ᠭᠠᠬᠢᠯ ᠰᠤᠮᠤ  ︽ᠲᠠᠯ᠎ᠠ ᠨᠤᠳᠤᠭ ᠤᠨ ᠬᠦᠪᠡᠭᠦᠳ ᠦᠬᠢᠳ ᠡᠪ ᠬᠠᠮᠳᠤ ᠨᠠᠮ ᠲᠠᠢ ᠪᠠᠨ ᠡᠯᠢᠭᠡ ᠵᠢᠷᠦᠬᠡᠨ ᠤ ᠤᠶᠠᠭᠠᠳᠠᠢ᠂ ᠰᠢ ᠶᠢᠨ ᠫᠢᠡᠭ ᠶᠡᠷᠦᠩᠬᠡᠢ ᠱᠦᠵᠢ ᠶᠢᠨ ᠴᠢᠬᠤᠯᠡ ᠶᠠᠷᠢᠶᠠᠨ ᠤ ᠵᠤᠷᠢᠭ ᠰᠠᠨᠠᠭ᠎ᠠ ᠶᠢ ᠰᠤᠷᠤᠯᠴᠠᠬᠤ︾  ᠭᠤᠤᠯ ᠰᠡᠳᠦᠪᠳᠦ ᠰᠤᠷᠤᠯᠴᠠᠯᠭ᠎ᠠ ᠶᠢᠨ ᠬᠤᠷᠠᠯ ᠡᠷᠬᠢᠯᠡᠪᠡ
ᠨᠡᠶᠢᠲᠡᠯᠡᠭᠰᠡᠨ ᠴᠠᠭ᠄
2017/9/28
     9 ᠰᠠᠷ᠎ᠠ ᠶᠢᠨ 26᠎ ᠤ ᠡᠳᠦᠷ᠂ ᠭᠠᠬᠢᠯ ᠰᠤᠮᠤ ᠺᠠᠳ᠋ᠷ ᠠᠵᠢᠯᠳᠠᠳ ᠢᠶᠠᠨ ᠵᠤᠬᠢᠶᠠᠨ ᠪᠠᠶᠢᠭᠤᠯᠤᠨ᠂ ︽ᠲᠠᠯ᠎ᠠ ᠨᠤᠳᠤᠭ ᠤᠨ ᠬᠦᠪᠡᠭᠦᠳ ᠦᠬᠢᠳ ᠡᠪ ᠬᠠᠮᠳᠤ ᠨᠠᠮ ᠲᠠᠢ ᠪᠠᠨ ᠡᠯᠢᠬᠡ ᠵᠢᠷᠦᠬᠡᠨ ᠤ ᠤᠶᠠᠭᠠᠳᠠᠢ᠂ ᠰᠢ ᠶᠢᠨ ᠫᠢᠡᠭ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠰᠤᠷᠤᠯᠴᠠᠬᠤ︾ ᠭᠤᠤᠯ ᠰᠡᠳᠦᠪᠳᠦ ᠰᠤᠷᠤᠯᠴᠠᠯᠭ᠎ᠠ ᠶᠢᠨ ᠬᠤᠷᠠᠯ ᠡᠷᠬᠢᠯᠡᠭᠰᠡᠨ ᠪᠠᠶᠢᠨ᠎ᠠ᠃ ᠰᠤᠮᠤᠨ ᠤ ᠤᠳᠤᠷᠢᠳᠬᠤ ᠪᠠᠭ ᠤᠨ ᠭᠡᠰᠢᠭᠦᠳ᠂ ᠡᠯ᠎ᠡ ᠦᠷᠳᠡᠭᠡ ᠰᠠᠯᠪᠤᠷᠢ ᠶᠢᠨ ᠲᠦᠯᠦᠭᠡᠯᠡᠭᠴᠢᠳ ᠰᠤᠷᠤᠯᠴᠠᠯᠭ᠎ᠠ ᠶᠢᠨ ᠠᠵᠢᠯᠯᠠᠭ᠎ᠠ ᠳᠤ ᠤᠷᠤᠯᠴᠠᠪᠠ᠃ ᠰᠤᠮᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠡᠷᠬᠢᠮ ᠨᠦᠬᠦᠷ ᠠᠴᠠ ᠬᠤᠷᠠᠯ ᠢ ᠡᠷᠬᠢᠯᠡᠪᠡ᠃      ᠬᠤᠷᠠᠯ ᠨᠢ ᠰᠢ ᠶᠢᠨ ᠫᠢᠡᠭ ᠶᠡᠷᠦᠩᠭᠡᠢ ᠱᠦᠵᠢ ᠶᠢᠨ ᠦᠪᠦᠷ ᠮᠤᠩᠭᠤᠯ ᠢ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢᠨ ᠲᠤᠭᠤᠷᠢᠨ ᠳᠤ ᠰᠤᠷᠤᠯᠴᠠᠵᠤ᠂  ︽ᠡᠬᠡ ᠤᠯᠤᠰ ᠤᠨ ᠤᠮᠠᠷᠠᠳᠤ ᠬᠢᠯᠢ ᠶᠢᠨ ᠦᠵᠡᠰᠭᠦᠯᠡᠩᠳᠦ ᠰᠠᠶᠢᠬᠠᠨ ᠦᠵᠡᠮᠵᠢ ᠶᠢᠨ ᠱᠤᠭᠤᠮ︾᠎ ᠢ ᠪᠦᠳᠦᠭᠡᠨ ᠪᠠᠶᠢᠭᠤᠯᠬᠤ ᠲᠠᠢ ᠤᠶᠠᠯᠳᠤᠭᠤᠯᠤᠨ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ ᠲᠠᠯᠠᠨ ᠵᠢᠯ ᠤᠨ ᠬᠡᠷᠡᠯ ᠰᠠᠴᠤᠷᠠᠩᠭᠤᠢ ᠲᠡᠦᠬᠡ ᠶᠢ ᠦᠭᠦᠯᠡᠨ᠂ ᠰᠢ ᠶᠢᠨ ᠫᠢᠡᠭ ᠶᠡᠷᠦᠩᠭᠡᠢ ᠱᠦᠵᠢ ᠶᠢᠨ ᠮᠤᠵᠢ ᠶᠠᠮᠤᠨ ᠤ ᠲᠠᠰ ᠤᠨ  ᠤᠳᠤᠷᠢᠳᠤᠯᠭ᠎ᠠ ᠶᠢᠨ ᠳᠤᠰᠬᠠᠢ ᠰᠡᠳᠦᠪᠳᠦ ᠰᠤᠳᠤᠯᠤᠨ ᠶᠠᠷᠢᠯᠴᠠᠬᠤ ᠬᠤᠷᠠᠯ ᠲᠡᠭᠡᠷᠡᠬᠢ ᠴᠢᠬᠤᠯᠠ ᠶᠠᠷᠢᠶᠠᠨ ᠤ ᠭᠤᠤᠯ ᠦᠵᠡᠯ ᠰᠠᠨᠠᠭ᠎ᠠ᠂ ᠭᠤᠤᠯ ᠦᠵᠡᠯᠳᠡ᠂ ᠭᠤᠤᠯ ᠨᠤᠳᠠᠯᠠᠯᠳᠠ᠂ ᠭᠤᠤᠯ ᠠᠷᠭ᠎ᠠ ᠠᠪᠴᠢᠯ ᠢ ᠰᠤᠷᠤᠯᠴᠠᠭᠰᠠᠨ ᠪᠠᠶᠢᠨ᠎ᠠ᠃      ᠬᠤᠷᠠᠯ ᠲᠡᠭᠡᠷ᠎ᠡ᠂ ᠰᠢ ᠶᠢᠨ ᠫᠢᠡᠭ ᠶᠡᠷᠦᠩᠬᠡᠢ ᠱᠦᠵᠢ ᠶᠢᠨ ᠰᠢᠷᠢᠰ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠎ ᠶᠢ ᠰᠤᠷᠤᠯᠴᠠᠨ ᠳᠤᠤᠱᠯᠠᠭᠤᠯᠤᠭᠰᠠᠨ ᠨᠢ ᠬᠦᠨᠳᠦ ᠴᠢᠬᠤᠯᠠ ᠤᠳᠬ᠎ᠠ ᠠᠭᠤᠯᠭ᠎ᠠ  ᠪᠠ ᠠᠯᠤᠰ ᠬᠡᠳᠦ ᠶᠢᠨ ᠨᠦᠯᠦᠭᠡ ᠎ ᠲᠠᠢ ᠶᠤᠮ᠃ ᠰᠤᠮᠤᠨ ᠤ ᠡᠯ᠎ᠡ ᠰᠠᠯᠠᠭ᠎ᠠ ᠮᠦᠴᠢᠷ ᠨᠢ ᠪᠤᠳᠠᠳᠠᠢ ᠲᠠᠢ ᠪᠠᠨ ᠤᠶᠠᠯᠳᠤᠭᠤᠯᠤᠨ᠂ ᠰᠢ ᠶᠢᠨ ᠫᠢᠡᠭ ᠶᠡᠷᠦᠩᠬᠡᠢ ᠱᠦᠵᠢ ᠶᠢᠨ ︽ᠦᠵᠡᠰᠭᠦᠯᠡᠩᠳᠦ ᠰᠠᠶᠢᠬᠠᠨ ᠦᠪᠦᠷ ᠮᠤᠩᠭᠤᠯ ᠢ ᠪᠦᠳᠦᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠬᠦᠰᠡᠯᠡᠩ ᠢᠶᠠᠨ ᠬᠠᠮᠳᠤ ᠪᠠᠷ ᠲᠡᠷᠭᠡᠯᠰᠢᠬᠦᠯᠦᠶ᠎ᠡ︾ ᠬᠡᠬᠦ ᠭᠤᠤᠯ ᠱᠤᠭᠤᠮ᠂ ᠶᠠᠷᠢᠶᠠᠨ ᠤ ᠵᠤᠷᠢᠭ ᠰᠠᠨᠠᠭ᠎ᠠ ᠶᠢ ᠰᠤᠷᠤᠯᠴᠠᠨ ᠤᠯᠠᠮᠵᠢᠯᠠᠬᠤ ᠪᠠᠷ ᠬᠦᠳᠡᠯᠭᠡᠭᠴᠢ ᠬᠦᠴᠦᠨ ᠪᠤᠯᠭᠠᠵᠤ᠂ ᠨᠠᠷᠢᠨ ᠨᠢᠮᠪᠡᠢ ᠵᠤᠬᠢᠶᠠᠨ ᠪᠠᠶᠢᠭᠤᠯᠵᠤ᠂ ᠰᠤᠷᠤᠯᠴᠠᠬᠤ ᠦᠷᠨᠢᠯᠳᠠ ᠶᠢ ᠪᠤᠢ ᠪᠤᠯᠭᠠᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ᠂ ᠡᠬᠡ ᠤᠯᠤᠰ ᠤᠨ ᠤᠮᠠᠷᠠᠳᠤ ᠬᠢᠯᠢ ᠶᠢᠨ ᠦᠵᠡᠰᠭᠦᠯᠡᠩᠳᠦ  ᠰᠠᠶᠢᠬᠠᠨ ᠦᠵᠡᠮᠵᠢ ᠶᠢᠨ  ᠱᠤᠭᠤᠮ ᠢ ᠪᠠᠶᠢᠭᠤᠯᠬᠤ ᠳᠤ ᠨᠡᠩ ᠶᠡᠭᠡ ᠬᠤᠪᠢ ᠨᠡᠮᠡᠷᠢ ᠪᠠᠨ ᠦᠵᠡᠭᠦᠯᠬᠦ ᠪᠤᠯᠤᠨ᠎ᠠ᠃
 
ᠢᠷᠡᠯᠲᠡ᠄ ᠭᠠᠬᠢᠯ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号