ᠵᠡᠭᠦᠨ ᠦᠵᠦᠮᠦᠴᠢᠨ ᠬᠤᠰᠢᠭᠤ ᠨᠢ ᠪᠤᠭᠤᠮᠲᠠ ᠶᠢᠨ ᠰᠠᠭᠤᠷᠢ ᠲᠦᠬᠦᠭᠡᠷᠤᠮᠵᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠳᠬᠠᠵᠤ ᠪᠠᠶᠢᠨ᠎ᠠ
ᠨᠡᠶᠢᠲᠡᠯᠡᠭᠰᠡᠨ ᠴᠠᠭ᠄
2018/12/6
     ᠤᠶᠢᠷ᠎ᠠ ᠶᠢᠨ ᠵᠢᠯ ᠤᠨ ᠲᠤᠷᠰᠢ᠂ ᠵᠡᠭᠦᠨ ᠦᠵᠦᠮᠦᠴᠢᠨ ᠬᠤᠰᠢᠭᠤ ᠨᠢ ᠵᠡᠭᠦᠨ ᠬᠠᠲᠠᠪᠴᠢ ᠬᠢᠯᠢ ᠶᠢᠨ ᠪᠤᠭᠤᠮᠲᠠ ᠶᠢᠨ ᠰᠠᠭᠤᠷᠢ ᠲᠦᠬᠦᠭᠡᠷᠤᠮᠵᠢ ᠶᠢᠨ ᠪᠦᠲᠦᠭᠡᠨ ᠪᠠᠶᠢᠭᠤᠯᠤᠯᠲᠠ ᠪᠠ ᠪᠠᠶᠢᠴᠠᠭᠠᠨ ᠰᠢᠯᠭᠠᠬᠤ ᠢᠵᠢ ᠪᠦᠷᠢᠳᠦᠭᠰᠡᠨ ᠲᠦᠬᠦᠭᠡᠷᠤᠮᠵᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠳᠬᠠᠵᠤ᠂ 11 ᠲᠦᠷᠦᠯ ᠵᠦᠢᠯ ᠤᠨ ᠡᠬᠢᠯᠡᠭᠦᠯᠦᠨ᠂ ᠶᠡᠷᠦᠩᠬᠡᠢ ᠪᠡᠯᠡ ᠤᠷᠤᠯᠠᠭᠤᠯᠤᠯᠲᠠ ᠨᠢ5.24 ᠳ᠋ᠦᠩᠰᠢᠭᠤᠷ ᠲᠦᠭᠦᠷᠢᠭ ᠲᠤ ᠬᠦᠷᠴᠦ᠂7560 ᠲᠦᠮᠡᠨ ᠲᠦᠭᠦᠷᠢᠭ ᠤᠨ ᠪᠡᠯᠡ ᠤᠷᠤᠭᠤᠯᠤᠯᠲᠠ ᠶᠢ ᠪᠡᠶᠡᠯᠡᠭᠦᠯᠦᠭᠰᠡᠨ ᠪᠠᠶᠢᠨ᠎ᠠ᠃      ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠳᠤ ᠰᠢᠯᠭᠠᠨ ᠪᠠᠶᠢᠴᠠᠭᠠᠬᠤ ᠶᠡᠷᠦᠩᠬᠡᠶᠢᠯᠡᠭᠰᠡᠨ ᠲᠤᠷᠰᠢᠯᠲᠠ ᠶᠢᠨ ᠠᠰᠠᠷ᠂ ᠪᠤᠭᠤᠮᠲᠠ ᠶᠢᠨ ᠡᠯᠧᠺᠲᠷᠣᠨ ᠰᠢᠰᠲ᠋ᠧᠮ ᠤᠨ ᠲᠠᠪᠴᠠᠩ ᠤᠨ ᠲᠦᠷᠦᠯ ᠵᠦᠢᠯ᠂ ᠪᠤᠭᠤᠮᠲᠠ ᠶᠢᠨ ᠪᠠᠷᠠᠭ᠎ᠠ ᠲᠡᠭᠡᠭᠡᠪᠦᠷᠢ ᠶᠢᠨ ᠦᠩᠭᠡᠷᠡᠬᠦ ᠵᠠᠮ ᠤᠨ ᠲᠦᠷᠦᠯ ᠵᠦᠢᠯ᠂ ᠪᠤᠭᠤᠮᠲᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠤᠭᠤᠷᠢᠭ ᠤᠨ ᠲᠡᠷᠭᠡᠨ ᠵᠤᠭᠰᠤᠭᠠᠯ ᠪᠠ ᠦᠢᠯᠡᠴᠢᠯᠡᠭᠡᠨ ᠤ ᠦᠷᠲᠡᠭᠡ ᠶᠢᠨ ᠲᠦᠷᠦᠯ ᠵᠦᠢᠯ᠂ ᠵᠡᠭᠦᠨ ᠬᠠᠲᠠᠪᠴᠢ ᠪᠤᠭᠤᠮᠲᠠ ᠶᠢᠨ ᠡᠪᠡᠰᠦᠨ ᠤ ᠦᠢᠯᠡᠰ ᠤᠨ ᠲᠤᠭᠤᠷᠢᠭ ᠤᠨ ᠠᠷᠢᠭᠤᠳᠬᠠᠬᠤ ᠬᠦᠮᠦᠷᠭᠡ ᠶᠢᠨ ᠲᠦᠷᠦᠯ ᠵᠦᠢᠯ᠂ ᠬᠠᠳᠠᠪᠴᠢ ᠪᠠᠯᠭᠠᠰᠦᠨ ᠤ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠪᠠ ᠪᠤᠭᠤᠮᠲᠠ ᠪᠠᠷ ᠦᠩᠭᠡᠷᠡᠬᠦ ᠶᠢ ᠮᠡᠳᠡᠭᠦᠯᠦᠨ ᠪᠠᠶᠢᠴᠠᠭᠠᠨ ᠰᠢᠯᠭᠠᠬᠤ ᠶᠡᠷᠦᠩᠬᠡᠶᠢᠯᠡᠭᠰᠡᠨ ᠠᠰᠠᠷ᠂ ᠪᠤᠭᠤᠮᠲᠠ ᠳᠤ ᠤᠷᠤᠭᠤᠯᠬᠤ ᠪᠠᠷᠠᠭ᠎ᠠ ᠶᠢ ᠰᠢᠯᠭᠠᠨ ᠪᠠᠶᠢᠴᠠᠭᠠᠬᠤ ᠲᠠᠯᠠᠪᠤᠷ ᠵᠡᠷᠭᠡ ᠲᠦᠷᠦᠯ ᠵᠦᠢᠯ ᠪᠠᠭᠲᠠᠨ᠎ᠠ᠃      ᠰᠠᠭᠤᠷᠢ ᠲᠦᠬᠦᠭᠡᠷᠤᠮᠵᠢ ᠶᠢᠨ ᠪᠦᠲᠦᠭᠡᠨ ᠪᠠᠶᠢᠭᠤᠯᠤᠯᠲᠠ ᠶᠢ ᠦᠭᠡᠷᠡᠴᠢᠯᠡᠨ ᠰᠠᠶᠢᠵᠢᠷᠠᠭᠤᠯᠬᠤ ᠪᠠᠷ ᠳᠠᠮᠵᠢᠨ᠂ ᠪᠤᠭᠤᠮᠲᠠ ᠶᠢᠨ ᠠᠵᠤ ᠠᠬᠤᠢ ᠶᠢᠨ ᠲᠦᠷᠭᠡᠨ ᠬᠦᠭᠵᠢᠯᠲᠡ ᠶᠢ ᠪᠦᠲᠦᠮᠵᠢᠲᠠᠢ ᠠᠬᠢᠭᠤᠯᠵᠤ᠂ ︽ᠭᠤᠷᠪᠠᠨ ᠵᠢᠯ ᠳᠤ ᠰᠢᠪᠲᠤᠯᠤᠯᠲᠠ ᠲᠠᠢ ᠪᠠᠶᠢᠬᠤ᠂ ᠵᠢᠷᠭᠤᠭᠠᠨ ᠵᠢᠯ ᠳᠤ ᠶᠡᠭᠡ ᠬᠤᠪᠢᠷᠠᠯᠲᠠ ᠲᠠᠢ ᠪᠠᠶᠢᠬᠤ︾ ᠶᠢ ᠪᠠᠲᠤᠯᠠᠨ᠂  ᠵᠡᠭᠦᠨ ᠬᠠᠳᠠᠪᠴᠢ ᠬᠢᠯᠢ ᠶᠢᠨ ᠪᠤᠭᠤᠮᠲᠠ ᠪᠠᠨ ᠮᠠᠨ ᠤ ᠤᠯᠤᠰ ᠤᠨ ᠤᠮᠠᠷᠠᠰᠢ ᠨᠡᠭᠡᠭᠡᠯᠲᠠ ᠶᠢᠨ ᠴᠢᠬᠤᠯᠠ ᠪᠤᠭᠤᠮᠲᠠ ᠪᠠ ᠬᠢᠯᠢ ᠬᠢᠵᠠᠭᠠᠷ ᠤᠷᠤᠨ ᠤ ᠠᠵᠤ ᠠᠬᠤᠢ ᠶᠢᠨ ᠪᠦᠰᠡ ᠶᠢᠨ ᠭᠤᠤᠯᠲᠠᠯᠭ᠎ᠠ ᠲᠠᠢ ᠤᠷᠤᠨ ᠪᠤᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ᠃
 
ᠢᠷᠡᠯᠲᠡ᠄ ᠵᠡᠭᠦᠨ ᠬᠠᠲᠠᠪᠴᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号