ᠳᠣᠮᠳᠠᠳᠣ ᠣᠯᠣᠰ ᠤᠨ ᠠᠷᠠᠳ ᠤᠨ ᠣᠯᠣᠰ ᠲᠦᠷᠦ ᠶᠢᠨ ᠵᠦᠪᠯᠡᠯᠭᠡᠨ ᠤ ᠵᠡᠭᠦᠨ ᠦᠵᠦᠮᠦᠴᠢᠨ ᠬᠤᠰᠢᠭᠤᠨ ᠎ ᠤ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠣᠳᠠᠭᠠᠨ ᠤ ᠬᠤᠷᠠᠯᠳᠣᠭᠠᠨ ᠳᠤ ᠣᠷᠣᠯᠴᠠᠭᠰᠠᠨ ᠪᠦᠬᠦ ᠭᠡᠰᠢᠭᠦᠳ ᠲᠣᠭᠤᠶᠢᠯᠠᠩ ᠬᠤᠪᠢᠶᠠᠨ ᠶᠠᠷᠢᠯᠴᠠᠪᠠ
ᠨᠡᠶᠢᠲᠡᠯᠡᠭᠰᠡᠨ ᠴᠠᠭ᠄
2018/1/9
     1 ᠰᠠᠷ᠎ᠠ ᠶᠢᠨ 7᠎ ᠤ ᠦᠳᠡ ᠶᠢᠨ ᠬᠤᠶᠢᠨ᠎ᠠ᠂ ᠳᠣᠮᠳᠠᠳᠣ ᠣᠯᠣᠰ ᠤᠨ ᠠᠷᠠᠳ ᠤᠨ ᠣᠯᠣᠰ ᠲᠦᠷᠦ ᠶᠢᠨ ᠵᠦᠪᠯᠡᠯᠭᠡᠨ ᠤ ᠵᠡᠭᠦᠨ ᠦᠵᠦᠮᠦᠴᠢᠨ ᠬᠤᠰᠢᠭᠤᠨ ᠤ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠣᠳᠠᠭᠠᠨ ᠤ ᠬᠤᠷᠠᠯᠳᠣᠭᠠᠨ ᠳᠤ ᠣᠷᠣᠯᠴᠠᠭᠰᠠᠨ ᠪᠦᠬᠦ ᠭᠡᠰᠢᠭᠦᠳ ᠨᠡᠶᠢᠳᠠ  ᠳᠥᠷᠪᠡᠨ ᠲᠣᠭᠤᠶᠢᠯᠠᠩ ᠬᠤᠪᠢᠶᠠᠨ ᠣᠯᠣᠰ ᠲᠦᠷᠦ ᠶᠢᠨ ᠵᠦᠪᠯᠡᠯᠭᠡᠨ ᠤ ᠵᠡᠭᠦᠨ ᠦᠵᠦᠮᠦᠴᠢᠨ ᠬᠤᠰᠢᠭᠤᠨ ᠤ ᠶᠢᠰᠦᠳᠦᠭᠡᠷ ᠬᠤᠭᠤᠴᠠᠭᠠᠨ ᠤ ᠬᠤᠷᠢᠶ᠎ᠠ ᠎ ᠶᠢᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠳᠠ ᠪᠡ ᠰᠠᠨᠠᠯ ᠲᠣᠷᠠᠳᠣᠯᠭ᠎ᠠ ᠶᠢᠨ ᠠᠵᠢᠯ ᠤᠨ ᠪᠠᠶᠢᠳᠠᠯ ᠎ ᠤᠨ ᠲᠣᠬᠠᠢ ᠮᠡᠳᠡᠭᠦᠯᠦᠯᠳᠠ᠂ ᠬᠤᠰᠢᠭᠤ ᠵᠠᠰᠠᠭ ᠤᠨ ᠣᠷᠳᠣᠨ ᠤ ᠠᠵᠢᠯ ᠤᠨ ᠮᠡᠳᠡᠭᠦᠯᠦᠯᠳᠠ᠂ ᠵᠡᠭᠦᠨ ᠦᠵᠦᠮᠦᠴᠢᠨ ᠬᠤᠰᠢᠭᠤᠨ ᠤ 2017 ᠣᠨ ᠤ ᠣᠯᠣᠰ ᠠᠷᠠᠳ ᠤᠨ ᠠᠵᠦ ᠠᠬᠤᠢ ᠪᠣᠯᠣᠨ ᠨᠡᠶᠢᠭᠡᠮ ᠤᠨ ᠭᠦᠭᠵᠢᠯᠳᠠ ᠶᠢᠨ ᠲᠦᠯᠦᠪᠯᠡᠭᠡ ᠶᠢ ᠭᠡᠷᠡᠭᠵᠢᠭᠦᠯᠦᠭᠰᠡᠨ ᠪᠠᠶᠢᠳᠠᠯ ᠵᠢᠴᠢ 2018 ᠣᠨ ᠤ ᠣᠯᠣᠰ ᠠᠷᠠᠳ ᠤᠨ ᠠᠵᠦ ᠠᠬᠤᠢ ᠪᠣᠯᠣᠨ ᠨᠡᠶᠢᠭᠡᠮ ᠤᠨ ᠭᠦᠭᠵᠢᠯᠳᠠ ᠶᠢᠨ ᠲᠦᠯᠦᠪᠯᠡᠭᠡ ᠶᠢᠨ ᠲᠦᠰᠣᠪ ᠤᠨ ᠲᠣᠬᠠᠢ ᠮᠡᠳᠡᠭᠦᠯᠦᠯᠳᠠ ᠪᠡ ᠵᠡᠭᠦᠨ ᠦᠵᠦᠮᠦᠴᠢᠨ ᠬᠤᠰᠢᠭᠤᠨ ᠤ 2017 ᠣᠨ ᠤ ᠡᠳ᠋ ᠤᠨ ᠵᠠᠰᠠᠭ ᠤᠨ ᠲᠦᠰᠦᠪ ᠢ ᠬᠡᠷᠡᠭᠵᠢᠭᠦᠯᠦᠭᠰᠡᠨ ᠪᠠᠶᠢᠳᠠᠯ ᠪᠡ 2018 ᠣᠨ ᠤ ᠡᠳ᠋ ᠤᠨ ᠵᠠᠰᠠᠭ ᠤᠨ ᠲᠦᠰᠦᠪ ᠤᠨ ᠲᠦᠰᠦᠯ ᠤᠨ ᠲᠣᠬᠠᠢ ᠮᠡᠳᠡᠭᠦᠯᠦᠯᠳᠠ ᠵᠢᠴᠢ ᠣᠯᠣᠰ ᠲᠦᠷᠦ ᠎ ᠶᠢᠨ ᠵᠦᠪᠯᠡᠯᠭᠡᠨ ᠤ ᠵᠡᠭᠦᠨ ᠦᠵᠦᠮᠦᠴᠢᠨ ᠬᠤᠰᠢᠭᠤᠨ ᠤ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠣᠳᠠᠭᠠᠨ ᠤ ᠬᠤᠷᠠᠯᠳᠣᠭᠠᠨ ᠤ ᠰᠣᠩᠭᠤᠭᠤᠯᠢ ᠶᠢᠨ ᠠᠷᠭ᠎ᠠ ︵ᠡᠬᠡ ᠨᠣᠣᠷᠠᠭ︶᠂ ᠶᠡᠷᠥᠩᠬᠡᠢ ᠫᠢᠶᠤᠤ ᠬᠢᠨᠠᠭᠴᠢ᠂ ᠫᠢᠶᠤᠤ ᠬᠢᠨᠠᠭᠴᠢ᠂ ᠫᠢᠶᠤᠤ ᠲᠡᠮᠳᠡᠭᠯᠡᠭᠴᠢ ᠶᠢᠨ ᠨᠡᠷᠡᠰ ︵ᠡᠬᠡ ᠨᠣᠣᠷᠠᠭ︶᠎ ᠢ  ᠶᠠᠷᠢᠯᠴᠠᠭᠰᠠᠨ ᠪᠠᠶᠢᠨ᠎ᠡ᠃      ᠶᠠᠷᠢᠯᠴᠠᠭ᠎ᠠ ᠳᠤ ᠣᠷᠣᠯᠴᠠᠭᠰᠠᠨ‌ᠵᠦ᠋ᠪᠯᠡᠯᠭᠡᠨ ᠤ ᠬᠡᠰᠢᠭᠦᠳ ᠰᠠᠨᠠᠯ ᠪᠣᠳᠣᠯ ᠢᠶᠠᠨ ᠦᠷᠭᠡᠨ ᠳᠡᠯᠭᠡᠷ ᠶᠠᠷᠢᠯᠴᠠᠵᠦ ᠂ ᠰᠢᠨ᠎ᠡ ᠬᠦᠭᠵᠢᠯᠲᠡ ᠶᠢᠨ ᠬᠠᠨᠳᠥᠰᠢ ᠪᠠ ᠠᠵᠠ ᠲᠣᠬᠢᠶᠠᠯ ᠤᠨ ᠳᠣᠣᠷ᠎ᠡ᠂ ᠰᠠᠨᠠᠯ ᠳᠣᠷᠠᠳᠣᠯᠭ᠎ᠠ ᠶᠢᠨ ᠶᠠᠰᠥ ᠴᠢᠨᠠᠷ ᠢ ᠲᠠᠰᠥᠷᠠᠯᠲᠡ ᠦᠭᠡᠢ ᠳᠡᠭᠡᠭᠰᠢᠯᠡᠬᠦᠯᠵᠦ᠂ ᠵᠠᠰᠠᠭ ᠲᠤ ᠵᠦᠪᠯᠡᠬᠦ ᠴᠢᠳᠠᠪᠣᠷᠢ ᠪᠠᠨ ᠴᠢᠩᠭᠠᠳᠬᠠᠨ᠂ ᠦᠭᠡᠷᠡᠴᠢᠯᠡᠯᠳᠡ ᠳᠤ ᠣᠶᠣᠨ ᠣᠬᠠᠭᠠᠨ ᠢᠶᠠᠨ ᠰᠢᠪᠬᠠᠨ᠂ ᠬᠦᠭᠵᠢᠬᠦᠯᠥᠯᠲᠡ ᠳᠤ ᠬᠦᠴᠦᠨ ᠴᠢᠳᠠᠯ ᠢᠶᠠᠨ ᠡᠷᠬᠦᠨ᠂ ᠲᠣᠭᠳᠠᠭᠤᠨ ᠪᠠᠶᠢᠬᠤ ᠳᠤ ᠬᠠᠷᠢᠭᠤᠴᠠᠯᠭ᠎ᠠ ᠪᠠᠨ ᠬᠦᠢᠴᠡᠳᠬᠡᠵᠦ᠂ ᠵᠡᠭᠦᠨ ᠦᠵᠦᠮᠦᠴᠢᠨ ᠬᠤᠰᠢᠭᠤᠨ ᠤ ᠪᠦᠲᠦᠭᠡᠨ ᠪᠠᠶᠢᠭᠤᠯᠣᠯᠲᠡ ᠳᠤ ᠰᠢᠨ᠎ᠡ ᠬᠤᠪᠢ ᠨᠡᠮᠡᠷᠢ ᠪᠠᠨ ᠬᠠᠨᠳᠢᠪᠯᠠᠬᠤ ᠪᠣᠯᠣᠨ᠎ᠡ ᠭᠡᠵᠦ ᠵᠣᠷᠢᠭ ᠢᠶᠠᠨ ᠢᠯᠡᠷᠬᠡᠶᠢᠯᠡᠭᠰᠡᠨ ᠪᠠᠶᠢᠨ᠎ᠡ᠃
 
ᠢᠷᠡᠯᠲᠡ᠄ ᠤᠬᠠᠭᠤᠯᠬᠤ ᠭᠡᠯᠲᠡᠰ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号