ᠲᠠᠯ᠎ᠠ ᠨᠤᠳᠤᠭ ᠎ ᠲᠤ ᠱᠠᠭᠠᠬᠢᠬᠤ ᠰᠤᠶᠤᠯ ᠤᠨ ᠬᠤᠷ᠎ᠠ
ᠨᠡᠶᠢᠲᠡᠯᠡᠭᠰᠡᠨ ᠴᠠᠭ᠄
2018/4/23
    ᠲᠠᠯ᠎ᠠ ᠨᠤᠳᠤᠭ  ᠎ ᠲᠤ ᠱᠠᠭᠠᠬᠢᠬᠤ ᠰᠤᠶᠤᠯ ᠤᠨ ᠬᠤᠷ᠎ᠠ                               —  ᠳᠠᠭᠤᠳᠤᠨᠠᠭᠤᠷ ᠪᠠᠯᠭᠠᠰᠤ ᠶᠢᠨ  ︽ᠲᠠᠯ᠎ᠠ ᠨᠤᠳᠤᠭ ᠤᠨ ᠨᠤᠮ ᠤᠨ  ᠦᠷᠦᠭᠡ  ︾᠎ ᠶᠢᠨ ᠲᠤᠬᠠᠢ ᠪᠤᠳᠠᠳᠤ ᠲᠡᠮᠳᠡᠭᠯᠡᠯ      ᠨᠤᠮ ᠪᠤᠯ  ᠤᠬᠠᠭᠠᠨ ᠤ ᠬᠠᠷᠠᠩᠭᠤᠢ ᠶᠢ ᠬᠡᠶᠢᠬᠦᠯᠦᠭᠴᠢ ᠭᠡᠷᠡᠯᠳᠦ ᠵᠤᠯᠠ ᠪᠢᠯᠡ᠃ ᠨᠤᠮ ᠤᠡᠭᠰᠢᠬᠤ ᠪᠠᠷ ᠲᠠᠮᠵᠢᠨ᠂ ᠬᠦᠮᠦᠰ ᠤᠨ ᠤᠶᠤᠨ ᠤᠬᠠᠭᠠᠨ ᠳᠡᠯᠡᠭᠳᠡᠵᠦ᠂ ᠵᠥᠪ ᠡᠷᠴᠢᠮ ᠬᠥᠴᠤ ᠲᠠᠢ ᠪᠤᠯᠵᠦ᠂ ᠡᠬᠦᠳᠤᠯᠳᠡ ᠶᠢᠨ  ᠰᠢᠳᠢ ᠬᠦᠴᠦᠨ ᠲᠠᠢ ᠪᠤᠯᠵᠤ ᠴᠢᠳᠠᠳᠠᠬ᠃ ᠵᠠᠬᠦᠨ ᠦᠵᠤᠮᠤᠴᠢᠨ ᠬᠤᠰᠢᠭᠤᠨ ᠤ ᠲᠠᠭᠤᠳᠤᠨᠠᠭᠤᠷ ᠪᠠᠯᠭᠠᠰᠤᠨ ᠤ ᠲᠠᠯ᠎ᠠ ᠨᠤᠲᠤᠭ ᠤᠨ ᠨᠤᠮ ᠤᠨ  ᠦᠷᠦᠭᠡ ᠶᠢᠨ  ᠬᠦᠭᠵᠢᠯᠳᠡ ᠨᠢ ᠰᠢᠨ᠎ᠡ ᠴᠠᠭ ᠦᠶ᠎ᠡ ᠲᠠᠢ  ᠎ ᠪᠠᠨ ᠶᠠᠪ ᠴᠠᠪ ᠵᠤᠬᠢᠴᠠᠵᠤ᠂ ᠮᠠᠯᠴᠢᠨ ᠲᠦᠮᠡᠨ ᠳᠤ ᠬᠠᠮᠤᠭ ᠰᠢᠨ᠎ᠡ ᠮᠡᠳᠡᠭᠡ ᠶᠢ ᠬᠠᠨ᠋ᠢ‌‍ᠭᠠᠨ᠂ ᠰᠤᠶᠤᠯ ᠤᠨ  ᠪᠦᠲᠦᠬᠡᠨ ᠪᠠᠶᠢᠭᠤᠯᠤᠯᠳᠠ ᠳᠤ  ᠦᠪᠡᠷ ᠤᠨ ᠦᠨᠳᠤᠰᠤᠨ ᠦᠢᠯᠡᠳᠤᠯ ᠴᠢᠳᠠᠪᠬᠢ ᠪᠠᠨ ᠭᠦᠢᠴᠡᠳ ᠪᠠᠳᠠᠷᠠᠭᠤᠯᠵᠤ  ᠪᠠᠶᠢᠨ᠎ᠠ᠃      ᠲᠠᠭᠤᠳᠤᠨᠠᠭᠤᠷ ᠪᠠᠯᠭᠠᠰᠤᠨ ᠤ  ᠬᠠᠭ᠋ᠤᠪᠤᠭ᠎ᠠ  ᠭᠠᠴᠠᠭ᠎ᠠ ᠪᠠᠷ ᠨᠤᠲᠤᠭ ᠲᠠᠢ᠂ ᠦᠪᠦᠷ ᠮᠤᠩᠭᠤᠯ ᠤᠨ  ᠵᠠᠯᠠᠭᠤ ᠢᠷᠠᠭᠤ ᠨᠠᠶᠢᠷᠠᠭᠴᠢ  ᠦ᠊᠂ ᠤᠷᠲᠦᠨᠠᠰᠤᠲᠦ ᠦᠪᠡᠷ ᠲᠡᠭᠡᠨ  ᠨᠤᠮ ᠤᠨ  ᠦᠷᠦᠭᠡ ᠲᠠᠢ ᠪᠠᠶᠢᠳᠠᠭ᠃      ᠲᠡᠷᠠ 2011 ᠤᠨ ᠳᠤ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠮᠤᠩᠭᠤᠯ  ᠬᠡᠯᠡ ᠤᠳᠬ᠎ᠠ ᠵᠤᠬᠢᠶᠠᠯ ᠰᠤᠳᠤᠯᠬᠤ ᠰᠠᠯᠪᠦᠷᠢ ᠠᠴᠠ ᠲᠡᠭᠦᠰᠪᠠ᠃ ᠤᠷᠢᠳ ᠬᠤᠵᠢᠳ ᠦᠪᠦᠷ ᠮᠤᠩᠭᠤᠯ ᠤᠨ ᠲᠠᠯ᠎ᠠ ᠨᠤᠲᠤᠭ ᠤᠨ ᠰᠤᠶᠤᠯ ᠤᠨ ᠨᠠᠶᠢᠷ ᠤᠨ ᠮᠤᠩᠭᠤᠯ ᠢᠷᠠᠭᠤ ᠨᠠᠶᠢᠷᠠᠭ ᠤᠨ  ᠦᠳᠡᠰᠢᠯᠡᠭᠡ ᠳᠤ  ︽ᠨᠡᠭᠦᠳᠡᠯ︾  ᠬᠡᠬᠦ ᠰᠢᠯᠦᠭ ᠨᠢ ᠰᠤᠩᠭᠤᠳᠠᠵᠤ᠂ ᠦᠵᠡᠭᠴᠢᠳ ᠤᠨ ᠲᠠᠭᠠᠰᠢᠶᠠᠯ ᠢ ᠬᠦᠷᠳᠡᠵᠤ᠂  ︽ᠮᠤᠩᠭᠤᠯ ᠤᠷᠠᠨ ᠵᠤᠬᠢᠶᠠᠯ ᠤᠨ ᠰᠢᠨ᠎ᠡ ᠤᠳᠤᠨ ︾ ᠡᠷᠭᠦᠮᠵᠢᠯᠡᠯ ᠢ ᠬᠦᠷᠳᠡᠪᠡ᠃ ᠰᠢᠯᠢ ᠶᠢᠨ ᠭᠤᠤᠯ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠳᠡᠰ ᠠᠴᠠ ︿ ᠤᠨ ᠤ ᠵᠤᠬᠢᠶᠠᠯᠴᠢ﹀ ᠰᠠᠶᠢᠬᠠᠨ ᠠᠯᠳᠠᠷ ᠢ ᠤᠯᠥᠭᠤᠪᠠ  ᠃ ᠤᠳᠤ ᠦᠪᠦᠷ ᠮᠤᠩᠭᠤᠯ ᠤᠨ ᠵᠣᠬᠢᠶᠠᠯᠴᠢᠳ ᠤᠨ ᠡᠪᠯᠡᠯ ᠤᠨ ᠬᠡᠰᠢᠭᠦᠨ᠂ ᠵᠡᠭᠦᠨ ᠦᠵᠤᠮᠤᠴᠢᠨ ᠬᠤᠰᠢᠭᠤᠨ ᠤ ᠵᠤᠬᠢᠶᠠᠯᠴᠢᠳ ᠤᠨ ᠨᠡᠶᠢᠭᠡᠮᠯᠢᠭ ᠤᠨ ᠳᠡᠳ᠋ ᠲᠡᠷᠢᠭᠦᠯᠦᠭᠴᠢ ᠶᠢᠨ ᠲᠤᠰᠢᠶᠠᠯ ᠎ ᠢ ᠬᠠᠷᠢᠭᠤᠴᠠᠵᠤ ᠪᠤᠢ᠃      ᠲᠠᠯ᠎ᠠ ᠨᠤᠲᠤᠭ ᠤᠨ ᠰᠤᠶᠤᠯ ᠎ ᠠᠴᠠ  ᠡᠷᠳᠡᠮ ᠤᠨ ᠰᠢᠮ᠎ᠠ ᠬᠦᠷᠳᠡᠭᠰᠡᠨ᠂ ᠬᠦᠷᠦᠰᠦᠯᠢᠭ ᠪᠤᠷᠥ ᠴᠢᠷᠠᠢ ᠲᠠᠢ᠂ ᠨᠠᠮᠤᠭᠤᠬᠠᠨ ᠲᠦᠯᠬᠡᠬᠡᠨ ᠵᠠᠩ ᠲᠠᠢ᠂ ᠠᠮᠢᠳᠦ ᠪᠠᠶᠠᠯᠢᠭ ᠬᠡᠯᠡ ᠶᠠᠷᠢᠶ᠎ᠠ  ᠎ ᠲᠠᠢ  ᠵᠠᠯᠠᠭᠤ ᠢᠷᠠᠭᠤ ᠨᠠᠶᠢᠷᠠᠭᠴᠢ ᠮᠠᠨᠢ ᠨᠤᠮ ᠪᠢᠴᠢᠭ ᠰᠤᠨᠢᠨ ᠰᠡᠳᠭᠦᠯ ᠬᠡᠮᠡᠨ ᠤᠪᠥᠭ᠎ᠠ ᠤᠪᠥᠭ᠎ᠠ ᠪᠠᠷ ᠲᠡᠪᠡᠷᠢᠴᠢᠭᠡᠭᠰᠡᠨ ᠶᠠᠭᠠᠷᠠᠯᠳᠠᠶᠢᠬᠠᠨ ᠳᠠᠪᠬᠢᠭᠤᠯᠳᠠᠭ᠂ ᠤᠷᠠᠯᠢᠭ ᠰᠡᠳᠤᠪ ᠢᠶᠠᠷ ᠤᠶᠠᠩᠭᠠᠳᠦ ᠰᠠᠶᠢᠬᠠᠨ ᠰᠢᠯᠦᠭ ᠪᠢᠴᠢᠵᠤ᠂ ᠦᠪᠡᠷ ᠤᠨ ᠬᠡᠰᠡᠨ  ᠵᠤᠬᠢᠶᠠᠯ ᠪᠦᠳᠦᠬᠡᠯ ᠢᠶᠠᠨ  ᠰᠤᠨᠢᠨ ᠰᠡᠳᠬᠦᠯ ᠳᠤ ᠤᠯᠠᠨ  ᠤᠳᠠᠭ᠎ᠠ ᠨᠡᠶᠢᠳᠡᠯᠡᠭᠦᠯᠵᠤ᠂  ᠤᠩᠰᠢᠭᠴᠢ  ᠲᠦᠮᠡᠨ ᠲᠠᠢ ᠎ ᠪᠠᠨ ᠲᠠᠨᠢᠯᠴᠠᠵᠤ ᠶᠠᠪᠤᠭᠰᠠᠨ ᠬᠦᠮᠦᠨ  ᠶᠤᠮ᠃  ᠬᠠᠷᠠᠬᠠᠨ ᠪᠠᠭ᠎ᠠ ᠠᠴᠠ ᠪᠠᠨ ᠨᠤᠮ ᠪᠢᠴᠢᠭ  ᠎ ᠲᠤ ᠪᠠᠬ᠎ᠠ ᠲᠠᠢ ᠲᠡᠷᠠ ᠮᠠᠨᠢ ᠦᠪᠡᠷ ᠤᠨ ᠦᠨᠳᠤᠰᠤᠳᠡᠨ ᠤ ᠰᠤᠶᠤᠯ ᠢᠶᠠᠨ  ᠲᠡᠭᠡᠳᠦᠯᠡᠨ ᠤᠯᠠᠮᠵᠢᠯᠠᠵᠤ᠂ ᠮᠠᠯᠴᠢᠨ ᠲᠦᠮᠡᠨ ᠤ ᠪᠠᠨ ᠨᠤᠮ ᠤᠡᠭᠰᠢᠬᠤ ᠢᠳᠡᠪᠬᠢᠵᠢᠯ ᠢ ᠪᠤᠢ ᠪᠤᠯᠭᠠᠬᠤ ᠡᠭᠦᠳᠠᠨ ᠠᠴᠠ ᠳᠦᠷᠢᠮ ᠲᠤᠭᠲᠠᠭᠠᠯ ᠢᠶᠠᠨ ᠲᠡᠭᠦᠯᠳᠡᠷᠵᠢᠭᠦᠯᠵᠤ᠂ ᠬᠠᠮᠢᠶᠠᠷᠤᠯᠲᠠ ᠪᠠᠨ ᠵᠢᠷᠤᠮᠵᠢᠭᠤᠯᠤᠨ᠂ ᠴᠢᠳᠠᠪᠬᠢ ᠪᠠᠨ ᠦᠷᠭᠡᠳᠬᠡᠵᠤ᠂ ᠨᠤᠮ ᠤᠨ ᠦᠷᠦᠭᠡᠨ ᠤ ᠬᠦᠭᠵᠢᠯᠲᠠ ᠶᠢ ᠴᠢᠬᠤᠯᠠᠴᠢᠯᠠᠨ᠂ ᠲᠠᠯ᠎ᠠ ᠨᠤᠲᠤᠭ ᠤᠨ ᠨᠤᠮ ᠤᠨ ᠦᠷᠦᠬᠡ ᠶᠢᠨ ᠢᠶᠠᠨ ᠪᠦᠬᠦᠶᠢᠯᠡ ᠵᠦᠢᠯ ᠢ ᠪᠦᠷᠢᠨᠰᠢᠬᠦᠯᠵᠤ᠂ ᠦᠯᠡᠮᠵᠢ ᠬᠡᠰᠢᠭ ᠲᠠᠢ ᠨᠤᠮ ᠤᠨ ᠦᠷᠦᠬᠡ ᠪᠤᠯᠭᠠᠵᠤ᠂ ᠦᠨᠳᠤᠰᠤᠨ ᠱᠠᠳᠤᠨ ᠤ ᠰᠤᠶᠤᠯ ᠤᠨ ᠵᠢᠭᠰᠠᠭᠠᠯ ᠤᠨ ᠭᠠᠵᠠᠷ ᠤᠨ ᠲᠠᠶᠢᠴᠢᠨ  ᠪᠠᠬᠢᠯᠡᠯᠳᠡ ᠶᠢᠨ ᠦᠢᠯᠡᠳᠤᠯ ᠢ ᠭᠦᠢᠴᠡᠳ ᠪᠠᠳᠠᠷᠠᠭᠤᠯᠵᠤ ᠢᠷᠡᠵᠠᠢ᠃ ᠨᠤᠮ ᠤᠨ ᠦᠷᠦᠬᠡ ᠳᠡᠭᠡᠨ ᠨᠠᠮ ᠤᠨ ᠠᠷᠪᠠ ᠶᠢᠰᠤᠳᠤᠬᠡᠷ ᠶᠡᠭᠡ ᠬᠤᠷᠠᠯ ᠎ ᠤᠨ ᠵᠣᠷᠢᠭ ᠰᠠᠨᠠᠭ᠎ᠠ ᠶᠢ ᠰᠤᠷᠤᠯᠴᠠᠬᠤ ᠴᠢᠬᠤᠯᠠ ᠪᠦᠬᠦᠢ ᠮᠠᠲ᠋ᠧᠷᠢᠶᠠᠯ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠲᠦ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠢ ᠪᠦᠲᠦᠬᠡᠨ ᠪᠠᠶᠢᠭᠤᠯᠬᠤ ᠲᠤᠬᠠᠢ ᠰᠤᠷᠤᠯᠴᠠᠬᠤ ᠮᠠᠲ᠋ᠧᠷᠢᠶᠠᠯ᠂ ᠤᠳᠬ᠎ᠠ ᠰᠤᠶᠤᠯ᠂ ᠲᠡᠤᠬᠡ ᠰᠤᠳᠤᠯᠤᠯ᠂ ᠦᠵᠤᠮᠤᠴᠢᠨ ᠠᠷᠠᠳ ᠤᠨ ᠰᠤᠶᠤᠯ ᠲᠡᠤᠬᠡ᠂ ᠠᠮᠢ ᠠᠬᠤᠢ᠂ ᠮᠠᠯᠴᠢᠨ ᠲᠦᠮᠡᠨ  ᠎ ᠤ ᠠᠵᠤ ᠠᠮᠢᠳᠤᠷᠠᠯ ᠎ ᠲᠠᠢ ᠬᠤᠯᠪᠤᠭᠳᠠᠬᠤ ᠬᠠᠤᠯᠢ ᠲᠦᠷᠢᠮ᠂  ᠭᠡᠷᠡᠭᠯᠡᠭᠡᠨ ᠤ ᠮᠡᠷᠭᠡᠵᠢᠯ ᠤᠨ ᠨᠤᠮ᠂ ᠮᠠᠯᠴᠢᠳ ᠤᠨ ᠤᠷᠤᠯᠭ᠎ᠠ ᠶᠢ  ᠭᠡᠷᠬᠢᠨ ᠨᠡᠮᠡᠭᠳᠡᠭᠦᠯᠬᠦ᠂ ᠰᠢᠯᠦᠭ ᠨᠠᠶᠢᠷᠠᠭᠤᠯᠤᠯ ᠵᠡᠷᠬᠡ  ᠤᠯᠠᠨ ᠲᠦᠷᠦᠯ ᠤᠨ ᠲᠦᠮᠡ ᠭᠠᠷᠤᠢ ᠨᠤᠮ ᠬᠠᠳᠠᠭᠠᠯᠠᠵᠤ  ᠪᠠᠶᠢᠭ᠎ᠠ ᠪᠦᠭᠡᠳ ᠮᠠᠯᠴᠢᠨ ᠲᠦᠮᠠᠨ ᠳᠡᠭᠡᠨ ᠰᠢᠨ᠎ᠡ ᠴᠠᠭ ᠦᠶ᠎ᠡ ᠶᠢᠨ ᠲᠦᠷᠦ ᠶᠢᠨ ᠪᠤᠳᠤᠯᠭ᠎ᠠ ᠶᠢᠨ ᠲᠤᠬᠠᠢ ᠴᠢᠬᠤᠯᠠ ᠪᠢᠴᠢᠭ ᠮᠠᠲ᠋ᠧᠷᠢᠶᠠᠯ ᠢ ᠴᠠᠭ ᠲᠤᠬᠠᠢ ᠳᠤᠨᠢ ᠤᠬᠠᠭᠤᠯᠤᠨ ᠬᠦᠷᠬᠡᠵᠤ᠂ ᠮᠠᠯᠴᠢᠳ ᠤᠨ ᠰᠢᠨ᠎ᠡ ᠴᠠᠭ ᠦᠶ᠎ᠡ ᠲᠠᠢ ᠵᠡᠷᠬᠡᠪᠡᠷ ᠤᠷᠤᠭᠰᠢᠯᠠᠬᠤ ᠳᠤ ᠬᠦᠴᠤᠨ ᠪᠦᠬᠦᠢ ᠪᠠᠳᠤᠯᠠᠭ᠎ᠠ ᠶᠢ ᠬᠠᠩᠭᠠᠵᠤ᠂ ᠲᠠᠯ᠎ᠠ ᠨᠤᠲᠤᠭ ᠤᠨ ᠨᠤᠮ ᠤᠨ ᠦᠷᠦᠬᠡ ᠶᠢᠨ ᠦᠢᠯᠡᠳᠤᠯ ᠢ ᠭᠦᠢᠴᠡᠳ ᠪᠠᠳᠠᠷᠠᠭᠤᠯᠵᠤ ᠴᠢᠳᠠᠭᠰᠠᠨ  ᠎ ᠢᠶᠠᠷ ᠨᠤᠮ ᠤᠨ ᠦᠷᠦᠭᠡᠨ ᠤ  ᠎ ᠪᠠᠨ ︽ᠰᠤᠶᠤᠯ ᠢᠶᠠᠷ ᠠᠷᠠᠳ ᠢᠶᠠᠨ ᠬᠦᠯᠵᠢᠭᠦᠯᠬᠦ᠂ ᠰᠤᠶᠤᠯ ᠢᠶᠠᠷ ᠠᠷᠠᠳ ᠢᠶᠠᠨ ᠰᠡᠭᠡᠭᠡᠷᠡᠭᠦᠯᠬᠦ︾ ᠶᠡᠷᠦᠩᠬᠡᠶᠢᠯᠡᠭᠰᠡᠨ ᠦᠢᠯᠡᠴᠢᠯᠡᠭᠡ  ᠎ ᠶᠢ ᠡᠳᠦᠷ ᠢᠷᠡᠬᠦᠶ᠎ᠠ  ᠲᠤᠪᠦᠶᠢᠮ᠎ᠠ ᠪᠤᠯᠭᠠᠵᠠᠢ᠃     — ᠬᠤᠶᠢᠰᠢᠳᠠ ︽ᠲᠠᠯ᠎ᠠ ᠨᠤᠲᠤᠭ ᠤᠨ ᠨᠤᠮ ᠤᠨ ᠦᠷᠦᠬᠡ︾᠎ ᠶᠢᠨ ᠢᠶᠠᠨ ᠴᠢᠨᠠᠷ ᠴᠢᠨᠰᠠᠭ᠎ᠠ ᠶᠢ ᠤᠯᠠᠮ ᠴᠢᠨᠠᠭᠰᠢᠳᠠ ᠲᠡᠭᠡᠭᠰᠢᠯᠡᠬᠦᠯᠵᠦ᠂ ᠮᠠᠯᠴᠢᠨ ᠲᠦᠮᠠᠨ ᠳᠤ ᠬᠤᠯᠪᠤᠭᠳᠠᠭᠰᠠᠨ ᠲᠥᠷᠦ ᠶᠢᠨ ᠪᠤᠳᠤᠯᠭ᠎ᠠ ᠶᠢᠨ ᠲᠤᠬᠠᠢ ᠨᠤᠮ ᠰᠡᠳᠬᠦᠯ ᠪᠠ  ᠪᠢᠴᠢᠭ ᠮᠠᠲ᠋ᠧᠷᠢᠶᠠᠯ ᠢ ᠢᠯᠡᠭᠦᠬᠡᠨ ᠪᠦᠷᠢᠨᠰᠢᠭᠦᠯᠵᠤ᠂  ᠮᠠᠯᠴᠢᠨ ᠲᠦᠮᠡᠨ ᠤ ᠤᠶᠤᠨ ᠤ  ᠤᠷᠤᠯᠳᠤᠭᠠᠨ ︿ᠮᠡᠳᠡᠯᠬᠡ ᠶᠢᠨ ᠤᠷᠤᠯᠳᠤᠭᠠᠨ﹀ ᠵᠠᠷᠬᠡ ᠶᠢ  ᠢᠯᠡᠬᠦᠤ ᠵᠤᠬᠢᠶᠠᠨ ᠪᠠᠶᠢᠭᠤᠯᠵᠤ᠂ ᠲᠤᠰᠬᠠᠢ ᠮᠡᠷᠬᠡᠵᠢᠯᠲᠡᠨ ᠵᠠᠯᠠᠵᠤ᠂ ᠮᠠᠯ ᠠᠵᠤ ᠠᠬᠤᠢ ᠶᠢᠨ ᠲᠠᠯ᠎ᠠ ᠪᠠᠷ ᠬᠢ ᠮᠡᠷᠬᠡᠵᠢᠯ ᠤᠨ ᠵᠢᠯᠤᠭᠤᠳᠤᠯᠭ᠎ᠠ ᠬᠢᠯᠬᠡᠬᠦ ᠵᠠᠷᠬᠡ ᠮᠠᠯᠴᠢᠳ ᠲᠤ ᠠᠰᠢᠭᠳᠠᠢ  ᠠᠵᠢᠯ ᠢ ᠢᠯᠡᠬᠦᠤ ᠬᠢᠵᠤ᠂ ︽ᠲᠠᠯ᠎ᠠ ᠨᠤᠲᠤᠭ ᠤᠨ ᠨᠤᠮ ᠤᠨ ᠦᠷᠦᠬᠡ︾᠎ ᠎ ᠶᠢᠨ ᠬᠦᠭᠵᠢᠯᠳᠡ ᠳᠤ ᠦᠪᠡᠷ ᠤᠨ ᠬᠤᠪᠢ ᠨᠡᠮᠡᠷᠢ ᠪᠠᠨ ᠦᠵᠡᠭᠦᠯᠬᠦ ᠪᠠᠷ ᠪᠠᠶᠢᠨ᠎ᠠ ᠬᠡᠵᠤ ᠦ᠊᠂  ᠤᠷᠲᠦᠨᠠᠰᠤᠲᠦ  ᠶᠠᠷᠢᠯ᠎ᠠ      ᠬᠤᠷᠢᠶᠠᠩᠭᠤᠶᠢᠯᠠᠪᠠᠯ᠂ ᠲᠠᠭᠤᠳᠤᠨᠠᠭᠤᠷ  ᠪᠠᠯᠭᠠᠰᠤ  ᠮᠠᠯᠴᠢᠳ ᠤᠨ ︽ᠲᠠᠯ᠎ᠠ ᠨᠤᠲᠤᠭ ᠤᠨ ᠨᠤᠮ ᠤᠨ ᠦᠷᠦᠬᠡ︾  ᠎ ᠶᠢᠨ ᠴᠢᠨᠠᠷ ᠴᠢᠨᠰᠠᠭ᠎ᠠ ᠶᠢ  ᠤᠯᠠᠮ ᠰᠠᠶᠢᠵᠢᠷᠠᠭᠤᠯᠬᠤ ᠶᠢᠨ ᠲᠦᠯᠦᠭᠡ᠂ ᠪᠠᠶᠠᠵᠢᠨ  ᠴᠢᠨᠡᠭᠡᠯᠢᠭᠵᠢᠭᠰᠡᠨ ᠦᠯᠢᠬᠡᠷ ᠵᠢᠱᠢᠶ᠎ᠠ ᠶᠢ ᠤᠬᠠᠭᠤᠯᠬᠤ ᠪᠠᠷ ᠲᠠᠮᠵᠢᠭᠤᠯᠤᠨ᠂ ᠨᠡᠩ ᠤᠯᠠᠨ ᠮᠠᠯᠴᠢᠳ ᠤᠨ ︽ᠲᠠᠯ᠎ᠠ ᠨᠤᠲᠤᠭ ᠤᠨ ᠨᠤᠮ ᠤᠨ ᠦᠷᠦᠬᠡ︾᠎ ᠶᠢ ᠢᠳᠡᠪᠬᠢᠯᠡᠨ ᠪᠠᠶᠢᠭᠤᠯᠬᠤ ᠶᠢ ᠤᠷᠢᠶᠠᠯᠠᠵᠤ᠂ ᠮᠠᠯᠴᠢᠨ ᠲᠦᠮᠡᠨ ᠳᠤ ︽ᠲᠠᠯ᠎ᠠ ᠨᠤᠲᠤᠭ ᠤᠨ ᠨᠤᠮ ᠤᠨ ᠦᠷᠦᠬᠡ︾᠎ ᠶᠢᠨ  ᠠᠰᠢᠭ ᠲᠤᠰᠠ ᠶᠢ ᠲᠠᠨᠢᠭᠤᠯᠵᠤ  ᠂ ᠮᠠᠯᠴᠢᠨ ᠲᠦᠮᠡᠨ ᠤ  ᠨᠤᠮ ᠤᠡᠭᠰᠢᠬᠤ ᠤᠷᠮ᠎ᠠ ᠶᠢ  ᠎ ᠨᠢ ᠬᠦᠭᠵᠢᠬᠡᠨ᠂ ᠰᠤᠶᠤᠯ ᠤᠨ ᠠᠮᠢᠳᠤᠷᠠᠯ ᠢ ᠨᠢ  ᠪᠠᠶᠠᠯᠢᠭᠵᠢᠭᠤᠯᠵᠤ᠂ ︽ᠲᠠᠯ᠎ᠠ ᠨᠤᠲᠤᠭ ᠤᠨ ᠨᠤᠮ ᠤᠨ ᠦᠷᠦᠬᠡ︾  ᠎ ᠪᠠᠷ ᠲᠠᠮᠵᠢᠭᠤᠯᠤᠨ ᠨᠡᠩ ᠤᠯᠠᠨ ᠰᠤᠷᠳᠠᠯ ᠤᠬᠠᠭᠤᠯᠭ᠎ᠠ ᠶᠢᠨ ᠠᠵᠢᠯ ᠢ ᠦᠷᠨᠢᠭᠦᠯᠵᠤ᠂ ᠤᠬᠠᠭᠤᠯᠬᠤ ᠰᠤᠶᠤᠯ ᠤᠨ ᠲᠠᠩᠭᠢᠮ ᠪᠤᠯᠤᠨ ᠤᠯᠠᠮᠵᠢᠯᠠᠯᠲᠤ ᠰᠤᠶᠤᠯ ᠢ ᠤᠬᠠᠭᠤᠯᠬᠤ᠂ ᠰᠢᠨ᠎ᠡ ᠴᠠᠭ ᠦᠶ᠎ᠡ ᠲᠠᠢ ᠵᠠᠷᠭᠡᠪᠡᠷ ᠤᠷᠤᠭᠰᠢᠯᠠᠵᠤ᠂ ᠰᠢᠨ᠎ᠡ ᠠᠮᠵᠢᠯᠳᠠ ᠪᠦᠳᠤᠮᠵᠢ ᠭᠠᠷᠭᠠᠬᠤ ᠠᠵᠢᠯᠠᠯᠭᠠᠨ ᠤ ᠵᠦᠭᠯᠡᠭᠦᠷ ᠪᠤᠯᠭᠠᠵᠤ᠂  ᠪᠠᠯᠭᠠᠰᠤᠨ ᠤ ᠪᠠᠨ ᠰᠤᠶᠤᠯ ᠤᠨ ᠪᠦᠳᠤᠬᠡᠨ ᠪᠠᠶᠢᠭᠤᠯᠤᠯᠲᠠ ᠶᠢ ᠨᠡᠩ ᠦᠨᠳᠤᠷ ᠲᠦᠪᠰᠢᠨ ᠳᠤ ᠭᠦᠷᠭᠡᠭᠦ  ᠵᠤᠷᠢᠯᠳᠠ ᠪᠠᠨ ᠪᠤᠯᠭᠠᠵᠣ ᠪᠠᠶᠢᠨ᠎ᠠ᠃      ᠨᠤᠮ ᠤᠨ ᠴᠠᠭᠠᠨ ᠪᠤᠶᠠᠨ ᠳᠡᠯᠭᠡᠷᠡᠬᠦ  ᠪᠤᠯᠳᠤᠭᠠᠢ  ︔                                                                                                
 
ᠢᠷᠡᠯᠲᠡ᠄ ᠳᠠᠭᠤᠲᠤᠨᠠᠭᠤᠷ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号