ᠲᠠᠭᠠᠳᠬᠠᠯ᠂ | ᠬᠤᠷᠰᠢᠭᠰᠠᠨ ᠡᠮᠨᠡᠯᠭᠡ ᠶᠢᠨ ᠰᠦᠢᠳᠬᠡᠯ ᠬᠤᠷᠢᠶᠠᠬᠤ ᠠᠵᠢᠯ ᠶᠠᠭ ᠶᠠᠭᠠᠷᠠᠯᠳᠠᠢ ᠪᠦᠭᠡᠳ ᠤᠷᠤᠭᠰᠢᠳᠠᠢ ᠶᠠᠪᠤᠭᠳᠠᠵᠤ | ᠪᠠᠶᠢᠬᠤ ᠮᠦᠷᠳᠡᠭᠡᠨ 12 ᠰᠠᠷ᠎ᠠ ᠶᠢᠨ 20 ᠡᠳᠦᠷ ᠠᠴᠠ ᠡᠮᠦᠨ᠎ᠡ ᠲᠠᠭᠤᠰᠬᠠᠬᠤ ᠪᠠᠷ ᠲᠦᠯᠦᠪᠯᠡᠵᠦ ᠪᠠᠶᠢᠨ᠎ᠠ᠃ |