ᠲᠡᠯᠡᠭᠡᠢ ᠴᠢᠮᠡᠭᠰᠡᠨ ᠲᠡᠯᠭᠡᠷ ᠮᠤᠩᠭᠤᠯ ᠤᠶᠤᠳᠠᠯ
ᠨᠡᠶᠢᠲᠡᠯᠡᠭᠰᠡᠨ ᠴᠠᠭ᠄
2018/1/29
                      ᠲᠡᠯᠡᠭᠡᠢ ᠴᠢᠮᠡᠭᠰᠡᠨ ᠲᠡᠯᠭᠡᠷ ᠮᠤᠩᠭᠤᠯ ᠤᠶᠤᠳᠠᠯ      ᠵᠠᠬᠦᠨ ᠥᠵᠥᠮᠥᠴᠢᠨ ᠬᠤᠰᠢᠭᠤᠨ ᠤ ᠠᠷᠪᠠᠨ ᠬᠤᠶᠠᠳᠤᠭᠠᠷ ᠬᠤᠭᠤᠴᠠᠭᠠᠨ ᠪ᠊ ︽ᠮᠥᠡᠭᠬᠦᠨ ᠥᠵᠥᠮᠥᠴᠢᠨ︾ ᠡᠪᠤᠯ ᠤᠨ ᠨᠠᠭᠠᠳᠣᠮ ᠤᠨ ᠰᠢᠷᠢᠰ ᠠᠵᠢᠯᠯᠠᠭ᠎ᠠ ᠶᠢᠨ ᠨᠢᠭᠡ ᠪᠤᠯᠬᠤ ᠵᠡᠭᠦᠨ ᠦᠵᠦᠮᠦᠴᠢᠨ ᠬᠤᠰᠢᠭᠤᠨ ᠤ ᠲᠤᠯᠤᠳᠤᠭᠠᠷ ᠬᠤᠭᠤᠴᠠᠭᠠᠨ ᠤ《 ᠦᠵᠦᠮᠦᠴᠢᠨ ᠬᠤᠨᠳᠠᠭᠠᠲᠤ》 ᠡᠪᠦᠯ ᠤᠨ ᠤᠯᠠᠷᠢᠯ ᠤᠨ ᠤᠯᠠᠮᠵᠢᠯᠠᠯᠲᠤ ᠬᠤᠪᠴᠠᠰᠤ ᠵᠠᠰᠠᠯ ᠤᠨ ᠤᠷᠤᠯᠳᠤᠭᠠᠨ 1 ᠰᠠᠷ᠎ᠠ ᠶᠢᠨ25᠎ ᠤ ᠡᠳᠦᠷ ᠵᠡᠭᠦᠨ ᠦᠵᠦᠮᠦᠴᠢᠨ ᠬᠤᠰᠢᠭᠤᠨ ᠤ ᠦᠵᠦᠮᠦᠴᠢᠨ ᠮᠦᠽᠧᠢ ᠳᠤ  ᠨᠢᠵᠢᠭᠢᠷ ᠰᠠᠶᠢᠬᠠᠨ  ᠶᠠᠪᠤᠭᠳᠠᠵᠤ ᠦᠩᠭᠡᠷᠡᠯ᠎ᠡ᠃      ᠲᠤᠰ ᠤᠳᠠᠭᠠᠨ ᠤ ᠤᠷᠤᠯᠳᠤᠭᠠᠨ ᠳᠤ ᠬᠦᠯᠦᠨ ᠪᠤᠶᠢᠷ ᠬᠤᠲᠠ ᠪᠤᠯᠤᠨ ᠮᠠᠨ ᠤ ᠠᠶᠢᠮᠠᠭ ᠤᠨ ᠡᠯ᠎ᠡ ᠬᠤᠰᠢᠭᠤᠳ ᠠᠴᠠ ᠢᠷᠡᠭᠰᠡᠨ 14 ᠲᠤᠭᠤᠶᠢᠯᠠᠩ ᠤᠷᠤᠯᠴᠠᠵᠤ᠂ ᠨᠢᠭᠡ ᠡᠳᠦᠷ ᠤᠨ ᠬᠤᠷᠴᠠ ᠰᠢᠷᠦᠬᠦᠨ ᠮᠦᠷᠦ᠋ᠢᠴᠡᠭᠡᠨ᠂ ᠬᠠᠳᠠᠭᠤ ᠴᠢᠩᠭ᠎ᠠ ᠰᠢᠯᠭᠠᠷᠠᠭᠤᠯᠤᠯᠳᠠ ᠪᠠᠷ ᠲᠠᠮᠵᠢᠨ ᠬᠦᠯᠦᠨ ᠪᠤᠶᠢᠷ ᠬᠤᠲᠠ ᠶᠢᠨ ᠰᠢᠨ᠎ᠡ ᠪᠠᠷᠭᠤ ᠵᠡᠭᠦᠨ ᠬᠤᠰᠢᠭᠤᠨ ᠤ ᠪᠠᠷᠭᠤ ᠬᠤᠪᠴᠠᠰᠤ ᠵᠠᠰᠠᠯ ᠤᠨ ᠨᠡᠶᠢᠭᠡᠮᠯᠢᠭ ᠮᠠᠩᠯᠠᠶᠢᠯᠠᠵᠤ᠂ ᠰᠢᠯᠢ ᠶᠢᠨ ᠭᠤᠤᠯ ᠠᠶᠢᠮᠠᠭ ᠤᠨ ᠬᠠᠰ ᠤᠭᠠᠯᠵᠠ ᠦᠨᠲᠦᠰᠦᠲᠡᠨ ᠤ ᠬᠤᠪᠴᠠᠰᠤ ᠵᠠᠰᠠᠯ ᠤᠨ ᠲᠤᠭᠤᠶᠢᠯᠠᠩ ᠪᠤᠯᠤᠨ ᠵᠡᠭᠦᠨ ᠦᠵᠦᠮᠦᠴᠢᠨ ᠬᠤᠰᠢᠭᠤᠨ ᠎ ᠤ《 ᠤᠷ᠎ᠠ》 ᠡᠮᠡᠭᠲᠠᠶᠢᠴᠤᠳ ᠤᠨ ᠭᠠᠷ ᠤᠷᠠᠯᠠᠯ ᠤᠨ ᠨᠡᠶᠢᠭᠡᠮᠯᠢᠭ ᠤᠨ ᠦᠵᠦᠮᠦᠴᠢᠨ ᠪᠡᠶᠢᠯᠡ ᠬᠤᠪᠴᠠᠰᠤ ᠵᠠᠰᠠᠯ ᠤᠨ ᠲᠤᠭᠤᠶᠢᠯᠠᠩ ᠬᠤᠶᠠᠳᠤᠭᠠᠷ ᠲᠡᠰ ᠲᠤ  ᠲᠤᠲᠤᠷᠠᠨ᠂ ᠦᠪᠦᠷ ᠮᠤᠩᠭᠤᠯ ᠤᠨ ᠦᠨᠳᠦᠰᠦᠲᠡᠨ ᠤ ᠬᠤᠪᠴᠠᠰᠤ ᠵᠠᠰᠠᠯ ᠤᠨ ᠨᠡᠶᠢᠭᠡᠮᠯᠢᠭ ᠤᠨ ᠪᠠᠷᠠᠭᠤᠨ ᠦᠵᠦᠮᠦᠴᠢᠨ ᠬᠤᠰᠢᠭᠤᠨ ᠤ ᠰᠡᠷᠭᠦᠯᠡᠩ ᠦᠨᠳᠦᠰᠦᠲᠡᠨ ᠤ ᠬᠤᠪᠴᠠᠰᠤ ᠵᠠᠰᠠᠯ ᠤᠨ ᠨᠡᠶᠢᠭᠡᠮᠯᠢᠭ᠂ ᠵᠡᠭᠦᠨ ᠦᠵᠦᠮᠦᠴᠢᠨ ᠬᠤᠰᠢᠭᠤᠨ ᠤ《 ᠤᠷᠠᠩᠭᠤᠸ᠎ᠠ》ᠦᠵᠦᠮᠦᠴᠢᠨ ᠤᠯᠠᠮᠵᠢᠯᠠᠯᠲᠤ ᠬᠤᠪᠴᠠᠰᠤ ᠵᠠᠰᠠᠯ ᠤᠨ ᠨᠡᠶᠢᠭᠡᠮᠯᠢᠭ᠂ ᠰᠢᠯᠢ ᠶᠢᠨ ᠭᠤᠤᠯ ᠠᠶᠢᠮᠠᠭ ᠤᠨ ᠭᠡᠭᠡᠨᠴᠢᠷ ᠦᠨᠳᠦᠰᠦᠲᠡᠨ ᠤ ᠬᠤᠪᠴᠠᠰᠤ ᠵᠠᠰᠠᠯ ᠤᠨ ᠲᠤᠭᠤᠶᠢᠯᠠᠩ ᠭᠤᠷᠪᠠᠳᠤᠭᠠᠷ ᠲᠡᠰ ᠲᠤ ᠲᠤᠲᠤᠷᠠᠵᠤ᠂  ᠰᠢᠯᠢᠳᠡᠭ ᠲᠡᠰ ᠲᠤ ᠵᠡᠭᠦᠨ ᠦᠵᠦᠮᠦᠴᠢᠨ ᠬᠤᠰᠢᠭᠤᠨ ᠤ《 ᠤᠷ᠎ᠠ》ᠡᠮᠡᠭᠲᠠᠶᠢᠴᠤᠳ ᠤᠨ ᠭᠠᠷ ᠤᠷᠠᠯᠠᠯ  ᠤᠨ ᠨᠡᠶᠢᠭᠡᠮᠯᠢᠭ ᠤᠨ ᠦᠵᠦᠮᠦᠴᠢᠨ ᠪᠡᠶᠢᠯᠡ ᠬᠤᠪᠴᠠᠰᠤ ᠵᠠᠰᠠᠯ ᠤᠨ ᠲᠤᠭᠤᠶᠢᠯᠠᠩ᠂ ᠬᠦᠯᠦᠨ ᠪᠤᠶᠢᠷ ᠬᠤᠲᠠ ᠶᠢᠨ ᠡᠮᠡᠭᠲᠠᠶᠢᠴᠤᠳ ᠤᠨ ᠭᠠᠷ ᠤᠷᠠᠯᠠᠯ ᠤᠨ ᠨᠡᠶᠢᠭᠡᠮᠯᠢᠭ ᠤᠨ ᠬᠠᠭᠤᠴᠢᠨ ᠪᠠᠷᠭᠤ ᠬᠤᠰᠢᠭᠤᠨ ᠤ ᠤᠳᠤᠮ ᠬᠤᠪᠴᠠᠰᠤ ᠵᠠᠰᠠᠯ ᠤᠨ ᠲᠤᠭᠤᠶᠢᠯᠠᠩ᠂ ᠰᠦᠨᠢᠳ ᠵᠡᠭᠦᠨ ᠬᠤᠰᠢᠭᠤᠨ ᠤ ᠰᠦᠨᠢᠳ ᠬᠤᠪᠴᠠᠰᠤ ᠵᠠᠰᠠᠯ ᠤᠨ ᠨᠡᠶᠢᠭᠡᠮᠯᠢᠭ  ᠲᠤᠲᠤᠷᠠᠨ᠂ ᠡᠯ᠎ᠡ ᠠᠶᠢᠮᠠᠭ ᠤᠭᠰᠠᠭᠠᠳᠠᠨ ᠤ ᠬᠤᠪᠴᠠᠰᠤ ᠵᠠᠰᠠᠯ ᠨᠢ ᠦᠪᠡᠷ ᠦᠪᠡᠷ ᠤᠨ ᠤᠨᠴᠠᠯᠢᠭ ᠰᠢᠨᠵᠢ ᠪᠠᠷ ᠢᠶᠠᠨ ᠮᠤᠩᠭᠤᠯ ᠦᠨᠳᠦᠰᠦᠲᠡᠨ ᠎ ᠤ ᠬᠤᠪᠴᠠᠰᠤ ᠵᠠᠰᠠᠯ ᠤᠨ ᠤᠷᠠᠯᠢᠬ ᠰᠠᠶᠢᠬᠠᠨ᠂ ᠡᠴᠡᠨ᠎ᠡ ᠭᠤᠶᠤᠮᠰᠤᠭ᠂ ᠭᠤᠸ᠎ᠠ ᠲᠦᠷᠬᠦ ᠶᠢ ᠲᠡᠬᠢᠨ ᠨᠢᠭᠡ ᠤᠳᠠᠭ᠎ᠠ ᠤᠯᠠᠨ᠎ᠠ ᠮᠡᠳᠡᠷᠡᠭᠦᠯᠦᠯ᠎ᠡ᠃       ᠤᠷᠤᠯᠳᠤᠭᠠᠨ ᠳᠤ ᠪᠠᠰᠠ ᠠᠷᠪᠠᠨ ᠰᠤᠲᠤᠨ ᠮᠤᠳᠧᠯ᠂ ᠠᠷᠪᠠᠨ ᠰᠢᠯᠢᠳᠡᠭ ᠬᠤᠪᠴᠠᠰᠤ ᠵᠠᠰᠠᠯ᠂ ᠥᠵᠠᠬᠦᠯᠥᠯᠬᠡ ᠶᠢᠨ ᠱᠠᠩᠨᠠᠯ ᠵᠡᠷᠭᠡ ᠲᠦᠷᠦᠯ ᠵᠦᠢᠯ ᠬᠤᠪᠢᠶᠠᠨ ᠱᠠᠩᠨᠠᠨ ᠰᠢᠯᠭᠠᠷᠠᠭᠤᠯᠵᠤ᠂ ᠤᠷᠤᠯᠴᠠᠭᠰᠠᠳ ᠢ ᠤᠷᠮᠠᠰᠢᠶᠠᠨ ᠵᠤᠷᠢᠭᠵᠢᠭᠤᠯᠤᠯ᠎ᠠ᠃
 
ᠢᠷᠡᠯᠲᠡ᠄ ᠤᠬᠠᠭᠤᠯᠬᠤ ᠭᠡᠯᠲᠡᠰ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号