ᠵᠡᠬᠦᠨ ᠦᠵᠦᠮᠦᠴᠢᠨ ᠬᠤᠰᠢᠭᠤᠨ ᠤ ᠠᠷᠪᠠᠨ ᠲᠠᠪᠣᠳᠣᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠎ ᠤᠨ ᠶᠡᠭᠡ ᠬᠤᠷᠠᠯ ᠤᠨ ᠠᠩᠬᠠᠳᠣᠭᠠᠷ ᠣᠳᠠᠭᠠᠨ ᠤ ᠬᠤᠷᠠᠯᠳᠣᠭᠠᠨ ᠶᠡᠭᠡ ᠬᠤᠷᠠᠯ ᠤᠨ ᠪᠡᠯᠡᠳᠭᠡᠯ ᠬᠤᠷᠠᠯ ᠪᠡ ᠲᠡᠷᠢᠭᠦᠯᠡᠭᠴᠢᠳ ᠤᠨ ᠪᠦᠯᠬᠦᠮ ᠤᠨ ᠨᠢᠭᠡᠳᠣᠭᠡᠷ ᠣᠳᠠᠭᠠᠨ ᠤ ᠬᠤᠷᠠᠯ ᠢ ᠬᠤᠷᠠᠯᠳᠣᠵᠦ᠂ ᠪᠦᠬᠦ ᠲᠦᠯᠦᠭᠡᠯᠡᠭᠴᠢᠳ ᠬᠠᠮᠳᠣᠪᠡᠷ ᠰᠡᠷᠡᠮᠵᠢ ᠬᠦᠮᠦᠵᠢᠯ ᠤᠨ ᠹᠢᠯᠢᠮ  ᠰᠣᠨᠢᠷᠬᠠᠪᠠ
ᠨᠡᠶᠢᠲᠡᠯᠡᠭᠰᠡᠨ ᠴᠠᠭ᠄
2018/1/9
     1ᠰᠠᠷ᠎ᠡ ᠶᠢᠨ6᠎ ᠤ ᠡᠳᠥᠷ ᠤᠨ ᠦᠳᠠ ᠶᠢᠨ ᠬᠤᠶᠢᠨ᠎ᠠ᠂ ᠵᠡᠬᠦᠨ ᠦᠵᠦᠮᠦᠴᠢᠨ ᠬᠤᠰᠢᠭᠤᠨ ᠤ ᠠᠷᠪᠠᠨ ᠲᠠᠪᠣᠳᠣᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠣᠭᠠᠷ ᠣᠳᠠᠭᠠᠨ ᠤ ᠬᠤᠷᠠᠯᠳᠣᠭᠠᠨ ᠶᠡᠭᠡ ᠬᠤᠷᠠᠯ ᠤᠨ ᠪᠡᠯᠡᠳᠭᠡᠯ ᠬᠤᠷᠠᠯ ᠪᠡ ᠲᠡᠷᠢᠭᠦᠯᠡᠭᠴᠢᠳ ᠤᠨ ᠪᠦᠯᠬᠦᠮ ᠤᠨ ᠨᠢᠭᠡᠳᠣᠭᠡᠷ ᠣᠳᠠᠭᠠᠨ ᠎ ᠤ ᠬᠤᠷᠠᠯ ᠢ ᠬᠤᠷᠠᠯᠳᠣᠵᠦ᠂ ᠪᠦᠬᠦ ᠲᠦᠯᠦᠭᠡᠯᠡᠭᠴᠢᠳ ᠬᠠᠮᠳᠣᠪᠡᠷ ᠰᠡᠷᠡᠮᠵᠢ ᠬᠦᠮᠦᠵᠢᠯ ᠤᠨ ᠹᠢᠯᠢᠮ ᠢ ᠰᠣᠨᠢᠷᠬᠠᠵᠠᠢ  ᠃ ᠬᠤᠰᠢᠭᠤ ᠠᠷᠠᠳ ᠤᠨ ᠲᠦᠯᠦᠭᠡᠯᠡᠭᠴᠢᠳ ᠤᠨ  ᠶᠡᠭᠡ ᠬᠤᠷᠠᠯ ᠤᠨ ᠪᠠᠨᠶᠢᠭ᠍ᠭᠤ ᠶᠢᠨ ᠬᠤᠷᠢᠶᠠᠨ ᠤ ᠡᠷᠬᠢᠯᠡᠭᠴᠢ      ᠲᠣ᠂᠂  ᠪᠠᠭᠠᠳᠣᠷ᠂ ᠲᠡᠳ᠋ ᠡᠷᠬᠢᠯᠡᠭᠴᠢ ᠣᠶᠣᠨᠬᠡᠷᠡᠯ  ᠲᠣᠰ ᠲᠣᠰ ᠬᠤᠷᠠᠯ ᠢ ᠡᠷᠬᠢᠯᠡᠪᠡ᠃      ᠲᠡᠷᠢᠬᠦᠯᠡᠭᠴᠢᠳ ᠤᠨ ᠪᠦᠯᠬᠦᠮ ᠤᠨ ᠨᠢᠭᠡᠳᠣᠭᠡᠷ ᠣᠳᠠᠭᠠᠨ ᠤ ᠬᠤᠷᠠᠯ ᠠᠴᠠ ᠶᠡᠭᠡ ᠬᠤᠷᠠᠯ ᠤᠨ ᠲᠡᠷᠢᠬᠦᠯᠡᠭᠴᠢᠳ ᠤᠨ ᠪᠦᠯᠬᠦᠮ ᠤᠨ ᠬᠦᠢᠴᠡᠳᠭᠡᠭᠴᠢ ᠲᠡᠷᠢᠬᠦᠯᠡᠭᠴᠢᠳ ᠢ ᠰᠣᠩᠭᠤᠨ ᠭᠠᠷᠭᠠᠵᠦ᠂ ᠲᠡᠷᠢᠬᠦᠯᠡᠭᠴᠢᠳ ᠎ ᠤᠨ ᠪᠦᠯᠬᠦᠮ ᠤᠨ ᠪᠦᠷᠢᠯᠳᠣᠬᠦᠨ ᠢ ᠡᠯ᠎ᠡ ᠲᠦᠯᠦᠭᠡᠯᠡᠭᠴᠢᠳ ᠤᠨ ᠪᠦᠯᠬᠦᠮ ᠤᠨ ᠬᠤᠷᠠᠯ ᠳᠤ ᠣᠷᠣᠯᠴᠠᠭᠤᠯᠬᠤ ᠲᠦᠰᠦᠪ  ᠂ ᠶᠡᠭᠡ ᠬᠤᠷᠠᠯ ᠤᠨ ᠡᠳᠣᠷ ᠤᠨ ᠪᠠᠶᠢᠷᠢᠯᠠᠭᠤᠯᠣᠯᠳᠠ᠂ ᠶᠡᠭᠡ ᠬᠤᠷᠠᠯ ᠤᠨ ᠲᠡᠳ᠋ ᠨᠠᠷᠢᠨ ᠪᠢᠴᠢᠭ ᠤᠨ ᠲᠠᠷᠤᠭ᠎ᠠ ᠶᠢᠨ ᠨᠡᠷᠡᠰ᠂ ᠰᠠᠨᠠᠯ ᠵᠦᠪᠯᠡᠯᠭᠡ ᠲᠡᠪᠰᠢᠬᠦᠯᠬᠦ ᠬᠢᠵᠠᠭᠠᠷᠳᠦ ᠴᠠᠭ ᠤᠨ ᠲᠣᠬᠠᠢ ᠲᠣᠭᠳᠠᠭᠠᠯ ᠪᠡ ᠶᠡᠭᠡ ᠬᠤᠷᠠᠯ ᠤᠨ ᠰᠣᠩᠭᠤᠭᠤᠯᠢ ᠶᠢᠨ ᠠᠷᠭ᠎ᠠ ᠶᠢ ᠬᠢᠨᠠᠨ ᠪᠠᠳᠣᠯᠠᠵᠠᠢ᠃      ᠶᠡᠭᠡ ᠬᠤᠷᠠᠯ ᠤᠨ ᠪᠡᠯᠡᠳᠭᠡᠯ ᠬᠤᠷᠠᠯ ᠠᠴᠠ ᠲᠦᠯᠦᠭᠡᠯᠡᠭᠴᠢᠳ ᠤᠨ ᠬᠢᠷᠢ ᠭᠡᠮ ᠢ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠣᠶᠣᠨᠬᠡᠷᠡᠯ ᠤᠨ ᠬᠢᠭᠰᠡᠨ ᠬᠤᠰᠢᠭᠤ ᠠᠷᠪᠠᠨ ᠲᠠᠪᠣᠳᠣᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠬᠢᠷᠢ ᠭᠡᠮ ᠢ ᠬᠢᠨᠠᠨ ᠪᠠᠶᠢᠴᠠᠭᠠᠭᠰᠠᠨ ᠮᠡᠳᠡᠬᠦᠯᠦᠯᠳᠠ ᠶᠢ ᠰᠣᠨᠣᠰᠴᠦ ᠶᠡᠭᠡ ᠬᠤᠷᠠᠯ ᠤᠨ ᠵᠦᠪᠯᠡᠬᠦ ᠵᠣᠶᠢᠯ ᠤᠨ ᠲᠦᠰᠦᠯ᠂ ᠲᠡᠷᠢᠭᠦᠯᠡᠭᠴᠢᠳ ᠤᠨ ᠪᠦᠯᠬᠦᠮ ᠤᠨ ᠨᠡᠷᠡᠰ ᠤᠨ  ᠲᠦᠰᠦᠯ᠂ ᠶᠡᠭᠡ ᠬᠤᠷᠠᠯ ᠤᠨ ᠨᠠᠷᠢᠨ ᠪᠢᠴᠢᠭ ᠤᠨ ᠲᠠᠷᠤᠭ᠎ᠠ ᠶᠢᠨ ᠨᠡᠷᠡᠰ᠂ ᠶᠡᠭᠡ ᠬᠤᠷᠠᠯ ᠤᠨ ᠰᠠᠨᠠᠯ ᠵᠦᠪᠯᠡᠯᠭᠡ ᠶᠢ ᠬᠢᠨᠠᠨ ᠪᠠᠶᠢᠴᠠᠭᠠᠬᠤ ᠵᠦᠪᠯᠡᠯ  ᠎ ᠤᠨ ᠪᠦᠷᠢᠯᠳᠣᠬᠦᠨ ᠤ ᠨᠡᠷᠡᠰ ᠤᠨ ᠲᠦᠰᠦᠯ ᠢ ᠪᠠᠳᠣᠯᠠᠵᠠᠢ᠃      ᠬᠡᠰᠢᠭᠪᠦ᠋ᠷᠢᠨ ᠪᠡᠯᠡᠳᠬᠡᠯ ᠬᠤᠷᠠᠯ ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠵᠠᠢ᠃ ᠲᠡᠷᠡ ᠵᠢᠭᠠᠬᠤ ᠳᠠᠭᠠᠨ᠂ ᠲᠤᠰ ᠤᠳᠠᠭᠠᠨ ᠤ ᠬᠤᠷᠠᠯ ᠢ ᠰᠠᠶᠢᠲᠤᠷ ᠬᠤᠷᠠᠯᠳᠤᠭᠤᠯᠬᠤ ᠨᠢ ᠪᠦᠬᠦ ᠬᠤᠰᠢᠭᠤᠨ ᠤ ᠣᠯᠠᠨ ᠲᠦᠮᠡᠨ ᠤ ᠦᠵᠡᠯ ᠰᠠᠨᠠᠭ᠎ᠠ ᠶᠢ ᠤᠯᠠᠮ ᠨᠢᠭᠡ ᠠᠯᠬᠤᠮ ᠨᠢᠭᠡᠳᠦᠭᠦᠯᠵᠦ᠂ ᠬᠠᠮᠲᠦ ᠶᠢᠨ ᠲᠠᠨᠢᠯᠲᠠ ᠶᠢ ᠨᠢᠭᠲᠠᠷᠠᠭᠤᠯᠤᠨ᠂ ᠡᠷᠴᠢ ᠵᠣᠷᠢᠭ ᠢ ᠎ ᠨᠢ ᠬᠥᠪᠴᠢᠯᠡᠨ᠂ ᠬᠠᠮᠲᠦᠷᠠᠯ ᠬᠦᠴᠦᠨ ᠢ ᠪᠣᠢ ᠪᠣᠯᠭᠠᠬᠤ ᠶᠢ ᠳᠠᠶᠢᠴᠢᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠳᠡᠭᠡᠷ᠎ᠡ ᠱᠠᠲᠤᠨ ᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠯᠢ ᠣᠷᠣᠨ ᠳᠤ ᠨᠠᠶᠢᠳᠠᠪᠦᠷᠢᠵᠢᠭᠤᠯᠬᠤ ᠶᠢ ᠰᠠᠶᠢᠲᠤᠷ ᠠᠳᠬᠤᠵᠤ᠂ ᠬᠤᠰᠢᠭᠤ ᠠᠷᠪᠠᠨ ᠭᠤᠷᠪᠠᠳᠤᠭᠠᠷ ᠤᠳᠠᠭᠠᠨ ᠤ ᠨᠠᠮ ᠤᠨ ᠲᠥᠯᠦᠭᠡᠯᠡᠭᠴᠢᠳ ᠤᠨ ᠶᠡᠭᠡ ᠬᠤᠷᠠᠯ ᠠᠴᠠ ᠳᠣᠭᠲᠠᠭᠠᠭᠰᠠᠨ ᠰᠠᠶᠢᠨ ᠰᠠᠶᠢᠬᠠᠨ ᠢᠷᠡᠭᠡᠳᠦᠢ ᠶᠢ ᠪᠤᠳᠠᠲᠠᠶᠢᠵᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠬᠤᠰᠢᠭᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠤᠭᠰᠠᠨ ᠠᠴᠠ ᠨᠠᠰᠢ ᠪᠦᠬᠦ ᠬᠤᠰᠢᠭᠤᠨ ᠤ ᠣᠯᠠᠨ ᠲᠦᠮᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠨ᠂ ︿︿ᠲᠠᠪᠤ ᠶᠢ ᠨᠢᠭᠡ ᠴᠣᠭᠴᠠᠵᠢᠭᠤᠯᠬᠤ﹀﹀  ᠶᠡᠷᠥᠩᠬᠡᠢ ᠪᠠᠶᠢᠷᠢᠯᠠᠭᠤᠯᠤᠯᠲᠠ ᠪᠠ ︿︿ᠳᠥᠷᠪᠡᠨ ᠪᠦᠬᠦ ᠲᠠᠯ᠎ᠠ﹀﹀᠎ ᠶᠢᠨ ᠪᠠᠶᠢᠯᠳᠤᠬᠤ ᠪᠣᠳᠤᠯᠭ᠎ᠠ ᠶᠢᠨ ᠪᠠᠶᠢᠷᠢᠯᠠᠭᠤᠯᠤᠯᠲᠠ ᠶᠢ ᠤᠮᠠᠷᠠᠲᠦ ᠬᠢᠯᠢ ᠳᠤ ᠨᠠᠶᠢᠳᠠᠪᠦᠷᠢᠵᠢᠭᠤᠯᠬᠤ ᠶᠢ ᠭᠤᠶᠢᠪᠢᠰᠢ ᠦᠭᠡᠢ ᠪᠠᠷᠢᠮᠲᠠᠯᠠᠵᠤ᠂ ᠰᠡᠳᠬᠢᠯ ᠨᠢᠭᠡᠳᠦᠨ ᠪᠡᠷᠭᠡ ᠶᠢ ᠢᠯᠠᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠡᠯ᠎ᠡ ᠲᠥᠷᠥᠯ ᠤᠨ ᠠᠵᠢᠯ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠨ ᠣᠬᠢ ᠰᠠᠶᠢᠨ ᠠᠮᠵᠢᠯᠲᠠ ᠣᠯᠬᠤ ᠶᠢ ᠳᠦᠯᠬᠢᠨ ᠠᠬᠢᠭᠤᠯᠤᠭᠰᠠᠨ ᠪᠠᠶᠢᠨ᠎ᠠ ᠭᠡᠵᠡᠢ᠃      ᠭᠡᠰᠢᠭᠪᠦᠷᠢᠨ ᠱᠠᠭᠠᠷᠳᠠᠬᠤ ᠳᠠᠭᠠᠨ᠂ ᠤᠯᠤᠰ ᠲᠥᠷᠥ ᠶᠢᠨ ᠵᠣᠭᠰᠤᠴᠠ ᠪᠠᠨ ᠳᠡᠭᠡᠭᠰᠢᠯᠡᠭᠦᠯᠦᠨ᠂ ᠶᠡᠭᠡ ᠬᠤᠷᠠᠯ ᠢ ᠰᠠᠶᠢᠲᠤᠷ ᠬᠤᠷᠠᠯᠳᠤᠭᠤᠯᠬᠤ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠳᠣᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠶᠡᠭᠡ ᠬᠤᠷᠠᠯ ᠤᠨ ᠡᠯ᠎ᠡ ᠲᠥᠷᠥᠯ ᠤᠨ ᠵᠥᠪᠯᠡᠬᠦ ᠵᠦᠢᠯ ᠤᠨ ᠠᠮᠵᠢᠯᠲᠠ ᠣᠯᠬᠤ ᠶᠢ ᠪᠠᠲᠤᠯᠠᠨ᠂ ᠠᠩᠬᠠᠷᠤᠯ ᠢᠶᠠᠨ ᠲᠥᠪᠯᠡᠷᠡᠭᠦᠯᠦᠨ ᠢᠯᠡᠳᠬᠡᠯ  ᠢ ᠬᠢᠨᠠᠨ ᠵᠥᠪᠯᠡᠵᠦ᠂ ᠬᠦᠨᠳᠦ ᠬᠠᠷᠢᠭᠤᠴᠠᠯᠭ᠎ᠠ ᠶᠢ ᠬᠦᠰᠡᠷᠳᠡᠭᠦᠯᠬᠦ ᠦᠭᠡᠢ ᠰᠣᠩᠭᠤᠭᠤᠯᠢ ᠶᠢ ᠰᠠᠶᠢᠲᠤᠷ ᠬᠢᠨ᠂ ᠬᠠᠷᠢᠭᠤᠴᠠᠯᠭ᠎ᠠ ᠡᠭᠦᠷᠭᠡᠯᠡᠵᠦ ᠰᠠᠨᠠᠯ ᠰᠠᠨᠠᠭᠤᠯᠭ᠎ᠠ ᠳᠡᠪᠰᠢᠭᠦᠯᠵᠦ᠂ ᠰᠠᠬᠢᠯᠭ᠎ᠠ ᠪᠠᠲᠤ᠂ ᠶᠣᠰᠤ ᠳᠥᠷᠢᠮ ᠢ ᠴᠢᠩᠭᠠᠳᠬᠠᠵᠤ᠂ ᠠᠷᠢᠭᠤᠨ ᠴᠡᠪᠡᠷ  ᠂ ᠲᠦᠪ ᠴᠢᠭᠡᠴᠢ ᠠᠵᠢᠯ ᠤᠨ ᠣᠷᠴᠢᠨ ᠲᠣᠭᠤᠷᠢᠨ ᠢ ᠴᠢᠷᠮᠠᠶᠢᠨ ᠪᠣᠢ ᠪᠣᠯᠭᠠᠬᠤ ᠬᠡᠷᠡᠭᠲᠡᠢ᠃ ᠣᠯᠠᠨ ᠤ ᠬᠠᠮᠲᠦ ᠶᠢᠨ ᠴᠢᠷᠮᠠᠶᠢᠯᠭ᠎ᠠ ᠪᠠᠷ ᠳᠠᠮᠵᠢᠨ ᠡᠯ᠎ᠡ ᠲᠥᠷᠥᠯ ᠤᠨ ᠡᠭᠦᠷᠭᠡ ᠬᠠᠷᠢᠭᠤᠴᠠᠯᠭ᠎ᠠ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠡᠨᠡ ᠤᠳᠠᠭᠠᠨ ᠤ ᠬᠤᠷᠠᠯ ᠢ ᠣᠯᠠᠨ ᠤ ᠰᠡᠳᠬᠢᠯ ᠢ ᠬᠥᠭᠵᠢᠭᠡᠭᠰᠡᠨ᠂ ᠦᠨᠡᠨ ᠠᠴᠠ ᠵᠥᠪ ᠢ ᠡᠷᠢᠭᠰᠡᠨ᠂ ᠠᠷᠠᠳᠴᠢᠯᠠᠯ ᠢ ᠭᠦᠢᠴᠡᠳ ᠪᠠᠳᠠᠷᠠᠭᠤᠯᠤᠭᠰᠠᠨ᠂ ᠬᠥᠭᠵᠢᠯᠲᠡ ᠶᠢᠨ ᠠᠷᠭ᠎ᠠ ᠪᠣᠳᠤᠯᠭ᠎ᠠ ᠶᠢ ᠬᠠᠮᠲᠦᠪᠡᠷ ᠵᠥᠪᠳᠡᠯᠴᠡᠭᠰᠡᠨ ᠶᠡᠭᠡ ᠬᠤᠷᠠᠯ ᠪᠣᠯᠭᠠᠨ ᠬᠤᠷᠠᠯᠳᠤᠭᠤᠯᠬᠤ ᠶᠢ ᠪᠠᠲᠤ ᠢᠲᠡᠭᠡᠵᠦ ᠪᠠᠶᠢᠨ᠎ᠠ ᠭᠡᠵᠡᠢ᠃      ᠵᠡᠭᠦᠨ ᠦᠵᠦᠮᠦᠴᠢᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠤᠳᠠᠭᠠᠨ ᠤ ᠬᠤᠷᠠᠯᠳᠤᠭᠠᠨ ᠳᠤ ᠣᠷᠣᠯᠴᠠᠬᠤ ᠪᠦᠬᠦ ᠲᠥᠯᠦᠭᠡᠯᠡᠭᠴᠢ ᠦᠵᠦᠮᠦᠴᠢᠨ ᠮᠦᠽᠸᠢ ᠶᠢᠨ ᠬᠤᠷᠠᠯ ᠤᠨ ᠲᠠᠩᠭᠢᠮ ᠳᠤ ᠰᠡᠷᠡᠮᠵᠢ ᠶᠢᠨ ᠬᠦᠮᠦᠵᠢᠯ ᠤᠨ ᠹᠢᠯᠢᠮ ᠢ ᠦᠵᠡᠨ᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢᠨ ᠰᠡᠷᠡᠮᠵᠢ ᠶᠢᠨ ᠬᠦᠮᠦᠵᠢᠯ ᠢᠶᠠᠨ ᠦᠷᠭᠦᠯᠵᠢᠯᠡᠨ ᠴᠢᠩᠭᠠᠳᠬᠠᠵᠤ᠂ ᠲᠦᠪ ᠴᠢᠭᠡᠴᠢ ᠬᠤᠭᠤᠴᠠᠭ᠎ᠠ ᠰᠣᠯᠢᠬᠤ ᠣᠷᠴᠢᠨ ᠪᠠ ᠤᠯᠤᠰ ᠲᠥᠷᠥ ᠶᠢᠨ ᠠᠮᠢ ᠠᠬᠤᠢ ᠶᠢ ᠴᠢᠷᠮᠠᠶᠢᠨ ᠪᠣᠢ ᠪᠣᠯᠭᠠᠵᠠᠢ᠃
 
ᠢᠷᠡᠯᠲᠡ᠄ ᠤᠬᠠᠭᠤᠯᠬᠤ ᠭᠡᠯᠲᠡᠰ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号