ᠳᠣᠮᠳᠠᠳᠥ ᠣᠯᠣᠰ ‍ᠤᠨ‌ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠵᠡᠭᠦᠨ ᠦᠵᠦᠮᠦᠴᠢᠨ ᠬᠤᠰᠢᠭᠤᠨ ᠎ ᠤ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠤᠳᠠᠭᠠᠨ ᠤ ᠬᠤᠷᠠᠯᠳᠤᠭᠠᠨ ᠦᠪᠡᠳᠡᠭᠰᠢ ᠶᠡᠬᠡᠪᠡᠷ ᠡᠬᠢᠯᠡᠪᠡ
ᠨᠡᠶᠢᠲᠡᠯᠡᠭᠰᠡᠨ ᠴᠠᠭ᠄
2018/1/9
     1ᠰᠠᠷ᠎ᠠ ᠶᠢᠨ 6᠎ ᠤ ᠦᠳᠠ ᠶᠢᠨ ᠬᠤᠶᠢᠨᠠᠬᠢ 2 ᠴᠠᠭ ᠬᠠᠭᠠᠰ ᠲᠤ ᠰᠦᠷ ᠵᠢᠪᠬᠤᠯᠠᠩᠳᠦ ᠣᠯᠣᠰ ᠤᠨ ᠲᠠᠭᠤᠨ ᠤ ᠭᠦᠭ ᠠᠶᠠᠰ  ᠎ ᠤᠨ ᠲᠣᠮᠳᠠ ᠲᠣᠮᠳᠠᠳᠦ ᠣᠯᠣᠰ ᠤᠨ ᠠᠷᠠᠳ ᠤᠨ ᠣᠯᠣᠰ ᠲᠦᠷᠦ ᠶᠢᠨ ᠵᠦᠪᠯᠡᠯᠭᠡᠨ ᠤ ᠵᠡᠭᠦᠨ ᠦᠵᠦᠮᠦᠴᠢᠨ ᠬᠤᠰᠢᠭᠤᠨ ᠤ  ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠣᠳᠠᠭᠠᠨ ᠤ ᠬᠤᠷᠠᠯᠳᠣᠭᠠᠨ ᠨᠢ ᠣᠯᠢᠶᠠᠰᠣᠳᠠᠢ ᠪᠠᠯᠭᠠᠰᠣᠨ ᠳᠤ ᠦᠪᠡᠳᠡᠭᠰᠢ ᠶᠡᠭᠡᠪᠡᠷ ᠡᠬᠢᠯᠡᠯ᠎ᠡ᠃ ᠪᠦᠬᠦ ᠬᠤᠰᠢᠭᠤᠨ ᠤ ᠡᠯ᠎ᠡ ᠠᠵᠢᠯ ᠤᠨ ᠹᠡᠷᠣᠨᠲ ᠠᠴᠠ ᠬᠦᠷᠣᠯᠴᠡᠨ ᠢᠷᠡᠭᠰᠡᠨ ᠣᠯᠣᠰ ᠲᠦᠷᠦ ᠶᠢᠨ ᠵᠦᠪᠯᠡᠯᠭᠡᠨ ᠤ ᠭᠡᠰᠢᠭᠦᠳ ᠣᠮᠤᠭ ᠪᠠᠭ᠋ᠠᠳᠣᠯᠳᠦ ᠢᠳᠡᠭᠡᠯ ᠵᠣᠷᠢᠭ ᠢ ᠡᠪᠣᠷᠯᠡᠨ ᠬᠤᠷᠠᠨ ᠴᠤᠭᠯᠠᠵᠤ᠂ ᠬᠠᠮᠳᠣᠪᠡᠷ ᠦᠭᠡᠷᠡᠴᠢᠯᠠᠯᠳᠠ ᠶᠢᠨ ᠠᠤᠭ᠎ᠠ ᠣᠶᠢᠯᠡᠰ ᠎ ᠢ ᠵᠦᠪᠯᠡᠨ᠂ ᠭᠦᠭᠵᠢᠯᠳᠠ ᠶᠢᠨ ᠮᠡᠷᠭᠡᠨ ᠪᠣᠳᠣᠯᠭ᠎ᠠ ᠶᠢ ᠴᠣᠭᠭᠠᠷ ᠡᠷᠢᠯᠬᠢᠯᠡᠨ᠎ᠡ᠃      ᠶᠡᠭᠡ ᠬᠤᠷᠠᠯ ᠤᠨ ᠭᠦᠢᠴᠡᠳᠬᠡᠭᠴᠢ ᠲᠡᠷᠢᠭᠦᠯᠡᠭᠴᠢ ᠰᠣᠮᠢᠶ᠎ᠠ᠂ ᠰᠢᠷᠦᠪ᠂ ᠵᠠᠩ ᠪᠤᠤ ᠴᠦᠨ᠂  ᠪᠤᠤ ᠸᠠᠨ ᠬᠤᠸᠠ ᠲᠡᠷᠢᠭᠦᠯᠡᠭᠴᠢ ᠶᠢᠨ ᠲᠠᠶᠢᠰᠠᠨ ᠤ ᠡᠮᠣᠨ᠎ᠠ ᠮᠦᠷ ᠲᠤ ᠰᠠᠭᠠᠲᠠᠵᠦ᠂ ᠶᠡᠭᠡ ᠬᠤᠷᠠᠯ ᠎ ᠤᠨ ᠬᠦᠢᠴᠡᠳᠬᠡᠭᠴᠢ ᠲᠡᠷᠢᠭᠦᠯᠡᠭᠴᠢ ᠰᠠᠶᠢᠨᠴᠣᠭᠲᠤ ᠬᠤᠷᠠᠯ ᠡᠷᠬᠢᠯᠡᠪᠡ᠃      ᠠᠶᠢᠮᠠᠭ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠵᠢᠭᠠᠨ ᠵᠢᠯᠤᠭᠤᠳᠬᠤ ᠳᠤᠭᠤᠶᠢᠯᠠᠩ ᠤᠨ ᠳᠠᠷᠤᠭ᠎ᠠ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠸᠠᠩ ᠶᠥᠩ ᠮᠢᠩ᠂ᠠᠶᠢᠮᠠᠭ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠵᠢᠭᠠᠨ ᠵᠢᠯᠤᠭᠤᠳᠬᠤ ᠳᠤᠭᠤᠶᠢᠯᠠᠩ ᠤᠨ ᠳᠡᠳ᠋ ᠳᠠᠷᠤᠭ᠎ᠠ᠂ ᠠᠶᠢᠮᠠᠭ ᠤᠨ ᠳᠤᠮᠳᠠ ᠵᠡᠷᠭᠡ ᠶᠢᠨ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠴᠧᠨ ᠯᠠᠨ᠂ ᠠᠶᠢᠮᠠᠭ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠵᠢᠭᠠᠨ ᠵᠢᠯᠤᠭᠤᠳᠬᠤ ᠳᠤᠭᠤᠶᠢᠯᠠᠩ ᠤᠨ ᠳᠡᠳ᠋ ᠳᠠᠷᠤᠭ᠎ᠠ᠂ ᠠᠶᠢᠮᠠᠭ ᠤᠨ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠠᠵᠢᠯᠯᠠᠬᠤ ᠵᠥᠪᠯᠡᠯ ᠤᠨ ᠨᠠᠮ ᠤᠨ ᠳᠤᠭᠤᠶᠢᠯᠠᠩ ᠤᠨ ᠭᠡᠰᠢᠭᠦᠨ᠂ ᠬᠤᠰᠢᠭᠤ ᠨᠠᠮ ᠤᠨ ᠬᠤᠷᠢᠶᠠᠨ ᠤ ᠱᠦᠵᠢ  ᠭᠡᠰᠢᠭᠪᠦ᠋ᠷᠢᠨ᠂  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠣᠷᠣᠯᠠᠭᠴᠢ ᠬᠤᠰᠢᠭᠤ ᠳᠠᠷᠤᠭ᠎ᠠ ᠯᠢ ᠶᠥᠩ ᠱᠧᠩ᠂  ᠬᠤᠰᠢᠭᠤ  ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠲᠣᠣ ᠪᠠᠭᠠᠳᠣᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠪᠠᠢ ᠴᠢᠣᠸᠠᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠤᠨᠲ ᠤᠨ ᠬᠡᠯᠲᠡᠰ ᠤᠨ ᠳᠠᠷᠤᠭ᠎ᠠ ᠪᠠᠲᠦᠮᠥ᠋ᠩᠬᠡ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠨᠠᠰᠤᠨᠪᠠᠲᠤ ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠬᠠᠰᠪᠠᠭᠠᠲᠤᠷ ᠵᠢᠴᠢ ᠠᠶᠢᠮᠠᠭ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠵᠢᠭᠠᠨ ᠵᠢᠯᠤᠭᠤᠳᠬᠤ ᠳᠤᠭᠤᠶᠢᠯᠠᠩ ᠤᠨ ᠭᠡᠰᠢᠭᠦᠳ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠠᠬᠠᠮᠠᠳ ᠤᠳᠤᠷᠢᠳᠤᠯᠭ᠎ᠠ᠂ ᠬᠤᠰᠢᠭᠤᠨ ᠳᠤ ᠰᠠᠭᠤᠭ᠎ᠠ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠬᠤᠷᠠᠯ ᠳᠤ ᠣᠷᠣᠯᠴᠠᠨ ᠪᠠᠶᠠᠷ ᠬᠦᠷᠭᠡᠵᠡᠢ᠃      ᠣᠯᠣᠰ ᠲᠦᠷᠦ ᠶᠢᠨ ᠵᠦᠪᠯᠡᠯᠭᠡᠨ ᠤ ᠵᠡᠭᠦᠨ  ᠦᠵᠦᠮᠦᠴᠢᠨ ᠬᠤᠰᠢᠭᠤᠨ ᠤ ᠠᠷᠪᠠᠳᠤᠭᠠᠷ ᠬᠤᠭᠤᠴᠠᠭᠠᠨ ᠤ ᠬᠤᠷᠢᠶ᠎ᠠ ᠨᠡᠶᠢᠳᠠ  110 ᠭᠡᠰᠢᠭᠦᠨ ᠲᠠᠢ᠂ ᠬᠤᠷᠠᠯ ᠳᠤ 107 ᠭᠡᠰᠢᠭᠦᠨ ᠣᠷᠣᠯᠴᠠᠵᠦ᠂ ᠬᠠᠣᠯᠢ ᠳᠤ ᠲᠣᠭᠳᠠᠭᠠᠭᠰᠠᠨ ᠬᠦᠮᠦᠨ ᠤ ᠲᠤᠭ᠎ᠠ ᠳᠤ ᠨᠡᠶᠢᠴᠡᠪᠡ᠃      ᠰᠣᠮᠢᠶ᠎ᠠ ᠠᠴᠠ ᠣᠯᠣᠰ ᠲᠦᠷᠦ ᠶᠢᠨ ᠵᠦᠪᠯᠡᠯᠭᠡᠨ ᠤ ᠵᠡᠭᠦᠨ ᠦᠵᠦᠮᠦᠴᠢᠨ ᠬᠤᠰᠢᠭᠤᠨ ᠤ ᠶᠢᠰᠣᠳᠣᠭᠡᠷ ᠬᠤᠭᠤᠴᠠᠭᠠᠨ ᠤ ᠬᠤᠷᠢᠶ᠎ᠠ ᠶᠢᠨ ᠪᠠᠨᠶᠢᠭ᠍ᠭᠤ ᠶᠢᠨ ᠬᠤᠷᠢᠶ᠎ᠠ ᠶᠢᠨ ᠨᠠᠶᠢᠳᠠᠯᠠᠭ᠎ᠠ ᠪᠠᠷ ᠶᠡᠭᠡ ᠬᠤᠷᠠᠯ ᠳᠤ ᠠᠵᠢᠯ ᠤᠨ ᠮᠡᠳᠡᠭᠦᠯᠦᠯᠳᠠ ᠭᠢᠪᠡ᠃      ᠦᠡᠭᠭᠡᠷᠡᠭᠰᠡᠨ ᠲᠠᠪᠣᠨ ᠵᠢᠯ ᠪᠣᠯ᠂ ᠮᠠᠨ ᠤ ᠬᠤᠰᠢᠭᠤᠨ ᠤ ᠠᠵᠦ ᠠᠬᠤᠢ ᠨᠡᠶᠢᠭᠡᠮ ᠤᠨ ᠭᠦᠭᠵᠢᠯᠳᠠ ᠴᠢᠬᠤᠯᠨ ᠶᠡᠭᠡ ᠠᠮᠵᠢᠯᠳᠠ ᠪᠦᠳᠣᠮᠵᠢ  ᠎ ᠶᠢ ᠣᠯᠵᠦ᠂ ᠡᠯ᠎ᠡ ᠲᠦᠷᠦᠯ ᠤᠨ ᠠᠵᠢᠯ ᠣᠶᠢᠯᠡᠰ ᠪᠦᠬᠦ ᠲᠠᠯ᠎ᠠ ᠪᠠᠷ ᠣᠷᠣᠭᠰᠢ ᠲᠠᠪᠰᠢᠭᠰᠠᠨ ᠲᠠᠪᠣᠨ ᠵᠢᠯ ᠮᠦᠨ᠃ ᠪᠠᠰᠠᠴᠦ ᠮᠠᠨ ᠤ ᠬᠤᠰᠢᠭᠤᠨ ᠤ ᠠᠷᠠᠳ ᠤᠨ  ᠣᠯᠣᠰ ᠲᠦᠷᠦ ᠶᠢᠨ ᠵᠦᠪᠯᠡᠯᠭᠡᠨ ᠤ ᠠᠵᠢᠯ ᠣᠶᠢᠯᠡᠰ ᠣᠷᠳᠦ ᠬᠤᠭᠤᠴᠠᠭ᠎ᠠ ᠪᠠᠷ ᠭᠦᠭᠵᠢᠨ ᠴᠡᠴᠡᠭᠯᠡᠵᠦ᠂ ᠲᠠᠰᠣᠷᠠᠯᠳᠠ ᠦᠭᠡᠢ ᠰᠢᠨ᠎ᠠ ᠪᠠᠶᠢᠳᠠᠯ ᠢ ᠡᠭᠦᠳᠴᠦ ᠢᠯᠡᠳᠳᠠ ᠠᠮᠵᠢᠯᠳᠠ ᠪᠦᠳᠣᠮᠵᠢ ᠣᠯᠣᠭᠰᠠᠨ ᠲᠠᠪᠣᠨ ᠵᠢᠯ ᠪᠣᠯᠣᠨ᠎ᠠ᠃ ᠲᠠᠪᠣᠨ ᠵᠢᠯ ᠤᠨ ᠲᠣᠷᠰᠢ ᠬᠤᠰᠢᠭᠤ ᠣᠯᠣᠰ ᠲᠦᠷᠦ ᠶᠢᠨ ᠵᠦᠪᠯᠡᠯᠭᠡᠨ ᠨᠢ᠂ ᠬᠤᠰᠢᠭᠤ ᠨᠠᠮ ᠤᠨ ᠬᠤᠷᠢᠶ᠎ᠠ ᠶᠢᠨ ᠪᠠᠳᠦ ᠴᠢᠩᠭ᠎ᠠ ᠣᠳᠣᠷᠢᠳᠣᠯᠭ᠎ᠠ ᠲᠣᠣᠷ᠎ᠠ᠂ ᠰᠢ ᠶᠢᠨ ᠫᠢᠡᠭ ᠶᠡᠷᠣᠩᠭᠡᠢ ᠱᠦᠵᠢ ᠶᠢᠨ ᠰᠢᠷᠢᠰ ᠴᠢᠬᠤᠯᠨ ᠶᠠᠷᠢᠶᠠᠨ ᠤ ᠵᠣᠷᠢᠭ ᠰᠠᠨᠠᠭ᠎ᠠ ᠪᠣᠯᠣᠨ ᠲᠦᠷᠦ ᠶᠢ ᠵᠠᠰᠠᠵᠦ ᠵᠠᠰᠠᠭ ᠪᠠᠷᠢᠬᠤ ᠰᠢᠨ᠎ᠠ ᠣᠶᠢᠯᠠᠭᠠᠭᠳᠠᠬᠤᠨ᠂ ᠰᠢᠨ᠎ᠠ ᠦᠵᠡᠯ ᠰᠠᠨᠠᠭ᠎ᠠ᠂ ᠰᠢᠨ᠎ᠠ ᠪᠠᠶᠢᠯᠳᠣᠬᠤ ᠪᠣᠳᠣᠯᠭ᠎ᠠ ᠶᠢ ᠭᠦᠨᠵᠡᠭᠡᠢ ᠰᠣᠷᠣᠯᠴᠠᠨ ᠲᠣᠣᠱᠯᠠᠭᠤᠯᠵᠦ᠂ ᠲᠣᠮᠳᠠᠳᠦ ᠣᠯᠣᠰ ᠤᠨ ᠣᠨᠴᠠᠯᠢᠭ ᠪᠦᠬᠦᠢ ᠨᠡᠶᠢᠭᠡᠮ ᠵᠢᠷᠣᠮ ᠤᠨ ᠠᠭᠤᠣ ᠶᠡᠭᠡ ᠲᠤᠭ ᠢ ᠦᠨᠳᠣᠷ ᠮᠠᠨᠳᠣᠭᠤᠯᠣᠨ᠂ ᠪᠦᠯᠬᠦᠮᠳᠠᠯ ᠪᠡ ᠠᠷᠠᠳᠴᠢᠯᠠᠯ ᠭᠡᠭᠦ ᠬᠤᠶᠠᠷ ᠲᠣᠮᠦ ᠭᠤᠣᠯ ᠰᠡᠳᠣᠪ ᠢ ᠪᠠᠷᠢᠮᠳᠠᠯᠠᠨ᠂ ᠪᠦᠬᠦ ᠬᠤᠰᠢᠭᠤᠨ ᠤ ᠠᠵᠢᠯ ᠤᠨ ᠭᠤᠣᠯᠳᠠᠯᠠᠭ᠎ᠠ ᠶᠢᠨ ᠲᠣᠭᠤᠷᠢᠨ ᠳᠤ ᠣᠯᠣᠰ ᠲᠦᠷᠦ ᠪᠠᠷ ᠵᠦᠪᠯᠡᠬᠦ᠂ ᠠᠷᠠᠳᠴᠢᠯᠠᠯ ᠢᠶᠠᠷ ᠬᠢᠨᠠᠯᠳᠠ ᠲᠠᠯᠪᠢᠬᠤ᠂ ᠵᠠᠰᠠᠭ ᠤᠨ ᠶᠠᠪᠣᠳᠠᠯ ᠳᠤ ᠣᠷᠣᠯᠴᠠᠨ ᠵᠠᠰᠠᠭ ᠤᠨ ᠶᠠᠪᠣᠳᠠᠯ ᠢ ᠵᠦᠪᠯᠡᠬᠦ ᠴᠢᠳᠠᠪᠬᠢ ᠶᠢ ᠨᠠᠷᠢᠨ ᠬᠢᠨᠠᠮᠠᠭᠠᠢ ᠪᠡᠶᠡᠯᠡᠬᠦᠯᠦᠨ᠂ ᠬᠠᠷᠢᠴᠠᠭ᠎ᠠ ᠶᠢ ᠵᠣᠬᠢᠴᠠᠭᠤᠯᠬᠤ᠂ ᠬᠦᠴᠦᠨ ᠢ ᠨᠢᠭᠳᠠᠷᠠᠭᠤᠯᠬᠤ᠂ ᠠᠷᠭ᠎ᠠ ᠪᠣᠳᠣᠯᠭ᠎ᠠ ᠭᠠᠷᠭᠠᠬᠤ᠂ ᠶᠡᠭᠡ ᠲᠠᠯ᠎ᠠ ᠳᠤ ᠣᠶᠢᠯᠡᠴᠢᠯᠡᠬᠦ ᠣᠶᠢᠯᠡᠳᠣᠯ ᠢ ᠬᠦᠢᠴᠡᠳ ᠪᠠᠳᠠᠷᠠᠭᠤᠯᠵᠦ᠂ ᠪᠦᠬᠦ ᠬᠤᠰᠢᠭᠤᠨ ᠤ ᠠᠵᠦ ᠠᠬᠤᠢ ᠨᠡᠶᠢᠭᠡᠮ ᠤᠨ ᠲᠣᠭᠳᠠᠭᠤᠨ᠂ ᠡᠷᠡᠭᠦᠯ ᠢᠶᠠᠷ ᠭᠦᠭᠵᠢᠬᠦ ᠶᠢ ᠠᠬᠢᠭᠤᠯᠬᠤ ᠶᠢᠨ ᠲᠦᠯᠣᠭᠡ ᠣᠶᠣᠨ ᠣᠬᠠᠭᠠᠨ ᠪᠡ ᠬᠦᠴᠦᠨ ᠴᠢᠳᠠᠯ ᠢᠶᠠᠨ ᠨᠡᠮᠡᠷᠢᠯᠡᠵᠡᠢ᠃      