ᠨᠠᠶᠢᠭᠡᠮ ᠵᠢᠷᠤᠮ ᠤᠨ ᠭᠤᠤᠯᠯᠠᠬᠴᠢ ᠦᠷᠳᠡᠭ ᠤᠨ ᠦᠵᠡᠯᠳᠡ ᠶᠢᠨ ᠨᠢᠭᠡᠳᠤᠮᠡᠯ ᠴᠢᠨᠠᠷ ᠎ ᠤᠨ ᠲᠤᠬᠠᠢ ᠭᠦᠨᠵᠡᠭᠡᠢ ᠤᠶᠢᠯᠭᠠᠬᠤ ᠬᠡᠷᠡᠭᠳᠠᠢ
ᠨᠡᠶᠢᠲᠡᠯᠡᠭᠰᠡᠨ ᠴᠠᠭ᠄
2018/4/23
                           ᠨᠠᠶᠢᠭᠡᠮ ᠵᠢᠷᠤᠮ ᠤᠨ ᠭᠤᠤᠯᠯᠠᠬᠴᠢ ᠦᠷᠳᠡᠭ ᠤᠨ ᠦᠵᠡᠯᠳᠡ ᠪᠠᠷ ᠨᠡᠶᠢᠭᠡᠮ ᠤᠨ ᠬᠠᠮᠳᠤ ᠶᠢᠨ ᠦᠵᠡᠯᠳᠡ ᠲᠠᠨᠢᠯᠳᠡ ᠶᠢ ᠨᠢᠬᠳᠠᠷᠠᠭᠤᠯᠬᠤ ᠪᠤᠯᠤᠨ ᠬᠦᠭᠵᠢᠯᠳᠡ ᠶᠢᠨ ᠴᠢᠭᠯᠡᠯ ᠬᠠᠨᠳᠤᠯᠭ᠎ᠠ ᠶᠢ ᠲᠠᠭᠠᠭᠤᠯᠬᠤ ᠪᠤᠯ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠪᠠᠶᠢᠯᠳᠤᠬᠤ ᠪᠤᠳᠤᠯᠭ᠎ᠠ ᠶᠢᠨ ᠠᠰᠠᠭᠤᠳᠠᠯ ᠢ ᠲᠦᠯᠭᠢᠨ ᠠᠭᠢᠭᠤᠯᠬᠤ ᠶᠠᠪᠤᠳᠠᠯ ᠪᠤᠯᠤᠨ᠎ᠠ᠃ ᠨᠠᠶᠢᠭᠡᠮ ᠵᠢᠷᠤᠮ ᠤᠨ ᠭᠤᠤᠯᠯᠠᠬᠴᠢ ᠦᠷᠳᠡᠭ ᠤᠨ ᠦᠵᠡᠯᠳᠡ ᠶᠢ ᠪᠤᠶᠢᠵᠢᠭᠤᠯᠤᠨ ᠬᠦᠮᠦᠵᠢᠬᠦᠯᠬᠦ ᠪᠤᠯᠤᠨ ᠪᠠᠳᠠᠷᠠᠭᠤᠯᠤᠨ ᠮᠠᠨᠳᠤᠭᠤᠯᠬᠤ᠂ ᠡᠬᠦᠨ ᠳᠤ ᠤᠨᠤᠯ ᠤᠨ ᠲᠠᠯ᠎ᠠ ᠶᠢᠨ ᠠᠪᠴᠠᠯᠳᠤᠩᠭᠤᠢ ᠲᠠᠶᠢᠯᠤᠮᠵᠢ᠂ ᠤᠬᠠᠭᠤᠯᠭ᠎ᠠ ᠶᠢᠨ ᠲᠠᠯ᠎ᠠ ᠶᠢᠨ ᠲᠠᠮᠵᠢᠭᠤᠯᠭ᠎ᠠ ᠶᠢᠨ ᠲᠠᠨᠢᠯᠳᠡ᠂ ᠤᠢᠢᠯᠡᠳᠤᠯᠭᠡ ᠶᠢᠨ ᠲᠠᠯ᠎ᠠ ᠶᠢᠨ ᠪᠤᠶᠢᠵᠢᠭᠤᠯᠤᠨ ᠬᠦᠮᠦᠵᠢᠬᠦᠯᠬᠦ ᠶᠢ ᠪᠡᠶᠡᠯᠡᠬᠦᠯᠬᠦ ᠶᠢ ᠪᠠᠭᠳᠠᠭᠠᠬᠤ ᠵᠢᠴᠢ ᠬᠦᠨ ᠬᠦᠨᠵᠡᠭᠡᠢ ᠤᠢᠢᠯᠠᠭᠠᠬᠤ ᠪᠤᠯᠤᠨ ᠲᠡᠬᠦᠨ ᠢ ᠬᠠᠮᠤᠷᠬᠤ ᠤᠷᠭᠠᠨᠢᠬ ᠨᠢᠭᠡᠳᠤᠮᠡᠯ ᠴᠢᠨᠠᠷ ᠪᠤᠯ ᠤᠷᠢᠳᠡᠯ ᠪᠤᠯᠤᠨ ᠰᠠᠭᠤᠷᠢ ᠪᠤᠯᠬᠤ ᠶᠤᠮ᠃ ᠨᠠᠶᠢᠭᠡᠮ ᠵᠢᠷᠤᠮ ᠤᠨ ᠭᠤᠤᠯᠯᠠᠬᠴᠢ ᠦᠷᠳᠡᠭ ᠤᠨ ᠦᠵᠡᠯᠳᠡ ᠪᠤᠯ ᠤᠭ ᠰᠠᠨᠠᠭ᠎ᠠ ᠶᠢᠨ ᠲᠤᠬᠳᠠᠭᠠᠯᠳᠤ ᠴᠢᠨᠠᠷ ᠪᠤᠯᠤᠨ ᠴᠠᠭ ᠬᠤᠭᠤᠴᠠᠭ᠎ᠠ ᠪᠠ ᠤᠷᠤᠨ ᠵᠠᠢ ᠶᠢᠨ ᠲᠤᠬᠳᠠᠭᠠᠯᠳᠤ ᠴᠢᠨᠠᠷ ᠤᠨ ᠤᠷᠭᠠᠨᠢᠭ ᠨᠢᠭᠡᠳᠤᠯ ᠪᠤᠯᠤᠨ᠎ᠠ᠃ ᠴᠠᠭ ᠬᠤᠭᠤᠴᠠᠭᠠᠨ ᠤ ᠲᠠᠯ᠎ᠠ ᠠᠴᠠ ᠠᠪᠴᠤ ᠭᠡᠯᠡᠪᠡᠯ᠂ ᠲᠡᠷᠡ ᠨᠢ ᠤᠳᠤ ᠦᠶ᠎ᠠ ᠶᠢᠨ ᠨᠡᠶᠢᠭᠡᠮ ᠵᠢᠷᠤᠮ᠂ ᠲᠠᠷᠤᠢ ᠤᠳᠤ ᠦᠶ᠎ᠠ ᠶᠢᠨ ᠲᠤᠮᠳᠠᠳᠤ ᠤᠯᠤᠰ ᠤᠨ ᠦᠷᠳᠡᠭ ᠤᠨ ᠦᠵᠡᠯᠳᠡ ᠶᠢᠨ ᠠᠰᠠᠭᠤᠳᠠᠯ ᠢ ᠰᠢᠢᠳᠪᠤᠷᠢᠯᠡᠬᠦ ᠶᠢᠨ ᠭᠡᠷᠡᠭᠴᠡᠭᠡ ᠪᠤᠯᠤᠨ᠎ᠠ᠃ ᠤᠷᠤᠨ ᠵᠠᠢ ᠶᠢᠨ ᠲᠠᠯ᠎ᠠ ᠠᠴᠠ ᠠᠪᠴᠤ ᠭᠡᠯᠡᠪᠡᠯ᠂ ᠲᠡᠷᠡ ᠨᠢ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ᠂ ᠲᠠᠷᠤᠢ ᠦᠨᠳᠤᠰᠤᠳᠠᠨ ᠤ ᠤᠨᠴᠠᠯᠢᠭ ᠰᠢᠨᠵᠢ᠂ ᠲᠤᠮᠳᠠᠳᠤ ᠤᠯᠤᠰ ᠤᠨ ᠤᠨᠴᠠᠯᠢᠭ ᠢ ᠢᠯᠡᠷᠡᠬᠦᠯᠬᠦ ᠶᠢᠨ ᠭᠡᠷᠡᠭᠴᠡᠭᠡ ᠪᠤᠯᠤᠨ᠎ᠠ᠃        