ᠵᠡᠬᠦᠨ ᠦᠵᠦᠮᠦᠴᠢᠨ‌ᠬᠤᠰᠢᠭᠤᠨ ᠤ ᠪᠦᠬᠡ ᠶᠢᠨ ᠳᠡᠮᠡᠴᠡᠬᠡᠨ ᠳᠤ ᠰᠠᠨᠢᠴᠢᠷ ᠮᠠᠩᠯᠠᠶᠢᠯᠠᠪᠠ
ᠨᠡᠶᠢᠲᠡᠯᠡᠭᠰᠡᠨ ᠴᠠᠭ᠄
2018/1/29
          ᠵᠡᠬᠦᠨ ᠦᠵᠦᠮᠦᠴᠢᠨ‌ᠬᠤᠰᠢᠭᠤᠨ ᠤ ᠪᠦᠬᠡ ᠶᠢᠨ ᠳᠡᠮᠡᠴᠡᠬᠡᠨ ᠳᠤ ᠰᠠᠨᠢᠴᠢᠷ ᠮᠠᠩᠯᠠᠶᠢᠯᠠᠪᠠ      ᠬᠦᠢᠳᠡᠨ ᠤ ᠡᠷᠴᠢ ᠴᠢᠩᠭᠠᠷᠠᠭᠰᠠᠨ 1 ᠳ᠋ᠣᠭᠡᠷ ᠰᠠᠷ᠎ᠠ ᠶᠢᠨ 24 ᠤ ᠡᠳᠦᠷ᠂ ᠵᠡᠬᠦᠨ ᠦᠵᠦᠮᠦᠴᠢᠨ ᠬᠤᠰᠢᠭᠤᠨ ᠤ ᠠᠷᠪᠠᠨ ᠬᠤᠶᠠᠳᠣᠭᠠᠷ ᠬᠤᠭᠤᠴᠠᠭᠠᠨ ᠤ ︽ᠮᠦᠩᠬᠦᠨ ᠡᠪᠦᠯ ᠤᠨ ᠦᠵᠦᠮᠦᠴᠢᠨ︾ ᠡᠪᠦᠯ ᠤᠨ ᠣᠯᠠᠷᠢᠯ ᠤᠨ ᠨᠠᠭᠠᠳᠣᠮ ᠤᠨ ᠭᠤᠣᠯ ᠠᠭᠤᠯᠭ᠎ᠠ ᠪᠣᠯᠬᠤ 128 ᠬᠦᠴᠦᠲᠦ ᠪᠦᠬᠡ ᠶᠢᠨ ᠳᠡᠮᠡᠴᠡᠬᠡᠨ ᠵᠡᠬᠦᠨ ᠦᠵᠦᠮᠦᠴᠢᠨ ᠬᠤᠰᠢᠭᠤᠨ ᠤ ᠪᠦᠬᠡ ᠶᠢᠨ ᠣᠷᠳᠣᠨ ᠳᠤ ᠢᠳᠡ ᠬᠦᠭ ᠲᠠᠢ ᠶᠠᠪᠣᠭᠳᠠᠵᠦ᠂ ᠵᠡᠬᠦᠨ ᠦᠵᠦᠮᠦᠴᠢᠨ ᠬᠤᠰᠢᠭᠤᠨ ᠤ ᠪᠠᠶᠠᠷᠪᠠᠭᠠᠳᠣᠷ᠂ ᠪᠠᠶᠠᠨᠵᠢᠷᠭᠠᠯ᠂ ᠰᠡᠴᠡᠨᠪᠢᠯᠢᠭ᠂ ᠦᠯᠵᠠᠶᠢᠪᠠᠭᠠᠳᠣᠷ᠂ ᠪᠠᠷᠠᠭᠤᠨ ᠦᠵᠦᠮᠦᠴᠢᠨ ᠬᠤᠰᠢᠭᠤᠨ ᠤ ᠴᠠᠭᠠᠨᠵᠠᠭᠠᠨ᠂ ᠭᠠᠯᠰᠠᠩᠷᠠᠰᠢ᠂ ᠴᠡᠩᠬᠡᠯᠪᠠᠶᠠᠷ᠂ ᠰᠠᠨᠢᠴᠡᠷ᠂ ᠰᠢᠯᠣᠭᠤᠨ ᠴᠠᠭᠠᠨ ᠬᠤᠰᠢᠭᠤᠨ ᠤ ᠪᠦᠷᠢᠨᠰᠠᠶᠢᠨ᠂ ᠰᠢᠯᠣᠭᠤᠨ ᠬᠦᠬᠡ ᠬᠤᠰᠢᠭᠤᠨ ᠤ ᠬᠠᠶᠢᠷ᠎ᠠ᠂ ᠬᠦᠯᠦᠨ ᠪᠤᠶᠢᠷ ᠬᠤᠳᠠ ᠶᠢᠨ ᠪᠣᠯᠣᠳᠪᠠᠭᠠᠳᠣᠷ᠂ ᠠᠪᠠᠭ᠎ᠠ ᠬᠤᠰᠢᠭᠤᠨ ᠤ ᠰᠠᠶᠢᠨᠵᠠᠶᠠᠭ᠎ᠠ ᠨᠠᠷ ᠵᠣᠳᠣᠭᠯᠠᠵᠦ᠂ ᠪᠢᠷ᠎ᠠ ᠴᠢᠳᠠᠯ᠂ ᠣᠬᠠᠭᠠᠨ ᠪᠢᠯᠢᠭ ᠢᠶᠠᠨ ᠰᠣᠷᠢᠵᠠᠭᠠᠯ᠎ᠠ᠃      ᠬᠤᠷᠴᠠ ᠰᠢᠷᠦᠬᠦᠨ ᠳᠡᠮᠡᠴᠡᠬᠡᠨ ᠢᠶᠠᠷ ᠳᠠᠮᠵᠢᠨ ᠪᠠᠷᠠᠭᠤᠨ ᠦᠵᠦᠮᠦᠴᠢᠨ ᠬᠤᠰᠢᠭᠤᠨ ᠤ ᠰᠠᠨᠢᠴᠠᠷ ᠮᠠᠩᠯᠠᠶᠢᠯᠠᠵᠦ᠂  ᠪᠠᠷᠠᠭᠤᠨ ᠦᠵᠦᠮᠦᠴᠢᠨ ᠬᠤᠰᠢᠭᠤᠨ ᠤ ᠴᠠᠭᠠᠨᠵᠠᠭᠠᠨ ᠳᠡᠳ᠋ᠯᠡᠭᠰᠡᠨ ᠪᠠᠶᠢᠨ᠎ᠠ᠃
 
ᠢᠷᠡᠯᠲᠡ᠄ ᠤᠬᠠᠭᠤᠯᠬᠤ ᠭᠡᠯᠲᠡᠰ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号