ᠵᠡᠭᠦᠨ ᠦᠵᠦᠮᠦᠴᠢᠨ ᠬᠤᠰᠢᠭᠤᠨ ᠤ ᠡᠪᠦᠯ ᠤᠨ ᠰᠤᠷ ᠬᠠᠷᠪᠤᠯᠲᠠ ᠶᠢᠨ ᠤᠷᠤᠯᠳᠤᠭᠠᠨ ᠳᠤ ᠰᠢᠯᠤᠭᠤᠨ ᠬᠦᠪᠡᠭᠡᠲᠤ ᠴᠠᠭᠠᠨ ᠬᠤᠰᠢᠭᠤ ᠪᠠᠷ ᠨᠤᠲᠤᠭᠲᠠᠢ ᠪᠦᠷᠢᠨᠪᠦᠭᠡ ᠮᠠᠩᠯᠠᠶᠢᠯᠠᠪᠠ
ᠨᠡᠶᠢᠲᠡᠯᠡᠭᠰᠡᠨ ᠴᠠᠭ᠄
2018/1/29
          ᠵᠡᠭᠦᠨ ᠦᠵᠦᠮᠦᠴᠢᠨ ᠬᠤᠰᠢᠭᠤᠨ ᠤ ᠡᠪᠦᠯ ᠤᠨ ᠰᠤᠷ ᠬᠠᠷᠪᠤᠯᠲᠠ ᠶᠢᠨ ᠤᠷᠤᠯᠳᠤᠭᠠᠨ ᠳᠤ ᠰᠢᠯᠤᠭᠤᠨ ᠬᠦᠪᠡᠭᠡᠲᠤ ᠴᠠᠭᠠᠨ ᠬᠤᠰᠢᠭᠤ ᠪᠠᠷ ᠨᠤᠲᠤᠭᠲᠠᠢ ᠪᠦᠷᠢᠨᠪᠦᠭᠡ ᠮᠠᠩᠯᠠᠶᠢᠯᠠᠪᠠ      ᠵᠡᠭᠦᠨ ᠦᠵᠦᠮᠦᠴᠢᠨ ᠬᠤᠰᠢᠭᠤᠨ ᠤ ᠠᠷᠪᠠᠨ ᠬᠤᠶᠠᠳᠤᠭᠠᠷ ᠬᠤᠭᠤᠴᠠᠭᠠᠨ ᠤ《 ᠮᠦᠩᠭᠦᠨ ᠡᠪᠦᠯ ᠤᠨ ᠦᠵᠦᠮᠦᠴᠢᠨ》 ᠡᠪᠦᠯ ᠤᠨ ᠤᠯᠠᠷᠢᠯ ᠤᠨ  ᠨᠠᠭᠠᠳᠦᠮ ᠤᠨ ᠪᠠᠰᠠ ᠨᠢᠭᠡᠨ ᠭᠤᠤᠯ ᠠᠭᠤᠯᠭ᠎ᠠ  ᠪᠤᠯᠬᠤ ᠰᠤᠷ ᠬᠠᠷᠪᠤᠯᠲᠠ ᠶᠢᠨ ᠤᠷᠤᠯᠳᠤᠭᠠᠨ 1 ᠳ᠋ᠦ᠋ᠭᠡᠷ ᠰᠠᠷ᠎ᠠ ᠶᠢᠨ 25᠎ ᠤ ᠡᠳᠦᠷ ᠬᠤᠰᠢᠭᠤ ᠨᠠᠶᠢᠷ ᠤᠨ ᠲᠠᠯᠠᠪᠠᠢ ᠳᠤ ᠶᠠᠪᠤᠭᠳᠠᠯ᠎ᠠ᠃      ᠡᠷᠡᠭᠡᠢ ᠮᠡᠷᠭᠡᠨ ᠬᠠᠷᠪᠤᠭᠠᠴᠢᠳ ᠤᠨ ᠡᠷᠴᠢ ᠬᠦᠴᠦ ᠶᠢ ᠰᠢᠯᠭᠠᠵᠤ᠂ ᠡᠷᠡᠮᠡᠭᠡᠢ ᠴᠡᠴᠡᠨ ᠨᠠᠮᠨᠠᠭᠠᠴᠢᠳ ᠤᠨ ᠤᠬᠠᠭᠠᠨ ᠲᠠᠮᠢᠷ ᠢ ᠰᠤᠷᠢᠭᠰᠠᠨ ᠡᠨᠡᠬᠦ ᠤᠷᠤᠯᠳᠤᠭᠠᠨ ᠳᠤ ᠵᠡᠭᠦᠨ ᠦᠵᠦᠮᠦᠴᠢᠨ ᠬᠤᠰᠢᠭᠤᠨ ᠤ ᠰᠤᠷᠴᠢᠳ ᠠᠴᠠ ᠭᠠᠳᠠᠨ᠎ᠠ᠂ ᠭᠦᠯᠦᠨ ᠪᠤᠶᠢᠷ ᠬᠤᠳᠠ᠂ ᠰᠢᠯᠤᠭᠤᠨ ᠬᠦᠪᠡᠭᠡᠲᠤ ᠴᠠᠭᠠᠨ ᠬᠤᠰᠢᠭᠤ᠂ ᠠᠪᠠᠭ᠎ᠠ ᠬᠤᠰᠢᠭᠤ᠂ ᠰᠦᠨᠢᠳ ᠵᠡᠭᠦᠨ ᠬᠤᠰᠢᠭᠤ᠂  ᠪᠠᠷᠠᠭᠤᠨ ᠦᠵᠦᠮᠦᠴᠢᠨ ᠬᠤᠰᠢᠭᠤ᠂  ᠰᠢᠯᠤᠭᠤᠨ ᠬᠦᠬᠡ ᠬᠤᠰᠢᠭᠤ᠂ ᠤᠯᠠᠭᠠᠨᠬᠠᠳᠠ᠂ ᠡᠷᠢᠶᠡᠨ ᠬᠤᠳᠠ᠂ ᠮᠤᠩᠭᠤᠯ ᠤᠯᠤᠰ ᠤᠨ ᠰᠦᠬᠡᠪᠠᠭᠠᠲᠤᠷ ᠠᠶᠢᠮᠠᠭ ᠵᠡᠷᠭᠡ ᠬᠤᠯᠠ ᠤᠶᠢᠷ᠎ᠠ ᠶᠢᠨ 200 ᠭᠠᠷᠤᠢ ᠬᠠᠷᠪᠤᠭᠠᠴᠢᠳ ᠴᠤᠭᠯᠠᠵᠠᠭᠠᠵᠤ᠂ ᠰᠢᠯᠤᠭᠤᠨ ᠬᠦᠪᠡᠭᠡᠲᠤ ᠴᠠᠭᠠᠨ ᠬᠤᠰᠢᠭᠤᠨ ᠤ ᠪᠦᠷᠢᠨᠪᠦᠭᠡ  ᠮᠠᠩᠯᠠᠢ ᠰᠢᠭᠦᠷᠴᠦ᠂ ᠵᠡᠭᠦᠨ ᠦᠵᠦᠮᠦᠴᠢᠨ ᠬᠤᠰᠢᠭᠤᠨ ᠤ ᠴᠤᠭᠪᠠᠭᠠᠲᠤᠷ ᠳᠡᠳ᠋ᠯᠡᠨ᠂ ᠬᠦᠯᠦᠨ ᠪᠤᠶᠢᠷ ᠤᠨ ᠮᠦᠷᠡᠨ ᠭᠤᠳᠤᠭᠠᠷ ᠲᠤ᠂ ᠵᠡᠭᠦᠨ ᠦᠵᠦᠮᠦᠴᠢᠨ ᠤ ᠪᠤᠶᠠᠨᠬᠡᠰᠢᠭ ᠳᠦᠲᠦᠭᠡᠷ ᠲᠤ ᠲᠤᠰ ᠲᠤᠰ ᠲᠤᠳᠤᠷᠠᠵᠤ᠂ ᠬᠤᠪᠢ ᠶᠢᠨ ᠳᠠᠷᠠᠭᠠᠯᠠᠯ ᠢᠶᠠᠷ ᠨᠢ ᠳᠡᠭᠡᠳᠦ ᠭᠤᠴᠢᠨ ᠬᠤᠶᠠᠷ ᠤᠨ ᠰᠤᠷᠴᠢᠳ ᠢᠶᠠᠨ ᠱᠠᠩᠨᠠᠨ ᠵᠤᠷᠢᠭᠵᠢᠭᠤᠯᠤᠭᠰᠠᠨ ᠪᠠᠶᠢᠨ᠎ᠠ᠃
 
ᠢᠷᠡᠯᠲᠡ᠄ ᠤᠬᠠᠭᠤᠯᠬᠤ ᠭᠡᠯᠲᠡᠰ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号