ᠵᠡᠭᠦᠨ‌ᠦᠵᠦᠮᠦᠴᠢᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠎ ᠤᠨ ᠶᠡᠭᠡ ᠬᠤᠷᠠᠯ ᠤᠨ ᠠᠩᠬᠠᠳᠤᠭᠠᠷ ᠣᠳᠠᠭᠠᠨ ᠤ ᠬᠤᠷᠠᠯᠳᠣᠭᠠᠨ ᠤ ᠲᠦᠯᠦᠭᠡᠯᠡᠭᠴᠢᠳ ᠪᠦᠯᠬᠦᠮ ᠬᠤᠪᠢᠶᠠᠨ ᠶᠠᠷᠢᠯᠴᠠᠪᠠ
ᠨᠡᠶᠢᠲᠡᠯᠡᠭᠰᠡᠨ ᠴᠠᠭ᠄
2018/1/9
     1 ᠰᠠᠷ᠎ᠡ ᠶᠢᠨ7᠎ ᠤ ᠡᠳᠥᠷ ᠤᠨ ᠦᠳᠡ ᠶᠢᠨ ᠬᠤᠶᠢᠨ᠎ᠡ᠂ ᠵᠡᠭᠦᠨ ᠦᠵᠦᠮᠦᠴᠢᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠣᠳᠠᠭᠠᠨ ᠤ ᠬᠤᠷᠠᠯᠳᠣᠭᠠᠨ ᠨᠢ ᠲᠥᠯᠦᠭᠡᠯᠡᠭᠴᠢᠳ ᠤᠨ ᠪᠦᠯᠬᠦᠮ ᠤᠨ ᠬᠤᠷᠠᠯ ᠬᠤᠷᠠᠯᠳᠤᠵᠤ᠂ ᠵᠢᠷᠭᠤᠭᠠᠨ ᠳᠤᠭᠤᠶᠢᠯᠠᠩ ᠬᠤᠪᠢᠶᠠᠨ᠂ ᠵᠠᠰᠠᠭ ᠤᠨ ᠣᠷᠳᠣᠨ ᠤ ᠠᠵᠢᠯ ᠤᠨ ᠢᠯᠡᠳᠭᠡᠯ᠂ ᠵᠡᠭᠦᠨ ᠦᠵᠦᠮᠦᠴᠢᠨ ᠬᠤᠰᠢᠭᠤᠨ ᠤ 2017 ᠣᠨ ᠎ ᠤ ᠣᠯᠣᠰ ᠠᠷᠠᠳ ᠤᠨ ᠠᠵᠦ ᠠᠬᠤᠢ ᠪᠣᠯᠣᠨ ᠨᠡᠶᠢᠭᠡᠮ ᠤᠨ ᠭᠦᠭᠵᠢᠯᠳᠠ ᠶᠢᠨ ᠲᠦᠯᠦᠪᠯᠡᠭᠡ ᠶᠢ ᠭᠡᠷᠡᠭᠵᠢᠭᠦᠯᠦᠭᠰᠡᠨ ᠪᠠᠶᠢᠳᠠᠯ ᠵᠢᠴᠢ 2018 ᠣᠨ ᠤ ᠣᠯᠣᠰ ᠠᠷᠠᠳ ᠤᠨ ᠠᠵᠦ ᠠᠬᠤᠢ ᠪᠣᠯᠣᠨ ᠨᠡᠶᠢᠭᠡᠮ ᠤᠨ ᠭᠦᠭᠵᠢᠯᠳᠠ ᠶᠢᠨ ᠲᠦᠯᠦᠪᠯᠡᠭᠡ ᠶᠢᠨ ᠲᠦᠰᠣᠪ ᠤᠨ ᠲᠣᠬᠠᠢ ᠮᠡᠳᠡᠭᠦᠯᠦᠯᠳᠠ ᠪᠡ ᠵᠡᠭᠦᠨ ᠦᠵᠦᠮᠦᠴᠢᠨ ᠬᠤᠰᠢᠭᠤᠨ ᠤ 2017 ᠣᠨ ᠎ ᠤ ᠡᠳ᠋ ᠤᠨ ᠵᠠᠰᠠᠭ ᠤᠨ ᠲᠦᠰᠦᠪ ᠢ ᠬᠡᠷᠡᠭᠵᠢᠭᠦᠯᠦᠭᠰᠡᠨ ᠪᠠᠶᠢᠳᠠᠯ ᠪᠡ 2018 ᠣᠨ ᠤ ᠡᠳ᠋ ᠤᠨ ᠵᠠᠰᠠᠭ ᠤᠨ ᠲᠦᠰᠦᠪ ᠤᠨ ᠲᠦᠰᠦᠯ ᠤᠨ ᠲᠣᠬᠠᠢ ᠮᠡᠳᠡᠭᠦᠯᠦᠯᠳᠠ ᠶᠢ ᠬᠢᠨᠠᠨ ᠵᠥᠪᠯᠡᠵᠦ᠂ ᠵᠡᠭᠦᠨ ᠦᠵᠦᠮᠦᠴᠢᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠣᠳᠠᠭᠠᠨ ᠤ ᠬᠤᠷᠠᠯᠳᠣᠭᠠᠨ ᠤ ᠰᠣᠩᠭᠤᠭᠤᠯᠢ ᠶᠢᠨ ᠠᠷᠭ᠎ᠠ ︵ᠡᠬᠡ ᠨᠣᠣᠷᠠᠭ︶᠎ ᠶᠢ ᠶᠠᠷᠢᠯᠴᠠᠵᠠᠢ᠃      ᠲᠦᠯᠦᠭᠡᠯᠡᠭᠴᠢᠳ ᠮᠠᠰᠢ ᠬᠦᠷ ᠬᠦᠭᠵᠢᠶᠡᠨ ᠲᠠᠢ᠂ ᠢᠳᠡᠪᠬᠢᠲᠠᠢ ᠶᠠᠷᠢᠶ᠎ᠠ ᠲᠠᠯᠪᠢᠵᠦ᠂ ᠬᠤᠶᠢᠰᠢᠳᠡ ᠵᠢᠨ‌ᠠᠵᠢᠯ ‍ᠤᠨ‌‍ᠲ᠋ᠣᠮᠳᠡ ᠪᠠᠨ‌ᠮᠡᠳᠡᠭᠦᠯᠦᠯᠲᠡ ᠶᠢᠨ ᠵᠣᠷᠢᠭ ᠰᠠᠨᠠᠭ᠎ᠠ ᠶᠢ ᠪᠣᠳᠠᠲᠠᠢ ᠠᠵᠢᠯ ᠤᠨ ᠳᠣᠮᠳᠠ ᠬᠡᠷᠡᠭᠵᠢᠬᠦᠯᠦᠨ᠂ ᠵᠡᠬᠦᠨ ᠦᠵᠦᠮᠦᠴᠢᠨ ᠬᠤᠰᠢᠭᠤᠨ ᠤ  ᠪᠦᠲᠦᠭᠡᠨ ᠪᠠᠶᠢᠭᠤᠯᠣᠯᠲᠡ ᠶᠢᠨ ᠲᠦᠯᠦᠭᠡ ᠣᠶᠣᠨ ᠣᠬᠠᠭᠠᠨ᠂ ᠬᠦᠴᠦ ᠴᠢᠳᠠᠯ ᠢᠶᠠᠨ ᠡᠷᠭᠦᠬᠦ ᠪᠣᠯᠣᠨ᠎ᠡ ᠬᠡᠵᠦ ᠵᠣᠷᠢᠭ ᠢᠶᠠᠨ ᠢᠯᠡᠷᠬᠡᠶᠢᠯᠡᠭᠰᠡᠨ ᠪᠠᠶᠢᠨ᠎ᠡ᠃
 
ᠢᠷᠡᠯᠲᠡ᠄ ᠤᠬᠠᠭᠤᠯᠬᠤ ᠭᠡᠯᠲᠡᠰ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号