ᠦᠩᠭᠡᠷᠡᠭᠰᠡᠨ ᠲᠠᠪᠣᠨ ᠵᠢᠯ ᠠᠵᠢᠯ ᠤᠨ ᠭᠤᠣᠯᠳᠠᠯᠭ᠎ᠠ ᠶᠢᠨ ᠲᠣᠭᠤᠷᠢᠨ ᠳᠤ᠂ ᠤᠯᠤᠰ ᠲᠥᠷᠥ ᠶᠢᠨ ᠵᠤᠭᠰᠤᠴᠠ ᠪᠠᠨ ᠳᠡᠭᠡᠭᠰᠢᠯᠡᠭᠦᠯᠦᠨ᠂ ᠤᠯᠤᠰ ᠲᠥᠷᠥ ᠶᠢᠨ ᠦᠵᠡᠯ ᠰᠠᠨᠠᠭᠠᠨ ᠤ ᠬᠠᠮᠲᠦ ᠶᠢᠨ ᠲᠠᠨᠢᠯᠲᠠ ᠶᠢᠨ ᠰᠠᠭᠤᠷᠢ ᠶᠢ ᠪᠠᠬᠢᠵᠢᠭᠦᠯᠦᠨ᠂ ᠠᠵᠢᠯ ᠤᠨ ᠭᠤᠣᠯᠳᠠᠯᠭ᠎ᠠ ᠶᠢ ᠲᠥᠪᠯᠡᠷᠡᠭᠦᠯᠦᠨ᠂ ᠤᠯᠤᠰ ᠲᠥᠷᠥ ᠶᠢᠨ ᠵᠥᠪᠯᠡᠯᠭᠡ ᠬᠢᠬᠦ ᠶᠢ ᠦᠨᠡᠨ ᠪᠤᠳᠠᠲᠠᠢ ᠠᠬᠢᠭᠤᠯᠵᠤ᠂ ᠠᠷᠭ᠎ᠠ ᠵᠠᠮ ᠢ ᠳᠠᠰᠤᠷᠠᠯᠲᠠ ᠦᠭᠡᠢ ᠥᠷᠭᠡᠳᠬᠡᠵᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ  ᠶᠢ ᠬᠠᠶᠢᠨ ᠰᠦᠪᠡᠭᠴᠢᠯᠡᠵᠦ ᠠᠬᠢᠭᠤᠯᠤᠨ᠂ ᠠᠵᠤ ᠠᠬᠤᠢ ᠶᠢᠨ ᠬᠥᠭᠵᠢᠯᠲᠡ ᠶᠢ ᠬᠠᠪᠰᠤᠷᠤᠨ ᠠᠬᠢᠭᠤᠯᠵᠤ᠂ ᠵᠠᠰᠠᠭ ᠤᠨ ᠶᠠᠪᠤᠳᠠᠯ ᠳᠤ ᠣᠷᠣᠯᠴᠠᠨ ᠵᠠᠰᠠᠭ ᠤᠨ ᠶᠠᠪᠤᠳᠠᠯ ᠢ ᠵᠥᠪᠯᠡᠬᠦ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠭᠠᠳᠠᠭᠰᠢ ᠰᠣᠯᠢᠯᠴᠠᠬᠤ ᠶᠢ ᠴᠢᠩᠭᠠᠳᠬᠠᠵᠦ᠂ ᠬᠠᠷᠢᠯᠴᠠᠨ ᠨᠡᠪᠲᠡᠷᠡᠯᠴᠡᠬᠦ ᠠᠵᠢᠯ ᠢ ᠰᠠᠶᠢᠨ ᠬᠢᠨ᠂ ᠭᠡᠰᠢᠭᠦᠳ ᠤᠨ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠤᠨ᠂ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠠᠮᠢᠵᠢᠷᠠᠯ ᠤᠨ ᠬᠦᠴᠦᠨ ᠢ ᠨᠡᠮᠡᠭᠳᠡᠭᠦᠯᠦᠨ ᠴᠢᠩᠭᠠᠳᠬᠠᠵᠤ᠂ ᠲᠤᠰᠬᠠᠢ ᠵᠥᠪᠯᠡᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠦᠬᠦᠯᠢ ᠴᠣᠭᠴᠠ ᠶᠢᠨ ᠳᠠᠪᠠᠭᠤᠯᠢᠭ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠨ᠂ ᠣᠪᠣᠷ ᠰᠤᠷᠲᠠᠯ ᠢᠶᠠᠨ ᠬᠤᠪᠢᠷᠠᠭᠤᠯᠵᠤ᠂ ᠬᠡᠪ ᠴᠢᠨᠠᠷ ᠢᠶᠠᠨ ᠳᠡᠭᠡᠭᠰᠢᠯᠡᠭᠦᠯᠪᠡ᠃      ᠰᠤᠮᠢᠶ᠎ᠠ ᠴᠢᠬᠤᠯᠠᠴᠢᠯᠠᠬᠤ ᠳᠠᠭᠠᠨ᠂ ᠬᠤᠶᠢᠰᠢᠳᠠ ᠶᠢᠨ ᠲᠠᠪᠤᠨ ᠵᠢᠯ ᠪᠣᠯ ᠮᠠᠨ ᠤ ᠤᠯᠤᠰ ᠶᠠᠭ ᠰᠠᠶᠢᠬᠠᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠣᠨ ᠪᠦᠲᠦᠭᠡᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠡᠬᠢᠯᠡᠯᠲᠡ ᠶᠢᠨ ᠰᠢᠨ᠎ᠡ ᠠᠶᠠᠯᠠᠯ ᠪᠣᠯᠬᠤ ᠶᠤᠮ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠮᠡᠳᠡᠭᠦᠯᠦᠯᠳᠡ ᠨᠢ ᠰᠢᠨ᠎ᠡ ᠴᠠᠭ ᠦᠶ᠎ᠡ ᠶᠢᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠳᠤ ᠰᠢᠨ᠎ᠡ ᠥᠨᠳᠥᠷ ᠱᠠᠭᠠᠷᠳᠠᠯᠭ᠎ᠠ ᠶᠢ ᠳᠤᠷᠠᠳᠤᠨ ᠭᠠᠷᠭᠠᠵᠤ᠂ ᠰᠢᠨ᠎ᠡ ᠨᠢᠭᠡ ᠬᠤᠭᠤᠴᠠᠭᠠᠨ ᠤ ᠤᠯᠤᠰ ᠲᠥᠷᠥ ᠶᠢᠨ ᠵᠥᠪᠯᠯᠡᠭᠡᠨ ᠳᠤ ᠰᠢᠨ᠎ᠡ ᠶᠢ ᠡᠭᠦᠳᠬᠦ ᠬᠥᠭᠵᠢᠯᠲᠡ ᠶᠢᠨ ᠬᠦᠨᠳᠦ ᠴᠢᠬᠤᠯᠠ ᠡᠭᠦᠷᠭᠡ ᠲᠣᠯᠭᠠᠷᠠᠵᠦ ᠢᠷᠡᠯ᠎ᠡ᠃ ᠲᠡᠤᠬᠡᠲᠦ ᠡᠭᠦᠷᠭᠡ ᠥᠩᠬᠡ ᠭᠡᠷᠡᠯ ᠲᠠᠢ᠂ ᠡᠭᠦᠷᠭᠡ ᠬᠠᠷᠢᠭᠤᠴᠠᠯᠭ᠎ᠠ ᠬᠦᠨᠳᠦ ᠴᠢᠬᠤᠯᠠ ᠪᠠᠶᠢᠵᠤ᠂ ᠡᠷᠬᠡᠪᠰᠢ ᠬᠤᠰᠢᠭᠤ ᠨᠠᠮ ᠤᠨ ᠬᠤᠷᠢᠶᠠᠨ ᠤ ᠪᠠᠲᠦ ᠴᠢᠩᠭ᠎ᠠ ᠤᠳᠤᠷᠢᠳᠤᠯᠭ᠎ᠠ ᠶᠢᠨ ᠲᠣᠣᠷ᠎ᠠ᠂ ᠴᠠᠭ ᠦᠶ᠎ᠡ ᠲᠠᠢ ᠵᠡᠷᠭᠡᠴᠡᠨ ᠴᠣᠴᠠᠯᠲᠠ ᠦᠭᠡᠢ ᠤᠷᠤᠭᠰᠢᠯᠠᠵᠤ᠂ ᠮᠠᠨ ᠤ ᠬᠤᠰᠢᠭᠤᠨ ᠤ ᠤᠯᠤᠰ ᠲᠥᠷᠥ ᠶᠢᠨ ᠵᠥᠪᠯᠯᠡᠭᠡᠨ ᠤ ᠠᠵᠢᠯ ᠤᠨ ᠰᠢᠨ᠎ᠡ ᠳᠦᠷᠰᠦ ᠪᠠᠶᠢᠳᠠᠯ ᠢ ᠳᠠᠰᠤᠷᠠᠯᠲᠠ ᠦᠭᠡᠢ ᠡᠭᠦᠳᠬᠦ ᠬᠡᠷᠡᠭᠲᠡᠢ᠃      ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠂ ᠤᠯᠤᠰ ᠲᠥᠷᠥ ᠶᠢᠨ ᠴᠢᠭᠯᠡᠯ ᠢ ᠪᠠᠲᠤ ᠣᠨᠣᠪᠴᠢᠲᠠᠢ ᠡᠵᠡᠮᠳᠡᠵᠦ ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠨ᠂ ᠵᠥᠪᠯᠡᠬᠦ ᠠᠷᠠᠳᠴᠢᠯᠠᠯ ᠢ ᠪᠦᠬᠦ ᠬᠦᠴᠦᠨ ᠢᠶᠠᠷ ᠠᠬᠢᠭᠤᠯᠵᠤ᠂ ᠡᠮᠬᠢ ᠴᠡᠭᠴᠡ ᠲᠠᠢ ᠲᠦᠯᠬᠢᠨ ᠠᠬᠢᠭᠤᠯᠬᠤ ᠶᠢ ᠪᠤᠳᠠᠲᠠᠢ ᠬᠡᠷᠡᠭᠵᠢᠭᠦᠯᠦᠨ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠪᠤᠳᠠᠲᠠᠢ ᠥᠷᠨᠢᠭᠦᠯᠵᠦ᠂ ᠠᠷᠠᠳ ᠤᠨ ᠲᠥᠯᠦᠭᠡ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠨ᠂ ᠵᠠᠰᠠᠭ ᠤᠨ ᠶᠠᠪᠤᠳᠠᠯ ᠳᠤ ᠣᠷᠣᠯᠴᠠᠨ ᠵᠠᠰᠠᠭ ᠤᠨ ᠶᠠᠪᠤᠳᠠᠯ ᠢ ᠵᠥᠪᠯᠡᠬᠦ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠭᠡᠰᠢᠭᠦᠳ ᠤᠨ ᠡᠭᠦᠷᠭᠡ ᠳᠤᠰᠢᠶᠠᠯ ᠢᠶᠠᠨ ᠭᠦᠢᠴᠡᠳᠬᠡᠬᠦ ᠴᠢᠳᠠᠪᠦᠷᠢ ᠶᠢ ᠨᠡᠮᠡᠭᠳᠡᠭᠦᠯᠵᠦ᠂ ᠭᠡᠰᠢᠭᠦᠳ ᠤᠨ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠵᠤ᠂ ᠦᠵᠡᠯ ᠰᠠᠨᠠᠭ᠎ᠠ ᠬᠡᠪ ᠰᠤᠷᠲᠠᠯ ᠤᠨ ᠪᠠᠶᠢᠭᠤᠯᠤᠯᠲᠠ ᠪᠠᠨ ᠴᠢᠩᠭᠠᠳᠬᠠᠵᠤ᠂ ᠡᠭᠦᠷᠭᠡ ᠲᠤᠰᠢᠶᠠᠯ ᠤᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠰᠤᠷᠲᠠᠯ ᠤᠬᠠᠭᠤᠯᠭ᠎ᠠ ᠶᠢᠨ ᠠᠷᠭ᠎ᠠ ᠵᠠᠮ ᠢ ᠳᠠᠰᠤᠷᠠᠯᠲᠠ ᠦᠭᠡᠢ ᠥᠷᠭᠡᠳᠬᠡᠵᠦ᠂ ᠭᠠᠳᠠᠭᠰᠢ ᠤᠬᠠᠭᠤᠯᠭ᠎ᠠ ᠶᠢᠨ ᠠᠵᠢᠯ ᠢ ᠰᠠᠶᠢᠨ ᠬᠢᠨ᠎ᠡ᠃      ᠰᠣᠮᠢᠶ᠎ᠠ ᠶᠠᠷᠢᠶᠠᠨ ᠳᠠᠭᠠᠨ᠂ 2018 ᠣᠨ ᠪᠣᠯ ︿︿ᠠᠷᠪᠠᠨ ᠭᠤᠷᠪᠠᠳᠤᠭᠠᠷ ᠲᠠᠪᠤᠨ ᠵᠢᠯ﹀﹀᠎ ᠤᠨ ᠲᠥᠯᠥᠪᠵᠢᠭᠦᠯᠬᠡ ᠶᠢᠨ ᠴᠢᠬᠤᠯᠠ ᠨᠢᠭᠡ ᠵᠢᠯ᠂ ᠪᠠᠰᠠ ᠴᠦ ᠠᠷᠪᠠᠳᠤᠭᠠᠷ ᠬᠤᠭᠤᠴᠠᠭᠠᠨ ᠤ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠳᠤᠰᠢᠶᠠᠯ ᠡᠭᠦᠷᠭᠡᠯᠡᠬᠦ ᠠᠩᠬᠠᠳᠠᠭᠴᠢ ᠵᠢᠯ᠂ ᠡᠨᠡ ᠵᠢᠯ ᠤᠨ ᠠᠵᠢᠯ ᠢᠶᠠᠨ ᠰᠠᠶᠢᠲᠤᠷ ᠬᠢᠬᠦ ᠎ ᠨᠢ ᠬᠦᠨᠳᠦ ᠴᠢᠬᠤᠯᠠ ᠤᠳᠬ᠎ᠠ ᠠᠭᠤᠯᠭ᠎ᠠ ᠲᠠᠢ ᠶᠤᠮ᠃ ᠤᠯᠤᠰ ᠲᠥᠷᠥ ᠶᠢᠨ ᠣᠨᠣᠯ ᠤᠨ ᠰᠤᠷᠤᠯᠴᠠᠯᠭ᠎ᠠ ᠶᠢ ᠰᠠᠶᠢᠲᠤᠷ ᠠᠳᠬᠤᠵᠤ᠂ ᠦᠵᠡᠯ ᠰᠠᠨᠠᠭᠠᠨ ᠤ ᠪᠠᠶᠢᠭᠤᠯᠤᠯᠲᠠ ᠶᠢ ᠳᠠᠰᠤᠷᠠᠯᠲᠠ ᠦᠭᠡᠢ ᠴᠢᠩᠭᠠᠳᠬᠠᠨ᠂ ᠭᠤᠣᠯᠳᠠᠯᠭ᠎ᠠ ᠶᠢᠨ ᠲᠣᠭᠤᠷᠢᠨ ᠳᠤ ᠨᠢᠭᠲᠠᠷᠠᠨ ᠪᠦᠯᠬᠦᠮᠳᠡᠵᠦ ᠡᠭᠦᠷᠭᠡ ᠲᠤᠰᠢᠶᠠᠯ ᠢᠶᠠᠨ ᠢᠳᠡᠪᠬᠢᠲᠡᠢ ᠪᠡᠶᠡᠯᠡᠭᠦᠯᠦᠨ᠂ ᠪᠦᠬᠦ ᠬᠤᠰᠢᠭᠤᠨ ᠤ ᠬᠥᠭᠵᠢᠯᠲᠡ ᠳᠤ ᠠᠷᠭ᠎ᠠ ᠪᠣᠳᠤᠯᠭ᠎ᠠ ᠪᠠᠨ ᠡᠷᠭᠦᠵᠦ᠂ ᠭᠡᠰᠢᠭᠦᠳ ᠤᠨ ᠦᠢᠯᠡᠴᠢᠯᠡᠭᠡᠨ ᠤ ᠬᠠᠮᠢᠶᠠᠷᠤᠯᠲᠠ ᠪᠠᠨ ᠰᠠᠶᠢᠲᠤᠷ ᠬᠢᠵᠦ᠂ ᠭᠡᠰᠢᠭᠦᠳ ᠤᠨ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠤᠨ᠂ ᠲᠤᠰ ᠪᠡᠶ᠎ᠡ ᠶᠢᠨ ᠪᠠᠶᠢᠭᠤᠯᠤᠯᠲᠠ ᠶᠢ ᠬᠦᠴᠦᠯᠡᠨ ᠠᠳᠬᠤᠵᠤ᠂ ᠡᠯ᠎ᠡ ᠲᠥᠷᠥᠯ ᠤᠨ ᠠᠵᠢᠯ ᠤᠨ ᠡᠮᠬᠢ ᠴᠡᠭᠴᠡ ᠲᠠᠢ ᠶᠠᠪᠤᠭᠳᠠᠬᠤ ᠶᠢ ᠠᠬᠢᠭᠤᠯᠬᠤ ᠬᠡᠷᠡᠭᠲᠡᠢ ᠭᠡᠵᠡᠢ᠃      ᠰᠣᠮᠢᠶ᠎ᠠ ᠶᠠᠷᠢᠶᠠᠨ ᠤ ᠪᠠᠨ ᠲᠡᠭᠦᠰᠭᠡᠯ ᠳᠤ᠂  ᠰᠢᠨ᠎ᠠ ᠴᠠᠭ ᠦᠶ᠎ᠡ ᠳᠤ᠂ ᠪᠢᠳᠠ ᠰᠠᠶᠢᠨ ᠰᠠᠶᠢᠬᠠᠨ ᠠᠮᠢᠳᠣᠷᠠᠯ ᠎ ᠳᠠᠭᠠᠨ ᠰᠡᠳᠬᠢᠯ ᠪᠠᠭ᠋ᠠᠳᠣᠨ ᠬᠦᠰᠡᠮᠵᠢᠯᠡᠵᠦ᠂ ᠠᠷᠠᠳ ᠤᠨ ᠣᠯᠣᠰ ᠲᠦᠷᠦ ᠶᠢᠨ ᠵᠦᠪᠯᠡᠯᠭᠡᠨ ᠤ ᠠᠵᠢᠯ ᠣᠶᠢᠯᠡᠰ ᠎ ᠤᠨ ᠭᠦᠭᠵᠢᠯᠳᠠ ᠳᠤ ᠢᠳᠡᠭᠡᠯ ᠬᠦᠰᠡᠯᠡᠩ ᠢ ᠲᠦᠭᠦᠷᠡᠩ ᠡᠪᠣᠷᠯᠠᠨ᠎ᠠ᠃ ᠰᠢᠨ᠎ᠠ ᠨᠢᠭᠡ ᠬᠤᠭᠤᠴᠠᠭᠠᠨ ᠤ ᠣᠯᠣᠰ ᠲᠦᠷᠦ ᠶᠢᠨ ᠵᠦᠪᠯᠡᠯᠭᠡᠨ ᠨᠢ ᠯᠠᠪᠳᠠᠢ ᠬᠤᠰᠢᠭᠤ ᠨᠠᠮ ᠤᠨ ᠬᠤᠷᠢᠶ᠎ᠠ ᠶᠢᠨ ᠵᠦᠪ ᠣᠨᠣᠪᠴᠢᠳᠠᠢ ᠣᠳᠣᠷᠢᠳᠣᠯᠭ᠎ᠠ ᠶᠢᠨ ᠲᠣᠣᠷ᠎ᠠ᠂ ᠣᠭ ᠰᠠᠨᠠᠭ᠎ᠠ ᠪᠠᠨ ᠦᠯᠦ ᠮᠡᠷᠳᠡᠨ᠂ ᠡᠭᠦᠷᠭᠡ ᠬᠠᠷᠢᠭᠤᠴᠠᠯᠠᠭ᠎ᠠ ᠪᠠᠨ ᠪᠠᠳᠦ ᠴᠢᠭᠡᠵᠢᠯᠡᠵᠦ᠂ ᠰᠢᠨ᠎ᠠ ᠴᠠᠭ ᠦᠶ᠎ᠡ ᠶᠢ ᠣᠭᠳᠣᠨ᠂ ᠰᠢᠨ᠎ᠠ ᠠᠶᠠᠯᠠᠯ ᠢᠶᠠᠨ ᠡᠬᠢᠯᠡᠬᠦᠯᠵᠦ᠂ ᠢᠷᠡᠭᠦ ᠲᠠᠪᠣᠨ ᠵᠢᠯ ᠤᠨ ᠲᠣᠳᠣᠷ᠎ᠠ᠂ ᠪᠣᠳᠠᠳᠠᠢ ᠠᠵᠢᠯᠯᠠᠨ᠂ ᠰᠢᠨ᠎ᠠ ᠶᠢ ᠡᠭᠦᠳᠴᠦ᠂ ᠠᠷᠠᠳ ᠤᠨ ᠣᠯᠣᠰ ᠲᠦᠷᠦ ᠶᠢᠨ ᠵᠦᠪᠯᠡᠯᠭᠡᠨ ᠤ ᠠᠵᠢᠯ ᠣᠶᠢᠯᠡᠰ ᠤᠨ ᠰᠢᠨ᠎ᠠ ᠲᠦᠷᠰᠦ ᠪᠠᠶᠢᠳᠠᠯ ᠢ ᠲᠠᠰᠣᠷᠠᠯᠳᠠ ᠦᠭᠡᠢ ᠡᠭᠦᠳᠴᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠣᠨ ᠰᠡᠢᠳᠪᠦᠷᠢᠳᠦ ᠢᠯᠡᠯᠳᠠ ᠣᠯᠬᠤ ᠶᠢᠨ ᠲᠦᠯᠦᠭᠡ᠂ ᠪᠠᠶᠠᠨ ᠲᠠᠩᠰᠤᠭ᠂ ᠪᠣᠯᠪᠠᠰᠣᠨ᠂ ᠦᠵᠡᠰᠭᠦᠯᠡᠩᠳᠦ ᠰᠠᠶᠢᠬᠠᠨ᠂ ᠵᠣᠯ ᠵᠢᠷᠭᠠᠯᠳᠦ ᠵᠡᠬᠦᠨ ᠦᠵᠦᠮᠦᠴᠢᠨ ᠬᠤᠰᠢᠭᠤ ᠶᠢ ᠪᠦᠳᠣᠭᠡᠨ ᠪᠠᠶᠢᠭᠤᠯᠬᠤ ᠶᠢᠨ ᠲᠦᠯᠦᠭᠡ ᠨᠠᠩ ᠶᠡᠭᠡ ᠬᠤᠪᠢ ᠨᠡᠮᠡᠷᠢ ᠪᠠᠨ ᠦᠵᠡᠬᠦᠯᠰᠣᠭᠡᠢ᠃      ᠪᠣᠣ ᠸᠠᠨ ᠬᠤᠸᠠ ᠠᠴᠠ ᠣᠯᠣᠰ ᠲᠦᠷᠦ ᠶᠢᠨ ᠵᠦᠪᠯᠡᠯᠭᠡᠨ ᠤ ᠵᠡᠭᠦᠨ ᠦᠵᠦᠮᠦᠴᠢᠨ ᠬᠤᠰᠢᠭᠤᠨ ᠤ ᠶᠢᠰᠣᠳᠣᠭᠡᠷ ᠬᠤᠭᠤᠴᠠᠭᠠᠨ ᠤ ᠬᠤᠷᠢᠶ᠎ᠠ ᠶᠢᠨ ᠪᠠᠨᠶᠢᠭ᠍ᠭᠤ ᠶᠢᠨ ᠬᠤᠷᠢᠶ᠎ᠠ ᠶᠢᠨ ᠨᠠᠶᠢᠳᠠᠯᠠᠭ᠎ᠠ ᠪᠠᠷ ᠶᠡᠭᠡ ᠬᠤᠷᠠᠯ ᠳᠤ ᠥᠩᠭᠡᠷᠡᠭᠰᠡᠨ ᠲᠠᠪᠤᠨ ᠵᠢᠯ ᠤᠨ ᠰᠠᠨᠠᠯ ᠲᠣᠷᠠᠳᠣᠯᠭ᠎ᠠ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠳᠠ ᠭᠢᠵᠡᠢ᠃      ᠲᠠᠪᠤᠨ ᠵᠢᠯ ᠤᠨ ᠲᠤᠷᠰᠢ᠂ ᠰᠠᠨᠠᠯ ᠳᠤᠷᠠᠳᠤᠯᠭ᠎ᠠ ᠶᠢᠨ ᠠᠵᠢᠯ ᠨᠢ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠶᠢᠨ ᠤᠳᠤᠷᠢᠳᠤᠯᠭ᠎ᠠ ᠳᠣᠣᠷ᠎ᠠ᠂ ᠤᠯᠤᠰ ᠲᠥᠷᠥ ᠶᠢᠨ ᠵᠥᠪᠯᠡᠯᠭᠡᠨ ᠤ ᠡᠯ᠎ᠡ ᠣᠷᠣᠯᠴᠠᠬᠤ ᠨᠢᠭᠡᠴᠡ᠂ ᠲᠤᠰᠬᠠᠢ ᠠᠵᠢᠯ ᠤᠨ ᠵᠥᠪᠯᠡᠯ ᠪᠣᠯᠣᠨ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠬᠠᠮᠲᠦ ᠶᠢᠨ ᠴᠢᠷᠮᠠᠶᠢᠯᠭ᠎ᠠ ᠳᠣᠣᠷ᠎ᠠ᠂ ᠨᠠᠮ ᠤᠨ ᠠᠷᠪᠠᠨ ᠨᠠᠢᠮᠠᠳᠤᠭᠷ ᠶᠡᠭᠡ ᠬᠤᠷᠠᠯ ᠪᠣᠯᠣᠨ ᠠᠷᠪᠠᠨ ᠨᠠᠢᠮᠠᠳᠤᠭᠠᠷ ᠶᠡᠭᠡ ᠬᠤᠷᠠᠯ ᠤᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨ ᠭᠦᠨᠵᠡᠭᠡᠢ ᠲᠤᠤᠱᠯᠠᠭᠤᠯᠤᠨ ᠰᠤᠷᠤᠯᠴᠠᠵᠤ᠂ ᠨᠡᠶᠢᠭᠡᠮ ᠵᠢᠷᠤᠮ ᠤᠨ ᠵᠥᠪᠯᠡᠬᠦ ᠠᠷᠠᠳᠴᠢᠯᠠᠯ ᠤᠨ ᠳᠥᠷᠢᠮ ᠤᠨ ᠥᠷᠭᠡᠨ ᠳᠡᠯᠭᠡᠷ ᠴᠢᠨᠠᠷ ᠪᠠ ᠣᠯᠠᠨ ᠳᠠᠪᠬᠤᠷᠭᠠᠲᠤ ᠴᠢᠨᠠᠷ ᠤᠨ ᠳᠥᠷᠢᠮᠵᠢᠯᠲᠡ ᠬᠥᠭᠵᠢᠯᠲᠡ ᠶᠢᠨ ᠦᠷ᠎ᠡ ᠠᠰᠢᠭᠲᠤ ᠠᠷᠭ᠎ᠠ ᠵᠠᠮ ᠢ ᠢᠳᠡᠪᠬᠢᠲᠡᠢ ᠡᠷᠢᠯᠬᠢᠯᠡᠨ᠂ ᠰᠢ ᠶᠢᠨ ᠫᠢᠩ ᠶᠡᠷᠥᠩᠬᠡᠢ ᠱᠦᠵᠢ ᠶᠢᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠪᠠᠶᠢᠭᠤᠯᠤᠭᠳᠠᠭᠰᠠᠨ 65 ᠵᠢᠯ ᠤᠨ ᠣᠢ ᠶᠢ ᠪᠡᠯᠭᠡᠯᠡᠬᠦ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠦᠷᠢᠵᠢᠭᠤᠯᠵᠤ᠂ ᠨᠡᠶᠢᠭᠡᠮ ᠵᠢᠷᠤᠮᠲᠦ ᠵᠥᠪᠯᠡᠬᠦ ᠠᠷᠠᠳᠴᠢᠯᠠᠯ ᠤᠨ ᠰᠠᠨᠠᠯ ᠳᠤᠷᠠᠳᠤᠯᠭ᠎ᠠ ᠶᠢᠨ ᠠᠵᠢᠯ ᠤᠨ ᠳᠤᠮᠳᠠᠬᠢ ᠥᠪᠡᠷᠮᠢᠴᠡ ᠦᠢᠯᠡᠳᠦᠯ ᠢ ᠭᠦᠢᠴᠡᠳ ᠪᠠᠳᠠᠷᠠᠭᠤᠯᠤᠨ᠂ ᠰᠠᠨᠠᠯ ᠳᠤᠷᠠᠳᠤᠭᠴᠢ ᠪᠣᠯᠣᠨ ᠳᠠᠭᠠᠭᠠᠴᠢᠯᠠᠨ ᠭᠦᠢᠴᠡᠳᠬᠡᠬᠦ ᠨᠢᠭᠡᠴᠡ ᠶᠢᠨ ︿︿ ᠨᠢᠭᠤᠷᠳᠠᠨ ᠵᠥᠪᠳᠡᠯᠴᠡᠬᠦ﹀﹀ ᠲᠠᠪᠴᠠᠩ ᠢ ᠴᠣᠭᠴᠠᠯᠠᠨ ᠪᠠᠶᠢᠭᠤᠯᠵᠤ᠂ ᠰᠠᠨᠠᠯ ᠳᠤᠷᠠᠳᠤᠯᠭ᠎ᠠ ᠶᠢᠨ ᠠᠵᠢᠯ ᠤᠨ ᠰᠢᠨ᠎ᠡ ᠡᠭᠦᠳᠦᠯᠳᠡ ᠬᠥᠭᠵᠢᠯᠲᠡ ᠶᠢ ᠳᠦᠯᠬᠢᠨ ᠠᠬᠢᠭᠤᠯᠪᠠ᠃ ᠰᠠᠨᠠᠯ ᠳᠤᠷᠠᠳᠤᠯᠭ᠎ᠠ ᠶᠢᠨ ᠠᠵᠢᠯ ᠨᠢ ᠳᠡᠭᠡᠲᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠣᠪᠣᠷ ᠢᠶᠠᠷ ᠪᠦᠬᠦ ᠬᠤᠰᠢᠭᠤᠨ ᠤ ᠠᠵᠢᠯ ᠤᠨ ᠭᠤᠣᠯᠳᠠᠯᠭ᠎ᠠ ᠪᠣᠯᠣᠨ ᠥᠷᠭᠡᠨ ᠣᠯᠠᠨ ᠠᠷᠠᠳ ᠲᠦᠮᠡᠨ ᠤ ᠰᠡᠳᠬᠢᠯ ᠲᠠᠯᠪᠢᠵᠤ ᠪᠠᠶᠢᠭ᠎ᠠ ᠬᠠᠯᠠᠮᠰᠢᠯ ᠠᠰᠠᠭᠤᠳᠠᠯ᠂ ᠬᠦᠴᠢᠷᠳᠡᠯᠲᠡᠢ ᠠᠰᠠᠭᠤᠳᠠᠯ ᠤᠨ ᠲᠣᠭᠤᠷᠢᠨ ᠳᠤ᠂ ᠡᠭᠦᠷᠭᠡ ᠴᠢᠳᠠᠪᠬᠢ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠢᠳᠡᠪᠬᠢᠲᠡᠢ ᠪᠠᠷ ᠰᠠᠨᠠᠯ ᠵᠥᠪᠯᠡᠯᠭᠡ᠂ ᠠᠷᠭ᠎ᠠ ᠪᠣᠳᠤᠯᠭ᠎ᠠ ᠪᠠᠨ ᠳᠡᠪᠰᠢᠭᠦᠯᠦᠭᠰᠡᠨ ᠪᠠᠶᠢᠨ᠎ᠠ᠃ ᠲᠠᠪᠤᠨ ᠵᠢᠯ ᠤᠨ ᠲᠤᠷᠰᠢ᠂ ᠨᠡᠶᠢᠲᠡ 198 ᠬᠤᠪᠢ ᠰᠠᠨᠠᠯ ᠳᠤᠷᠠᠳᠤᠯᠭ᠎ᠠ ᠬᠦᠯᠢᠶᠡᠨ ᠠᠪᠴᠦ᠂ ᠰᠠᠨᠠᠯ ᠳᠤᠷᠠᠳᠤᠯᠭ᠎ᠠ ᠶᠢᠨ ᠬᠢᠨᠠᠨ ᠪᠠᠶᠢᠴᠠᠭᠠᠬᠤ ᠺᠣᠮᠢᠰ ᠤᠨ ᠬᠢᠨᠠᠨ ᠪᠠᠶᠢᠴᠠᠭᠠᠯᠲᠠ ᠪᠠᠷ ᠳᠠᠮᠵᠢᠨ 169 ᠬᠤᠪᠢ ᠰᠠᠨᠠᠯ ᠳᠤᠷᠠᠳᠤᠯᠭ᠎ᠠ ᠶᠢ ᠳᠠᠩᠰᠠᠯᠠᠨ ᠪᠠᠶᠢᠭᠤᠯᠵᠤ᠂ ᠳᠠᠩᠰᠠᠯᠠᠨ ᠪᠠᠶᠢᠭᠤᠯᠤᠭᠰᠠᠨ ᠨᠣᠷᠮ᠎ᠠ ᠨᠢ 85.4%᠎ ᠳᠤ ᠬᠦᠷᠴᠦ᠂ ᠠᠵᠤ ᠠᠬᠤᠢ᠂ ᠰᠢᠨᠵᠢᠯᠡᠬᠦ ᠤᠬᠠᠭᠠᠨ  ᠂ ᠰᠤᠶᠤᠯ ᠰᠤᠷᠭᠠᠨ ᠬᠦᠮᠦᠵᠢᠯ᠂ ᠡᠷᠡᠭᠦᠯ ᠬᠠᠮᠠᠭᠠᠯᠠᠯ᠂ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ᠂ ᠨᠡᠶᠢᠭᠡᠮ᠂ ᠬᠦᠳᠡᠯᠮᠦᠷᠢ ᠬᠦᠴᠦ᠂ ᠱᠠᠰᠢᠨ ᠰᠤᠷᠲᠠᠬᠤᠨ᠂ ᠠᠮᠢ ᠠᠬᠤᠢ ᠶᠢ ᠬᠠᠮᠤᠷᠴᠦ᠂ 2017 ᠣᠨ ᠤ ᠡᠴᠦᠰ ᠪᠣᠯᠲᠠᠯ᠎ᠠ᠂ ᠰᠠᠨᠠᠯ ᠳᠤᠷᠠᠳᠤᠯᠭ᠎ᠠ ᠳᠠᠭᠠᠭᠠᠴᠢᠯᠠᠨ ᠭᠦᠢᠴᠡᠳᠬᠡᠬᠦ ᠨᠢᠭᠡᠴᠡ ᠨᠢ ᠳᠠᠭᠠᠭᠠᠴᠢᠯᠠᠨ ᠭᠦᠢᠴᠡᠳᠬᠡᠭᠦᠯᠬᠦ ᠰᠠᠨᠠᠯ ᠳᠤᠷᠠᠳᠤᠯᠭ᠎ᠠ ᠶᠢ ᠨᠠᠷᠢᠨ ᠬᠢᠨᠠᠮᠠᠭᠠᠢ ᠭᠦᠢᠴᠡᠳᠬᠡᠨ ᠨᠠᠶᠢᠳᠠᠪᠦᠷᠢᠵᠢᠭᠤᠯᠵᠤ᠂ ᠪᠦᠬᠦᠨ ᠢ ᠭᠦᠢᠴᠡᠳᠬᠡᠵᠦ ᠪᠡᠶᠡᠯᠡᠭᠦᠯᠦᠨ ᠬᠠᠷᠢᠭᠤᠯᠲᠠ ᠥᠭᠭᠦᠭᠰᠡᠨ ᠠᠴᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠳᠡᠭᠡᠲᠦ ᠬᠡᠮᠵᠢᠶᠡᠨ ᠤ ᠦᠨᠡᠯᠡᠯᠲᠡ ᠶᠢ ᠤᠯᠤᠭᠰᠠᠨ ᠪᠠᠶᠢᠨ᠎ᠠ᠃      2018 ᠣᠨ ᠳᠤ ᠰᠠᠨᠠᠯ ᠲᠣᠷᠠᠳᠣᠯᠭ᠎ᠠ ᠶᠢᠨ ᠠᠵᠢᠯ ᠨᠢ ᠳᠤᠮᠳᠠᠳᠤ ᠤᠯᠤᠰ ᠤᠨ ᠡᠪ ᠬᠠᠮᠲᠦ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠠᠬᠢ ᠤᠯᠤᠰ ᠲᠥᠷᠥ ᠶᠢᠨ ᠵᠥᠪᠯᠯᠡᠭᠡᠨ ᠤ ᠠᠵᠢᠯ ᠢ ᠰᠠᠶᠢᠲᠤᠷ ᠬᠢᠬᠦ ᠲᠤᠬᠠᠢ ᠬᠠᠮᠤᠭ ᠰᠢᠨ᠎ᠡ ᠱᠠᠭᠠᠷᠳᠠᠯᠭ᠎ᠠ ᠶᠢ ᠭᠦᠨ ᠭᠦᠨᠵᠡᠭᠡᠢ ᠣᠶᠢᠯᠠᠭᠠᠵᠤ᠂ ᠳᠤᠮᠳᠠᠳᠤ ᠤᠯᠤᠰ ᠤᠨ ᠣᠨᠴᠯᠠᠶᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠶᠢ ᠬᠠᠮᠲᠦ ᠶᠢᠨ ᠦᠵᠡᠯ ᠰᠠᠨᠠᠭ᠎ᠠ ᠤᠯᠤᠰ ᠲᠥᠷᠥ ᠶᠢᠨ ᠦᠨᠳᠦᠰᠦᠨ ᠰᠠᠭᠤᠷᠢ ᠶᠢ ᠪᠠᠬᠢᠵᠢᠭᠦᠯᠬᠦ ᠶᠢᠨ ᠭᠤᠣᠯ ᠴᠢᠮᠦᠭᠡ ᠪᠣᠯᠭᠠᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠪᠣᠯᠣᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠢᠯᠠᠯᠲᠠ ᠶᠢ ᠲᠡᠮᠡᠴᠡᠨ ᠣᠯᠬᠤ ᠳᠤ ᠬᠦᠴᠦ ᠴᠢᠳᠠᠯ ᠢᠶᠠᠨ ᠨᠡᠮᠡᠷᠢᠯᠡᠬᠦ ᠶᠢ ᠠᠵᠢᠯ ᠤᠨ ᠭᠤᠣᠯ ᠱᠤᠭᠤᠮ ᠪᠣᠯᠭᠠᠵᠤ᠂ ᠦᠵᠡᠯ ᠰᠠᠨᠠᠭ᠎ᠠ ᠪᠠᠷ ᠤᠳᠤᠷᠢᠳᠤᠭᠤᠯᠤᠨ᠂ ᠬᠠᠷᠢᠯᠴᠠᠭ᠎ᠠ ᠶᠢ ᠵᠣᠬᠢᠴᠠᠭᠤᠯᠵᠤ᠂ ᠬᠦᠴᠦᠨ ᠴᠢᠳᠠᠯ ᠢᠶᠠᠨ ᠨᠢᠭᠲᠠᠷᠠᠭᠤᠯᠤᠨ᠂ ᠰᠠᠨᠠᠯ ᠵᠥᠪᠯᠡᠯᠭᠡ ᠠᠷᠭ᠎ᠠ ᠪᠣᠳᠤᠯᠭ᠎ᠠ ᠳᠡᠪᠰᠢᠭᠦᠯᠵᠦ᠂ ᠶᠡᠭᠡ ᠲᠠᠯ᠎ᠠ ᠳᠤ ᠦᠢᠯᠡᠴᠢᠯᠡᠬᠦ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠤᠨ᠂ ᠮᠠᠨ ᠤ ᠬᠤᠰᠢᠭᠤ ᠪᠠᠨ ᠰᠢᠨ᠎ᠡ ᠴᠠᠭ ᠦᠶ᠎ᠡ ᠳᠤ ᠨᠡᠩ ᠥᠨᠳᠥᠷ ᠬᠠᠷᠠᠯᠲᠠ ᠎ ᠳᠤ ᠬᠦᠷᠭᠡᠬᠦ ᠳᠤ ᠬᠠᠮᠲᠦ ᠶᠢᠨ ᠲᠠᠨᠢᠯᠲᠠ᠂ ᠬᠦᠰᠡᠯ ᠰᠡᠳᠬᠢᠯᠭᠡ᠂ ᠣᠶᠣᠨ ᠪᠢᠯᠢᠭ᠂ ᠬᠦᠴᠦᠨ ᠴᠢᠳᠠᠯ ᠢᠶᠠᠨ ᠨᠢᠭᠲᠠᠷᠠᠭᠤᠯᠤᠨ᠎ᠠ᠃      ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠪᠠᠢ ᠴᠢᠤᠸᠠᠨ ᠬᠤᠷᠠᠯ ᠳᠤ ᠶᠠᠷᠢᠶ᠎ᠠ ᠳᠠᠯᠪᠢᠵᠤ᠂ ᠳᠤᠮᠳᠠᠳᠤ ᠤᠯᠤᠰ ᠤᠨ ᠡᠪ ᠬᠠᠮᠲᠦ ᠨᠠᠮ ᠤᠨ ᠵᠡᠭᠦᠨ ᠦᠵᠦᠮᠦᠴᠢᠨ ᠬᠤᠰᠢᠭᠤᠨ ᠤ ᠬᠤᠷᠢᠶ᠎ᠠ ᠶᠢ ᠲᠥᠯᠦᠭᠡᠯᠡᠨ ᠶᠡᠭᠡ ᠬᠤᠷᠠᠯ ᠢ ᠠᠮᠵᠢᠯᠲᠠ ᠲᠠᠢ ᠬᠤᠷᠠᠯᠳᠤᠭᠤᠯᠤᠭᠰᠠᠨ ᠳᠤ ᠬᠠᠯᠭᠤᠨ ᠪᠠᠶᠠᠷ ᠬᠦᠷᠭᠡᠵᠦ᠂ ᠬᠤᠷᠠᠯ ᠳᠤ ᠰᠠᠭᠠᠲᠠᠭᠰᠠᠨ ᠤᠯᠤᠰ ᠲᠥᠷᠥ ᠶᠢᠨ ᠵᠥᠪᠯᠡᠯᠭᠡᠨ ᠤ ᠪᠦᠬᠦ ᠭᠡᠰᠢᠭᠦᠳ ᠪᠠ ᠬᠤᠷᠠᠯ ᠳᠤ ᠣᠷᠣᠯᠴᠠᠭᠰᠠᠨ ᠨᠥᠬᠦᠳ ᠲᠤ ᠮᠡᠨᠳᠦᠴᠢᠯᠡᠯ ᠳᠡᠪᠰᠢᠭᠦᠯᠵᠡᠢ᠃      ᠪᠠᠢ ᠴᠢᠤᠸᠠᠨ ᠵᠢᠭᠠᠬᠤ ᠳᠠᠭᠠᠨ᠂ ᠲᠠᠪᠤᠨ ᠵᠢᠯ ᠤᠨ ᠲᠤᠷᠰᠢ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠤᠨ᠂ ᠪᠦᠯᠬᠦᠮᠳᠡᠯ ᠪᠠ ᠠᠷᠠᠳᠴᠢᠯᠠᠯ ᠭᠡᠬᠦ ᠬᠤᠶᠠᠷ ᠶᠡᠭᠡ ᠰᠡᠳᠦᠪ ᠢ ᠡᠵᠡᠮᠳᠡᠨ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠠᠢ ᠬᠠᠮᠲᠦ᠂ ᠬᠦᠴᠢᠷ ᠪᠡᠷᠭᠡ ᠶᠢ ᠲᠤᠭᠤᠯᠤᠨ᠂ ᠨᠡᠶᠢᠭᠡᠮ ᠤᠨ ᠡᠯ᠎ᠡ ᠡᠲᠡᠭᠡᠳ ᠤᠨ ᠬᠢᠨ ᠲᠠᠢ ᠰᠡᠳᠬᠢᠯ ᠨᠢᠭᠡᠳᠴᠦ᠂ ᠠᠷᠠᠳ ᠲᠦᠮᠡᠨ ᠲᠠᠢ ᠭᠠᠷ ᠬᠤᠯᠪᠤᠯᠴᠠᠨ᠂ ᠥᠭᠡᠷᠡᠴᠢᠯᠡᠯᠲᠡ ᠬᠥᠭᠵᠢᠯᠲᠡ ᠳᠤ ᠰᠢᠯᠢᠳᠡᠭ ᠠᠷᠭ᠎ᠠ ᠪᠣᠳᠤᠯᠭ᠎ᠠ ᠡᠷᠢᠯᠬᠢᠯᠡᠨ᠂ ᠠᠷᠠᠳ ᠤᠨ ᠠᠮᠢᠳᠣᠷᠠᠯ ᠤᠨ ᠬᠠᠯᠠᠮᠰᠢᠯ ᠠᠰᠠᠭᠤᠳᠠᠯ ᠤᠨ ᠲᠣᠭᠤᠷᠢᠨ ᠳᠤ ᠦᠨᠡᠨ ᠢ ᠶᠠᠷᠢᠵᠤ ᠰᠠᠨᠠᠯ ᠳᠡᠪᠰᠢᠭᠦᠯᠦᠨ᠂ ᠨᠡᠶᠢᠭᠡᠮ ᠤᠨ ᠡᠶ᠎ᠡ ᠵᠣᠬᠢᠴᠠᠯ ᠤᠨ ᠲᠣᠭᠤᠷᠢᠨ ᠳᠤ ᠬᠦᠴᠦ ᠨᠡᠮᠡᠨ ᠳᠡᠮᠵᠢᠯᠭᠡ ᠪᠣᠯᠵᠤ᠂ ᠮᠠᠨ ᠤ ᠬᠤᠰᠢᠭᠤᠨ ᠤ ᠥᠭᠡᠷᠡᠴᠢᠯᠡᠯᠲᠡ ᠬᠥᠭᠵᠢᠯᠲᠡ ᠳᠤ ᠬᠦᠴᠦ ᠬᠤᠷᠠᠮᠳᠠᠭᠤᠯᠵᠤ᠂ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠨ ᠴᠢᠬᠤᠯᠠ ᠪᠠᠶᠢᠷᠢ ᠰᠠᠭᠤᠷᠢ ᠪᠠ ᠦᠢᠯᠡᠳᠦᠯ ᠢ ᠢᠯᠡᠷᠡᠭᠦᠯᠦᠭᠰᠡᠨ ᠶᠤᠮ᠃ ᠲᠠᠪᠤᠨ ᠵᠢᠯ ᠤᠨ ᠲᠤᠷᠰᠢ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠠᠷᠠᠳ ᠤᠨ ᠲᠥᠯᠦᠭᠡ ᠵᠥᠪᠳᠡᠯᠴᠡᠬᠦ ᠶᠢ ᠪᠠᠷᠢᠮᠲᠠᠯᠠᠨ᠂ ᠨᠢᠭᠡ ᠪᠦᠯᠦᠭ ᠠᠷᠠᠳ ᠤᠨ ᠠᠮᠢᠳᠤᠷᠠᠯ ᠤᠨ ᠦᠢᠯᠡᠰ ᠢ ᠳᠦᠯᠬᠢᠨ ᠠᠬᠢᠭᠤᠯᠵᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠨᠢ ᠠᠷᠠᠳ ᠤᠨ ᠲᠥᠯᠦᠭᠡ ᠮᠠᠰᠢ ᠣᠯᠠᠨ ᠪᠤᠳᠠᠲᠦ ᠶᠠᠪᠤᠳᠠᠯ ᠬᠢᠵᠦ᠂ ᠨᠡᠶᠢᠭᠡᠮ ᠤᠨ ᠡᠯ᠎ᠡ ᠡᠳᠡᠭᠡᠳ ᠤᠨ ᠮᠠᠭᠳᠠᠭᠠᠯ ᠰᠠᠶᠢᠰᠢᠶᠠᠯ ᠢ ᠣᠯᠣᠭᠰᠠᠨ ᠪᠠᠶᠢᠨ᠎ᠠ᠃ ᠲᠠᠪᠤᠨ ᠵᠢᠯ ᠤᠨ ᠲᠤᠷᠰᠢ᠂ ᠤᠯᠤᠰ ᠲᠥᠷᠥ ᠶᠢᠨ ᠵᠥᠪᠯᠡᠯᠭᠡᠨ ᠤ ᠪᠦᠯᠬᠦᠮᠳᠡᠯ ᠠᠷᠠᠳᠴᠢᠯᠠᠯ ᠤᠨ ︿︿ᠬᠦᠷᠢᠶ᠎ᠡ ᠴᠠᠷ᠎ᠠ﹀﹀ ᠳᠠᠰᠤᠷᠠᠯᠲᠠ ᠦᠭᠡᠢ ᠥᠷᠭᠡᠳᠴᠦ᠂ ᠭᠡᠰᠢᠭᠦᠳ‌ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠴᠢᠮᠡᠭᠡ ᠰᠤᠨᠤᠰᠳᠠᠨ᠂ ᠤᠯᠤᠰ ᠲᠥᠷᠥ ᠶᠢᠨ ᠵᠥᠪᠯᠡᠯᠭᠡᠨ ᠤ ᠦᠢᠯᠡᠰ ᠤᠨ ᠬᠥᠭᠵᠢᠯᠲᠡ ᠶᠢᠨ ᠰᠢᠨ᠎ᠡ ᠶᠢ ᠡᠭᠦᠳᠴᠦ᠂ ᠲᠤᠰ ᠪᠡᠶ᠎ᠡ ᠶᠢᠨ ᠪᠠᠶᠢᠭᠤᠯᠤᠯᠲᠠ ᠴᠢᠩᠭᠠᠷᠠᠨ᠂ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠮᠢᠵᠢᠷᠠᠯ ᠤᠨ ᠬᠦᠴᠦᠨ ᠡᠳᠦᠷ ᠢᠷᠡᠬᠦᠶ᠎ᠡ ᠨᠡᠮᠡᠭᠳᠡᠪᠡ᠃ ᠡᠭᠦᠨ ᠳᠤ ᠬᠤᠰᠢᠭᠤ ᠨᠠᠮ ᠤᠨ ᠬᠤᠷᠢᠶ᠎ᠠ ᠠᠴᠠ ᠭᠦᠢᠴᠡᠳ ᠨᠣᠲᠠᠯᠠᠯᠲᠠ ᠬᠢᠵᠦ᠂ ᠭᠡᠰᠢᠭᠦᠳ ᠤᠨ ᠰᠢᠷᠭᠠᠭᠤ ᠠᠵᠢᠯᠯᠠᠭᠰᠠᠨ ᠦᠷ᠎ᠡ ᠪᠦᠲᠦᠮᠵᠢ ᠶᠢ ᠣᠶᠢᠯᠠᠭᠠᠨ ᠮᠡᠳᠡᠷᠡᠵᠦ ᠪᠠᠶᠢᠨ᠎ᠠ ᠭᠡᠰᠡᠨ ᠤ ᠬᠠᠮᠲᠦ ᠬᠤᠰᠢᠭᠤ ᠨᠠᠮ ᠤᠨ ᠬᠤᠷᠢᠶ᠎ᠠ ᠶᠢ ᠲᠥᠯᠦᠭᠡᠯᠡᠨ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ  ᠬᠡᠰᠢᠭᠦᠳ᠂ ᠡᠯ᠎ᠡ ᠦᠨᠳᠦᠰᠦᠳᠡᠨ ᠨᠦᠭᠦᠳ ᠤᠨ ᠠᠷᠠᠳ ᠲᠦᠮᠡᠨ ᠳᠤ ᠴᠢᠩ ᠰᠡᠳᠬᠢᠯ ᠤᠨ ᠪᠠᠶᠠᠷ ᠲᠠᠯᠠᠷᠬᠠᠯ  ᠳᠡᠪᠰᠢᠭᠦᠯᠪᠡ᠃ ᠲᠡᠷᠡ ᠪᠠᠰᠠ᠂ ᠠᠷᠪᠠᠳᠤᠭᠠᠷ ᠬᠤᠭᠤᠴᠠᠭᠠᠨ ᠤ ᠤᠯᠤᠰ ᠲᠥᠷᠥ ᠶᠢᠨ ᠵᠥᠪᠯᠡᠯᠭᠡᠨ ᠤ ᠳᠤᠰᠢᠶᠠᠯ ᠡᠭᠦᠷᠭᠡᠯᠡᠬᠦ ᠲᠠᠪᠤᠨ ᠵᠢᠯ ᠪᠣᠯ ᠠᠵᠤ ᠳᠣᠬᠢᠶᠠᠯ ᠪᠠ ᠥᠷᠢᠰᠦᠯᠳᠦᠭᠡᠨ ᠵᠡᠷᠭᠡᠴᠡᠨ ᠣᠷᠣᠰᠢᠭᠰᠠᠨ ᠲᠠᠪᠤᠨ ᠵᠢᠯ ᠪᠣᠯᠣᠨ᠎ᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠳᠤ ᠰᠢᠨ᠎ᠡ ᠴᠠᠭ ᠦᠶ᠎ᠡ ᠶᠢᠨ ᠵᠢᠯᠤᠭᠤᠳᠬᠤ ᠦᠵᠡᠯ ᠰᠨᠠᠠᠭ᠎ᠠ ᠶᠢ ᠳᠣᠭᠲᠠᠭᠠᠨ᠂ ᠰᠢᠨ᠎ᠡ ᠴᠠᠭ ᠦᠶ᠎ᠡ ᠶᠢᠨ ᠳᠡᠤᠬᠡᠲᠦ  ᠡᠭᠦᠷᠭᠡ ᠬᠠᠷᠢᠭᠤᠴᠠᠯᠭ᠎ᠠ‌‍ᠶᠢ ᠳᠤᠷᠠᠳᠴᠦ᠂ ᠰᠢᠨ᠎ᠡ ᠴᠠᠭ ᠦᠶ᠎ᠡ ᠶᠢᠨ ᠠᠯᠤᠰ ᠢᠷᠡᠭᠡᠲᠦᠢ ᠶᠢ ᠵᠢᠷᠤᠭᠯᠠᠨ᠂ ᠰᠢᠨ᠎ᠡ ᠴᠠᠭ ᠦᠶ᠎ᠡ ᠶᠢᠨ ᠪᠠᠶᠢᠯᠳᠤᠬᠤ ᠪᠣᠳᠤᠯᠭ᠎ᠠ ᠶᠢᠨ ᠪᠠᠶᠢᠷᠢᠯᠠᠭᠤᠯᠤᠯᠲᠠ ᠬᠢᠵᠦ᠂ ᠰᠢᠨ᠎ᠡ ᠴᠠᠭ ᠦᠶ᠎ᠡ ᠶᠢᠨ ᠤᠯᠤᠰ ᠲᠥᠷᠥ ᠎ ᠶᠢᠨ ᠵᠥᠪᠯᠡᠯᠭᠡᠨ ᠳᠤ ᠰᠢᠨ᠎ᠡ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ  ᠬᠡᠰᠢᠭᠦᠳ ᠤᠬᠠᠮᠰᠠᠷ ᠠᠴᠠ ᠪᠠᠨ ᠦᠵᠡᠯ ᠰᠠᠨᠠᠭ᠎ᠠ ᠦᠢᠯᠡ ᠠᠵᠢᠯᠯᠠᠭ᠎ᠠ ᠪᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭᠠᠨ ᠳᠡᠭᠡᠷ᠎ᠡ ᠨᠢᠭᠡᠳᠦᠭᠦᠯᠵᠦ᠂ ᠥᠪᠡᠷᠲᠡᠭᠡᠨ ᠵᠠᠰᠬᠠᠤ ᠤᠷᠤᠨ ᠤ ᠠᠷᠪᠠᠳᠤᠭᠠᠷ ᠬᠤᠭᠤᠴᠠᠭᠠᠨ ᠤ ᠨᠠᠮ ᠤᠨ ᠲᠥᠯᠦᠭᠡᠯᠡᠭᠴᠢᠳ ᠤᠨ ᠬᠤᠷᠠᠯ ᠪᠠ ᠬᠤᠰᠢᠭᠤ ᠠᠷᠪᠠᠨ ᠭᠤᠷᠪᠠᠳᠤᠭᠠᠷ ᠬᠤᠭᠤᠴᠠᠭᠠᠨ ᠤ ᠨᠠᠮ ᠤᠨ ᠲᠥᠯᠦᠭᠡᠯᠡᠭᠴᠢᠳ ᠤᠨ ᠬᠤᠷᠠᠯ ᠤᠨ ᠵᠣᠷᠢᠭ ᠰᠠᠨᠠᠭᠠᠨ ᠳᠡᠭᠡᠷ᠎ᠡ ᠨᠢᠭᠡᠳᠦᠭᠦᠯᠵᠦ᠂ ᠨᠡᠩ ᠤᠷᠮ᠎ᠠ ᠲᠠᠢ ᠠᠵᠢᠯ ᠤᠨ ᠢᠳᠡᠪᠬᠢᠵᠢᠯ ᠢᠶᠠᠷ᠂ ᠨᠡᠩ ᠬᠦᠴᠦᠯᠡᠨ ᠴᠢᠷᠮᠠᠶᠢᠬᠤ ᠵᠣᠷᠢᠭ ᠰᠠᠨᠠᠭ᠎ᠠ ᠪᠠᠷ᠂ ᠳᠡᠭᠡᠲᠦ ᠬᠡᠮᠵᠢᠶᠡᠨ ᠤ ᠬᠠᠷᠢᠭᠤᠴᠯᠠᠭᠠᠲᠤ ᠰᠡᠳᠬᠢᠯᠭᠡ ᠪᠠᠷ ᠡᠭᠦᠷᠭᠡ ᠲᠤᠰᠢᠶᠠᠯ ᠢᠶᠠᠨ ᠭᠦᠢᠴᠡᠳᠬᠡᠨ᠂ ᠲᠠᠨᠢᠯᠲᠠ ᠪᠠᠨ ᠨᠢᠭᠡᠳᠬᠡᠵᠦ᠂ ᠪᠦᠯᠬᠦᠮᠳᠡᠯ ᠢᠶᠠᠨ ᠨᠡᠮᠡᠭᠳᠡᠭᠦᠯᠦᠨ᠂ ᠬᠦᠴᠦᠨ ᠢᠶᠠᠨ ᠬᠠᠮᠲᠤᠳᠬᠠᠬᠤ ᠦᠢᠯᠡᠳᠦᠯ  ᠢ ᠪᠦᠷᠢᠮᠦᠰᠦᠨ ᠪᠠᠳᠠᠷᠠᠭᠤᠯᠵᠤ᠂ ᠤᠭ ᠰᠠᠨᠠᠭ᠎ᠠ ᠪᠠᠨ ᠥᠯᠥ ᠮᠠᠷᠳᠠᠨ᠂ ᠦᠷᠭᠦᠯᠵᠢᠯᠡᠨ ᠤᠷᠤᠭᠰᠢᠯᠠᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠬᠦ ᠶᠢ  ᠬᠦᠰᠡᠵᠠᠢ᠃      ᠪᠠᠢ ᠴᠢᠤᠸᠠᠨ ᠬᠤᠰᠢᠭᠤ ᠨᠠᠮ ᠤᠨ ᠬᠤᠷᠢᠶ᠎ᠠ ᠶᠢ ᠲᠥᠯᠦᠭᠡᠯᠡᠨ ᠰᠢᠨ᠎ᠡ ᠨᠢᠭᠡ ᠬᠤᠭᠤᠴᠠᠭᠠᠨ ᠤ ᠤᠯᠤᠰ ᠲᠥᠷᠥ ᠶᠢᠨ ᠵᠥᠪᠯᠡᠯᠭᠡᠨ ᠪᠠ ᠤᠯᠤᠰ ᠲᠥᠷᠥ  ᠶᠢᠨ ᠵᠥᠪᠯᠡᠯᠭᠡᠨ ᠤ ᠭᠡᠰᠢᠭᠦᠳ ᠲᠤ ᠬᠡᠳᠦᠨ ᠲᠠᠯ᠎ᠠ ᠶᠢᠨ ᠬᠦᠰᠡᠯ ᠢᠶᠠᠨ ᠳᠤᠷᠠᠳᠴᠠᠢ᠃ ᠨᠢᠭᠡ᠂  ᠤᠯᠤᠰ ᠲᠥᠷᠥ ᠶᠢᠨ ᠵᠣᠭᠰᠤᠴᠠ ᠪᠠᠨ ᠴᠢᠩᠭᠠᠳᠬᠠᠨ᠂ ︿︿ᠳᠥᠷᠪᠡᠨ ᠤᠬᠠᠮᠰᠠᠷ  ﹀﹀᠎ ᠢ ᠴᠢᠩᠭᠠᠳᠬᠠᠬᠤ ᠶᠢ ᠰᠢᠨ᠎ᠡ ᠦᠨᠳᠦᠷᠴᠡ ᠳᠤ ᠬᠦᠷᠭᠡᠬᠦ ᠬᠡᠷᠡᠭᠲᠡᠢ᠃ ᠬᠤᠶᠠᠷ᠂ ᠢᠮᠠᠭᠳᠠ ᠭᠤᠣᠯᠳᠠᠯᠭ᠎ᠠ ᠶᠢᠨ ᠲᠣᠭᠤᠷᠢᠨ ᠳᠤ ᠥᠭᠡᠷᠡᠴᠢᠯᠡᠯᠲᠡ ᠬᠥᠭᠵᠢᠯᠲᠡ ᠳᠤ ᠦᠢᠯᠡᠴᠢᠯᠡᠬᠦ ᠳᠡᠭᠡᠷ᠎ᠡ ᠰᠢᠨ᠎ᠡ ᠠᠮᠵᠢᠯᠲᠠ ᠶᠢ ᠢᠯᠡᠷᠡᠭᠦᠯᠬᠦ ᠬᠡᠷᠡᠭᠲᠡᠢ᠃ ᠭᠤᠷᠪᠠ᠂ ᠣᠯᠠᠨ ᠲᠠᠯ᠎ᠠ ᠶᠢᠨ ᠬᠦᠴᠦᠨ ᠴᠢᠳᠠᠯ ᠢ ᠨᠢᠭᠲᠠᠷᠠᠭᠤᠯᠤᠨ᠂ ᠠᠷᠠᠳᠴᠢᠯᠠᠯ ᠢᠶᠠᠷ ᠵᠥᠪᠯᠡᠬᠦ ᠶᠢ ᠠᠬᠢᠭᠤᠯᠬᠤ ᠳᠤ ᠰᠢᠨ᠎ᠡ ᠠᠯᠬᠤᠮ ᠢ ᠠᠯᠬᠤᠬᠤ ᠬᠡᠷᠡᠭᠲᠡᠢ᠃ ᠳᠥᠷᠪᠡ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠴᠢᠩᠭᠠᠳᠬᠠᠨ᠂ ᠨᠠᠶᠢᠳᠠᠪᠦᠷᠢᠵᠢᠭᠤᠯᠤᠯᠲᠠ ᠶᠢ ᠠᠬᠢᠭᠤᠯᠬᠤ ᠳᠡᠭᠡᠷ᠎ᠡ ᠰᠢᠨ᠎ᠡ ᠪᠤᠳᠠᠲᠦ ᠪᠦᠲᠦᠮᠵᠢ ᠣᠯᠬᠤ ᠬᠡᠷᠡᠭᠲᠡᠢ᠃ ᠲᠠᠪᠤ᠂ ᠲᠤᠰ ᠪᠡᠶ᠎ᠡ ᠶᠢᠨ ᠪᠦᠲᠦᠭᠡᠨ ᠪᠠᠶᠢᠭᠤᠯᠤᠯᠲᠠ ᠪᠠᠨ ᠴᠢᠩᠭᠠᠳᠬᠠᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠦᠷᠢ ᠶᠢ ᠳᠡᠭᠡᠭᠰᠢᠯᠡᠭᠦᠯᠬᠦ ᠳᠤ ᠰᠢᠨ᠎ᠡ  ᠲᠦᠷᠬᠦ ᠲᠠᠢ ᠪᠠᠶᠢᠬᠤ ᠬᠡᠷᠡᠭᠲᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号