ᠰᠠᠮᠠᠢ ᠰᠤᠮᠤᠨ ᠤ ᠬᠠᠤᠯᠢ ᠴᠠᠭᠠᠵᠠ ᠶᠢᠨ ᠰᠠᠯᠪᠤᠷᠢ ᠸᠢᠴᠠᠸ᠋ᠲ ᠲᠠᠪᠴᠠᠩ ᠢᠶᠠᠷ ᠬᠠᠤᠯᠢ ᠲᠦᠬᠡᠮᠡᠯᠵᠢᠬᠡᠯᠬᠦ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2017/9/7
     2017 ᠤᠨ ᠤ9 ᠰᠠᠷ᠎ᠠ ᠶᠢᠨ1᠎ ᠤ᠂ ᠪᠦᠬᠦ ᠬᠤᠰᠢᠭᠤᠨ ᠤ ᠦᠨᠳᠦᠰᠦᠨ ᠱᠠᠲᠤᠨ ᠤ ᠬᠠᠤᠯᠢ  ᠪᠠᠷ ᠵᠠᠰᠠᠬᠤ ᠪᠦᠲᠦᠭᠡᠨ ᠪᠠᠶᠢᠭᠤᠯᠬᠤ ᠠᠵᠢᠯ ᠤᠨ ᠠᠬᠤᠢ ᠲᠠᠯᠠᠪᠠᠢ ᠶᠢᠨ ᠬᠤᠷᠠᠯ᠂ ᠪᠦᠬᠦ ᠬᠤᠰᠢᠭᠤᠨ ᠤ ᠦᠨᠳᠦᠰᠦᠨ ᠱᠠᠲᠤᠨ ᠤ ᠬᠠᠤᠯᠢ  ᠪᠠᠷ ᠵᠠᠰᠠᠬᠤ ᠠᠵᠢᠯ ᠤᠨ  ᠲᠦᠯᠬᠢᠨ ᠠᠬᠢᠭᠤᠯᠬᠤ ᠬᠤᠷᠠᠯ ᠵᠢᠴᠢ  ︿︿ ᠪᠦᠬᠦ ᠬᠤᠰᠢᠭᠤᠨ ‍ᠤ‌ᠦᠨᠳᠦᠰᠦᠨ ᠱᠠᠲᠤᠨ ᠤ ᠬᠠᠤᠯᠢ  ᠪᠠᠷ ᠵᠠᠰᠠᠬᠤ2017 —2019 ᠤᠨ ᠤ ᠪᠦᠲᠦᠭᠡᠨ ᠪᠠᠶᠢᠭᠤᠯᠬᠤ ᠠᠵᠢᠯ ᠤᠨ ᠲᠦᠯᠦᠪᠯᠡᠯᠬᠡ﹀ ﹀᠎ ᠶᠢᠨ ᠱᠠᠭᠠᠷᠲᠠᠯᠭ᠎ᠠ ᠶᠤᠰᠤᠭᠠᠷ᠂ ᠪᠢᠳᠡ ᠨᠠᠷᠢᠨ ᠬᠢᠨᠠᠮᠠᠭᠠᠢ ᠲᠤᠤᠱᠠᠯᠠᠭᠤᠯᠤᠨ ᠬᠡᠷᠡᠭᠵᠢᠭᠦᠯᠵᠦ᠂  ᠰᠢᠯᠢ ᠶᠢᠨ ᠭᠤᠤᠯ ᠠᠶᠢᠮᠠᠭ ᠤᠨ 12348 ᠬᠠᠤᠯᠢ ᠴᠠᠭᠠᠵᠠ ᠶᠢᠨ ᠦᠢᠯᠡᠴᠢᠯᠡᠬᠡᠨ ᠤ ᠬᠠᠯᠠᠭᠤᠨ ᠤᠲᠠᠰᠤ᠂ ᠸᠢᠴᠠᠸ᠋ᠲ ᠲᠠᠪᠴᠠᠩ᠂ ᠲᠠᠯ᠎ᠠ ᠨᠤᠲᠤᠭ ᠤᠨ110 ᠭᠠᠷ ᠤᠲᠠᠰᠤᠨ ᠤAPP ᠵᠡᠷᠬᠡ ᠲᠠᠪᠴᠠᠩ ᠢ ᠲᠦᠬᠡᠮᠡᠯᠵᠢᠭᠦᠯᠦᠨ ᠤᠬᠠᠭᠤᠯᠵᠤ᠂ ᠮᠠᠯᠴᠢᠨ ᠲᠦᠮᠡᠨ ᠢ ᠡᠳᠡᠭᠡᠷ ᠮᠠᠯᠴᠢᠳ ᠤᠨ ᠠᠮᠢᠲᠤᠷᠠᠯ ᠲᠠᠢ ᠨᠢᠭᠲᠠ ᠬᠤᠯᠪᠤᠭᠠᠲᠠᠢ ᠬᠠᠯᠠᠭᠤᠨ ᠤᠲᠠᠰᠤ  ᠂ ᠸᠢᠴᠠᠸ᠋ᠲ ᠲᠠᠪᠴᠠᠩ ᠢ ᠤᠶᠢᠯᠠᠭᠠᠵᠤ᠂ ᠠᠰᠢᠭᠯᠠᠨ ᠬᠡᠷᠡᠭᠯᠡᠵᠦ  ᠴᠢᠳᠠᠬᠤ ᠪᠠᠷ  ᠪᠤᠯᠭᠠᠨ᠂ ᠦᠪᠡᠷ ᠤᠨ ᠡᠷᠬᠡ ᠠᠰᠢᠭ ᠢᠶᠠᠨ ᠬᠠᠮᠠᠭᠠᠯᠠᠵᠤ ᠴᠢᠲᠠᠬᠤ ᠠᠷᠭ᠎ᠠ ᠵᠠᠮ ᠢ ᠨᠡᠮᠡᠭᠳᠡᠭᠦᠯᠪᠡ᠃      9 ᠰᠠᠷ᠎ᠠ1᠎ ᠤ ᠡᠲᠦᠷ᠂  ᠰᠠᠮᠠᠢ ᠰᠤᠮᠤᠨ ᠤ ᠬᠠᠤᠯᠢ ᠴᠠᠭᠠᠵᠠ ᠶᠢᠨ ᠰᠠᠯᠪᠤᠷᠢ ᠨᠢ ᠸᠢᠴᠠᠸ᠋ᠲ ᠲᠠᠪᠴᠠᠩ ᠪᠡᠷ‌ᠬᠠᠤᠯᠢ ᠲᠦᠬᠡᠮᠡᠯᠵᠢᠭᠦᠯᠬᠦ ᠠᠵᠢᠯᠯᠠᠭ᠎ᠠ  ᠶᠠᠪᠤᠭᠳᠠᠭᠤᠯᠪᠠ᠂ ᠠᠵᠢᠯᠯᠠᠭᠠᠨ ᠤ ᠬᠡᠯᠪᠡᠷᠢ ᠨᠢ ᠰᠠᠮᠠᠢ ᠰᠤᠮᠤᠨ ᠤ ᠨᠠᠮ ᠵᠠᠰᠠᠭ ᠤᠨ ᠺᠠᠳ᠋ᠷ ᠤᠨ ᠸᠢᠴᠠᠸ᠋ᠲ ᠬᠤᠯᠪᠤᠭ᠎ᠠ᠂ 7 ᠭᠠᠴᠠᠭᠠᠨ ᠤ ᠸᠢᠴᠠᠸ᠋ᠲ ᠬᠤᠯᠪᠤᠭ᠎ᠠ ᠳᠤ  ᠂ ᠰᠢᠯᠢ ᠶᠢᠨ ᠭᠤᠤᠯ ᠠᠶᠢᠮᠠᠭ ᠤᠨ12348 ᠬᠠᠤᠯᠢ ᠴᠠᠭᠠᠵᠠ ᠶᠢᠨ ᠦᠢᠯᠡᠴᠢᠯᠡᠬᠡᠨ ᠤ ᠬᠠᠯᠠᠭᠤᠨ ᠤᠲᠠᠰᠤ᠂ ᠸᠢᠴᠠᠸ᠋ᠲ ᠲᠠᠪᠴᠠᠩ ᠶᠢᠨ ᠮᠡᠷᠬᠡᠨ ᠴᠤᠬᠤᠷ  ᠂ ᠲᠠᠯ᠎ᠠ ᠨᠤᠲᠤᠭ ᠤᠨ110 ᠭᠠᠷ ᠤᠲᠠᠰᠤᠨ ᠤAPP ᠵᠡᠷᠬᠡ ᠲᠠᠪᠴᠠᠩ ᠢ ᠲᠦᠬᠡᠮᠡᠯᠵᠢᠭᠦᠯᠦᠨ ᠤᠬᠠᠭᠤᠯᠬᠤ ᠬᠡᠯᠪᠡᠷᠢ ᠳ᠋᠊ ᠪᠠᠷ ᠶᠠᠪᠤᠭᠳᠠᠭᠤᠯᠪᠠ᠃ ᠲᠤᠰ ᠤᠲᠠᠭᠠᠨ ᠤ  ᠠᠵᠢᠯᠯᠠᠭᠠᠨ ᠢᠶᠠᠷ ᠲᠠᠮᠵᠢᠵᠤ᠂ ᠦᠨᠳᠦᠰᠦᠨ ᠱᠠᠲᠤᠨ ᠤ ᠬᠠᠤᠯᠢ ᠪᠠᠷ ᠵᠠᠰᠠᠬᠤ ᠦᠵᠡᠯ  ᠤᠬᠠᠮᠰᠠᠷ ᠳᠡᠭᠡᠭᠰᠢᠯᠡᠨ᠂ ᠬᠢᠯᠢ ᠬᠢᠵᠠᠭᠠᠷ ᠤᠷᠤᠨ ᠤ ᠮᠠᠯᠴᠢᠨ ᠲᠦᠮᠡᠨ᠂ ᠰᠢᠯᠢ ᠶᠢᠨ ᠭᠤᠤᠯ ᠠᠶᠢᠮᠠᠭ ᠤᠨ12348 ᠬᠠᠤᠯᠢ ᠴᠠᠭᠠᠵᠠ ᠶᠢᠨ ᠦᠢᠯᠡᠴᠢᠯᠡᠬᠡᠨ ᠤ ᠬᠠᠯᠠᠭᠤᠨ ᠤᠲᠠᠰᠤ᠂ ᠸᠢᠴᠠᠸ᠋ᠲ ᠲᠠᠪᠴᠠᠩ  ᠂ ᠲᠠᠯ᠎ᠠ ᠨᠤᠲᠤᠭ ᠤᠨ110 ᠭᠠᠷ ᠤᠲᠠᠰᠤᠨ ᠤAPP ᠵᠡᠷᠬᠡ ᠲᠠᠪᠴᠠᠩ ᠢ ᠤᠶᠢᠯᠠᠭᠠᠨ ᠮᠡᠳᠡᠵᠤ᠂ ᠬᠡᠷᠡᠭᠯᠡᠨ ᠰᠤᠷᠴᠤ᠂  ᠦᠪᠡᠷ ᠤᠨ ᠬᠠᠤᠯᠢ ᠶᠤᠰᠤᠨ ᠤ ᠡᠷᠬᠡ ᠠᠰᠢᠭ ᠢᠶᠠᠨ ᠬᠠᠮᠠᠭᠠᠯᠠᠬᠤ ᠠᠷᠭ᠎ᠠ ᠵᠠᠮ ᠢᠶᠠᠨ ᠨᠡᠮᠡᠭᠳᠡᠭᠦᠯᠦᠭᠰᠡᠨ ᠪᠠᠶᠢᠨ᠎ᠠ᠃      12348 ᠪᠤᠯ ᠪᠦᠬᠦ ᠤᠯᠤᠰ ᠤᠨ ᠨᠢᠬᠡᠲᠦᠯᠲᠠᠢ ᠬᠠᠤᠯᠢ ᠴᠠᠭᠠᠵᠠ ᠶᠢᠨa ᠵᠠᠰᠠᠭ ᠵᠠᠬᠢᠷᠭᠠᠨ ᠤ ᠦᠢᠯᠡᠴᠢᠯᠡᠬᠡᠨ ᠤ ᠤᠲᠠᠰᠤ ᠪᠤᠯᠤᠨ᠎ᠠ᠃ ᠲᠡᠷᠡ ᠨᠢ ᠤᠯᠠᠨ ᠲᠦᠮᠡᠨ ᠳᠤ ᠦᠨ᠎ᠡ  ᠲᠦᠯᠦᠪᠦᠷᠢ ᠦᠬᠡᠢ ᠪᠠᠷ ᠬᠠᠤᠯᠢ ᠴᠠᠭᠠᠵᠠ ᠶᠢᠨ ᠵᠦᠪᠯᠡᠯᠬᠡ ᠦᠭᠬᠦ ᠪᠤᠶᠤ ᠬᠠᠤᠯᠢ ᠴᠠᠭᠠᠵᠠ ᠶᠢᠨ ᠳᠤᠰᠠᠯᠠᠮᠵᠢ ᠬᠠᠩᠭᠠᠳᠠᠭ᠃ ᠰᠢᠯᠢ ᠶᠢᠨ ᠭᠤᠤᠯ ᠠᠶᠢᠮᠠᠭ ᠤᠨ12348 ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠬᠡᠨ ᠤ ᠲᠠᠪᠴᠠᠩ ᠨᠢ ᠪᠦᠬᠦ ᠤᠯᠤᠰ ᠤᠨ ᠠᠩᠬᠠᠳᠤᠭᠴᠢ ᠮᠤᠩᠭᠤᠯ ᠬᠢᠲᠠᠳ ᠬᠤᠶᠠᠷ ᠬᠡᠯᠡ ᠪᠠᠷ ᠦᠢᠯᠡᠴᠢᠯᠡᠲᠡᠭ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠬᠡᠨ ᠤ ᠲᠠᠪᠴᠠᠩ ᠪᠤᠯᠤᠭᠰᠠᠨ ᠤ ᠬᠤᠪᠢ ᠳᠤ 2015 ᠤᠨ 1 ᠰᠠᠷ᠎ᠠ ᠶᠢᠨ15᠎ ᠤ ᠡᠲᠦᠷ ᠲᠤ ᠠᠩᠬ᠎ᠠ ᠪᠠᠶᠢᠭᠤᠯᠤᠭᠳᠠᠭᠰᠠᠨ ᠴᠠᠭ ᠠᠴᠠ ᠪᠠᠨ ᠠᠪᠤᠭᠠᠳ ᠬᠠᠤᠯᠢ ᠶᠢᠨ ᠵᠦᠪᠯᠡᠯᠬᠡ ᠦᠭᠬᠦ᠂ ᠡᠶᠡᠳᠡᠭᠦᠯᠬᠦ  ᠂ ᠲᠤᠮᠢᠯᠠᠨ ᠵᠢᠭᠠᠬᠤ ᠵᠡᠷᠬᠡ ᠦᠨ᠎ᠡ ᠲᠦᠯᠦᠪᠦᠷᠢ ᠦᠬᠡᠢ ᠬᠠᠤᠯᠢ ᠴᠠᠭᠠᠵᠠ ᠶᠢᠨ  ᠦᠢᠯᠡᠴᠢᠯᠡᠭᠡ ᠪᠠᠷ ᠳᠠᠮᠵᠢᠨ ᠮᠠᠰᠢ ᠤᠯᠠᠨ ᠨᠡᠶᠢᠬᠡᠮ ᠤᠨ ᠵᠦᠷᠢᠴᠡᠯ ᠢ ᠰᠢᠳᠪᠦᠷᠢᠯᠡᠭᠰᠡᠨ ᠶᠤᠮ᠃      ᠰᠢᠯᠢ ᠶᠢᠨ ᠭᠤᠤᠯ ᠠᠶᠢᠮᠠᠭ ᠤᠨ12348 ᠬᠠᠤᠯᠢ ᠴᠠᠭᠠᠵᠠ ᠶᠢᠨ ᠦᠢᠯᠡᠴᠢᠯᠡᠬᠡᠨ ᠤ ᠬᠠᠯᠠᠭᠤᠨ ᠤᠲᠠᠰᠤ ᠨᠢ 6 ᠬᠠᠤᠯᠢ ᠶᠢᠨ ᠬᠢᠷᠢ ᠬᠡᠮ ᠲᠠᠢ ᠠᠵᠢᠯᠳᠡᠨ ︵ ᠡᠭᠦᠨ ᠳᠤ 4 ᠬᠠᠤᠯᠢᠴᠢ᠂ ᠠᠵᠢᠯ ᠠᠴᠠ ᠪᠠᠨ ᠠᠮᠠᠷᠠᠭᠰᠠᠨ ᠰᠢᠭᠦᠭᠴᠢ ᠪᠤᠯᠤᠨ᠎ᠠ ᠪᠠᠶᠢᠴᠠᠭᠠᠭᠴᠢ ᠲᠤᠰᠪᠤᠷᠢ 1᠂ ᠮᠤᠩᠭᠤᠯ ᠬᠢᠲᠠᠳ ᠬᠤᠶᠠᠷ ᠬᠡᠯᠡ  ᠎ ᠲᠠᠢ ᠠᠵᠢᠯᠴᠢᠨ3 ᠨᠡᠷ᠎ᠡ︶ ᠎ ᠲᠠᠢ ᠪᠠᠶᠢᠵᠤ᠂ ︿︿12 +7 ᠡᠲᠦᠷ﹀﹀᠎ ᠤᠨ ᠬᠡᠯᠪᠡᠷᠢ ᠪᠠᠷ ᠤᠯᠠᠨ ᠲᠦᠮᠡᠨ ᠳᠤ ᠦᠨ᠎ᠡ ᠲᠦᠯᠦᠪᠦᠷᠢ ᠦᠬᠡᠢ ᠬᠠᠤᠯᠢ ᠴᠠᠭᠠᠵᠠ ᠶᠢᠨ ᠵᠦᠪᠯᠡᠯᠬᠡ ᠦᠭᠳᠡᠭ᠃      ᠲᠠᠨ ᠳᠤ ᠬᠡᠷᠪᠡ ᠬᠠᠤᠯᠢ ᠴᠠᠭᠠᠵᠠ ᠶᠢᠨ ᠠᠰᠠᠭᠤᠳᠠᠯ ᠳᠠᠭᠠᠷᠠᠯᠲᠤᠪᠠᠯ 12348 ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠬᠡᠨ ᠤ ᠤᠲᠠᠰᠤ ᠪᠠᠷ ᠶᠠᠷᠢᠵᠤ ᠵᠦᠪᠯᠡᠯᠬᠡ ᠠᠪᠤᠭᠠᠷᠠᠢ︕
 
ᠢᠷᠡᠯᠲᠡ᠄ ᠰᠠᠮᠠᠢ ᠰᠣᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号