ᠨᠢᠭᠡ᠄ ᠤᠯᠤᠰ ᠭᠡᠷ ᠤᠨ ᠲᠠᠪᠬᠤᠷᠭ᠎ᠠ      ᠪᠠᠶᠠᠨ ᠬᠦᠴᠦᠷᠬᠡᠭ ᠠᠷᠠᠳᠴᠢᠯᠠᠯ ᠲᠠᠢ ᠪᠤᠯᠪᠠᠰᠤᠨ ᠰᠠᠶᠢᠬᠠᠨ ᠡᠶ᠎ᠡ ᠵᠤᠬᠢᠴᠠᠩᠭᠤᠢ ᠪᠤᠯ ᠨᠠᠶᠢᠭᠡᠮ ᠵᠢᠷᠤᠮ ᠤᠨ ᠭᠤᠤᠯᠯᠠᠬᠴᠢ ᠦᠷᠲᠡᠭ ᠤᠨ ᠦᠵᠡᠯᠲᠡ ᠶᠢᠨ ᠤᠯᠤᠰ ᠭᠡᠷ ᠤᠨ ᠲᠦᠷᠢᠮ ᠲᠤᠭᠲᠠᠭᠠᠯ ᠲᠡᠭᠡᠷᠡᠬᠢ ᠬᠠᠷᠠᠯᠲᠠ ᠪᠤᠯᠬᠤ ᠶᠤᠮ᠃ ᠪᠢᠳᠡᠨ ᠤ ᠮᠡᠳᠡᠭᠡᠵᠢ ᠪᠠᠷ ᠲᠤᠮᠳᠠᠲᠤ ᠶᠢᠨ ᠤᠨᠴᠠᠯᠢᠭ ᠪᠦᠬᠦᠢ ᠨᠡᠶᠢᠭᠡᠮ ᠵᠢᠷᠤᠮ ᠤᠨ ᠤᠳᠤᠬᠢᠴᠢᠯᠠᠯᠠᠳᠠ ᠶᠢᠨ ᠪᠦᠳᠦᠭᠡᠨ ᠪᠠᠶᠢᠭᠤᠯᠤᠯᠳᠠ ᠶᠢᠨ ᠶᠡᠷᠦᠩᠬᠡᠢ ᠪᠠᠶᠢᠷᠢᠭᠤᠯᠤᠯᠳᠠ ᠪᠤᠯ ᠲᠠᠷᠤᠢ ᠠᠵᠤ ᠠᠬᠤᠢ ᠶᠢᠨ ᠪᠦᠲᠦᠭᠡᠨ ᠪᠠᠶᠢᠭᠤᠯᠤᠯᠳᠠ᠂ ᠤᠯᠤᠰ ᠲᠦᠷᠦ ᠶᠢᠨ ᠪᠦᠲᠦᠭᠡᠨ ᠪᠠᠶᠢᠭᠤᠯᠤᠯᠳᠠ᠂ ᠰᠤᠶᠤᠯ ᠤᠨ ᠪᠦᠲᠦᠭᠡᠨ ᠪᠠᠶᠢᠭᠤᠯᠤᠯᠳᠠ᠂ ᠨᠡᠶᠢᠭᠡᠮ ᠤᠨ ᠪᠦᠲᠦᠭᠡᠨ ᠪᠠᠶᠢᠭᠤᠯᠤᠯᠳᠠ ᠪᠠ ᠠᠮᠢ ᠠᠬᠤᠢ ᠶᠢᠨ ᠪᠦᠲᠦᠭᠡᠨ ᠪᠠᠶᠢᠭᠤᠯᠤᠯᠳᠠ ᠪᠤᠯᠤᠨ᠎ᠠ᠃ ᠡᠳᠡᠭᠡᠷ ᠪᠦᠲᠦᠭᠡᠨ ᠪᠠᠶᠢᠭᠤᠯᠤᠯᠳᠠ ᠶᠢᠨ ᠠᠯᠢ ᠨᠢ ᠪᠤᠯᠤᠭᠰᠠᠨ ᠴᠦ ᠪᠦᠷ ᠨᠢᠭᠡᠨ ᠬᠠᠮᠲᠦ ᠶᠢᠨ ᠦᠷᠲᠡᠭ ᠤᠨ ᠬᠦᠬᠡᠬᠡᠴᠡᠯᠳᠤᠯ ᠤᠨ ᠬᠠᠷᠠᠯᠲᠠ ᠪᠠᠶᠢᠳᠠᠭ᠃ ᠡᠨᠡᠬᠦ ᠠᠷᠭ᠎ᠠ ᠬᠠᠷᠠᠯᠲᠠ ᠨᠢ ᠦᠷᠲᠡᠭ ᠤᠨ ᠬᠦᠬᠡᠬᠡᠴᠡᠯᠳᠤᠯ ᠤᠨ ᠲᠠᠯ᠎ᠠ ᠠᠴᠠ ᠠᠪᠴᠦ ᠬᠡᠯᠡᠪᠡᠯ ᠲᠠᠷᠤᠢ ᠪᠠᠶᠠᠨ ᠬᠦᠴᠦᠷᠬᠡᠭ᠂ ᠠᠷᠠᠳᠴᠢᠯᠠᠯ ᠲᠠᠢ᠂ ᠪᠤᠯᠪᠠᠰᠤᠨ ᠰᠠᠶᠢᠬᠠᠨ᠂ ᠡᠶ᠎ᠡ ᠵᠤᠬᠢᠴᠠᠩᠭᠤᠢ ᠪᠠᠶᠢᠬᠤ ᠳᠤ ᠬᠦᠷᠬᠦ ᠶᠠᠪᠤᠳᠠᠯ ᠪᠤᠯᠤᠨ᠎ᠠ᠃ ᠲᠠᠷᠤᠢ ᠠᠵᠤ ᠠᠬᠤᠢ ᠶᠢᠨ ᠲᠠᠯ᠎ᠠ  ᠎ ᠪᠠᠷ ᠶᠠᠪᠤᠬᠤ ᠲᠤᠲᠤᠮ ᠪᠠᠶᠠᠨ ᠬᠦᠴᠦᠷᠬᠡᠭ ᠪᠤᠯᠵᠤ᠂ ᠤᠯᠤᠰ ᠲᠦᠷᠦ ᠶᠢᠨ ᠲᠠᠯ᠎ᠠ ᠪᠠᠷ ᠶᠠᠪᠤᠬᠤ ᠲᠤᠲᠤᠮ ᠠᠷᠠᠳᠴᠢᠯᠠᠯ ᠲᠠᠢ ᠪᠤᠯᠵᠤ᠂ ᠰᠤᠶᠤᠯ ᠤᠨ ᠲᠠᠯ᠎ᠠ ᠪᠠᠷ ᠶᠠᠪᠤᠬᠤ ᠲᠤᠲᠤᠮ ᠪᠣᠯᠪᠠᠰᠤᠨ ᠰᠠᠶᠢᠬᠠᠨ ᠪᠤᠯᠵᠤ᠂ ᠨᠡᠶᠢᠭᠡᠮ ᠪᠠ ᠠᠮᠢ ᠠᠬᠤᠢ ᠶᠢᠨ ᠲᠠᠯ᠎ᠠ ᠎ ᠪᠠᠷ ᠶᠠᠪᠤᠬᠤ ᠲᠤᠲᠤᠮ ᠡᠶ᠎ᠡ ᠵᠤᠬᠢᠴᠠᠩᠭᠤᠢ ᠪᠤᠯᠬᠤ ᠶᠠᠪᠤᠳᠠᠯ ᠪᠤᠯᠤᠨ᠎ᠠ  ᠃      ᠬᠤᠶᠠᠷ᠄ ᠨᠡᠶᠢᠬᠡᠮ ᠤᠨ ᠲᠠᠪᠬᠤᠷᠭ᠎ᠠ      ᠡᠷᠬᠡ ᠴᠢᠯᠦᠭᠡᠲᠠᠢ᠂ ᠡᠷᠬᠡ ᠲᠡᠭᠰᠢ᠂ ᠲᠦᠪ ᠭᠤᠤᠯᠴᠢ᠂ ᠬᠠᠤᠯᠢ ᠪᠠᠷ ᠤᠯᠤᠰ ᠢᠶᠠᠨ ᠵᠠᠰᠠᠬᠤ ᠬᠡᠳᠡᠭ ᠪᠤᠯ ᠨᠡᠶᠢᠭᠡᠮ ᠵᠢᠷᠤᠮ ᠤᠨ ᠭᠤᠤᠯᠯᠠᠬᠴᠢ ᠦᠷᠲᠡᠭ ᠤᠨ ᠦᠵᠡᠯᠳᠠ ᠶᠢᠨ ᠨᠡᠶᠢᠭᠡᠮ ᠤᠨ ᠲᠠᠪᠬᠤᠷᠭ᠎ᠠ ᠶᠢᠨ ᠲᠡᠭᠡᠷᠡᠬᠢ ᠬᠠᠷᠠᠯᠲᠠ ᠮᠦᠨ᠃ ᠡᠷᠬᠡ ᠴᠢᠯᠦᠭᠡᠲᠠᠢ᠂ ᠡᠷᠬᠡ ᠲᠡᠭᠰᠢ᠂ ᠲᠦᠪ ᠭᠤᠤᠯᠴᠢ᠂ ᠬᠠᠤᠯᠢ ᠪᠠᠷ ᠤᠯᠤᠰ ᠢᠶᠠᠨ ᠵᠠᠰᠠᠬᠤ ᠎ ᠨᠢ ᠲᠤᠮᠳᠠᠲᠦ ᠶᠢᠨ ᠤᠨᠴᠠᠯᠢᠭ ᠲᠠᠢ ᠨᠡᠶᠢᠭᠡᠮ ᠵᠢᠷᠤᠮ ᠤᠨ ᠦᠨᠳᠤᠰᠤᠨ ᠨᠡᠶᠢᠭᠡᠮ ᠤᠨ ᠬᠠᠷᠢᠶᠠᠯᠠᠯ ᠢ ᠢᠯᠡᠷᠬᠡᠶᠢᠯᠡᠵᠤ᠂ ᠮᠠᠷᠺᠰ ᠤᠨ ᠦᠵᠡᠯ ᠤᠨ ᠦᠨᠳᠤᠰᠤᠨ ᠱᠠᠭᠠᠷᠳᠠᠯᠭ᠎ᠠ ᠪᠤᠯᠬᠤ ᠪᠠᠷ ᠪᠠᠷᠠᠬᠤ ᠦᠬᠡᠢ ᠪᠠᠰᠠᠴᠦ ᠲᠤᠮᠳᠠᠳᠦ ᠤᠯᠤᠰ ᠤᠨ ᠡᠪ ᠬᠠᠮᠲᠤᠴᠤᠳ ᠤᠨ ᠡᠭᠦᠷᠢᠳᠡ ᠶᠢᠨ ᠬᠦᠬᠡᠬᠡᠴᠡᠯᠳᠤᠯ ᠮᠦᠨ᠃ ᠮᠠᠷᠺᠰ ᠤᠨ ᠦᠵᠡᠯ ᠤᠨ ᠬᠦᠬᠡᠬᠡᠴᠡᠯᠳᠤᠯ ᠤᠨ ᠡᠴᠦᠰ ᠤᠨ ᠬᠠᠷᠠᠯᠲᠠ ᠪᠤᠯ ᠬᠦᠮᠦᠨ ᠤ ᠡᠷᠬᠡ ᠴᠢᠯᠦᠭᠡ ᠶᠢᠨ ᠪᠦᠬᠦ ᠲᠠᠯ᠎ᠠ ᠶᠢᠨ ᠬᠦᠬᠡᠬᠡᠴᠡᠯᠳᠤᠯ ᠮᠦᠨ᠃ ᠦᠭᠡᠷᠴᠢᠯᠡᠯᠲᠠ ᠬᠢᠵᠤ ᠴᠢᠯᠦᠭᠡᠲᠠᠢ ᠶᠠᠪᠤᠯᠴᠠᠭᠰᠠᠨ ᠠᠴᠠ ᠨᠠᠰᠢ᠂ ᠮᠠᠨ ᠤ ᠤᠯᠤᠰ ᠨᠡᠶᠢᠭᠡᠮ ᠵᠢᠷᠤᠮ ᠤᠨ ᠵᠠᠬ᠎ᠠ ᠲᠡᠯᠭᠡᠭᠦᠷ ᠤᠨ ᠠᠵᠤ ᠠᠬᠤᠢ ᠶᠢᠨ ᠲᠦᠷᠢᠮᠵᠢᠯ ᠤᠨ ᠲᠡᠭᠦᠯᠳᠡᠷᠵᠢᠬᠦ ᠪᠠ ᠨᠡᠶᠢᠭᠡᠮ ᠵᠢᠷᠦᠮᠲᠦ ᠠᠷᠠᠳᠴᠢᠯᠠᠯ ᠤᠨ ᠬᠠᠤᠯᠢ ᠶᠢᠨ ᠲᠠᠨᠢᠯᠲᠠ ᠤᠯᠠᠮ ᠲᠡᠭᠡᠭᠰᠢᠯᠡᠵᠤ ᠡᠷᠬᠡ ᠴᠢᠯᠦᠭᠡᠲᠠᠢ ᠡᠷᠬᠡ ᠲᠡᠭᠰᠢ ᠶᠢᠨ ᠦᠵᠡᠯᠳᠠ ᠡᠳᠦᠷ ᠢᠷᠡᠬᠦᠶ᠎ᠠ ᠬᠦᠮᠤᠰ ᠤᠨ ᠰᠡᠳᠬᠢᠯ ᠳᠤ ᠭᠦᠨᠵᠡᠭᠡᠶᠢᠷᠡᠨ᠂ ᠡᠷᠬᠡ ᠲᠡᠭᠰᠢ᠂ ᠲᠦᠪ ᠭᠤᠤᠯᠴᠢ ᠶᠢ ᠬᠠᠮᠠᠭᠠᠯᠠᠬᠤ ᠱᠠᠭᠠᠷᠳᠤᠯᠭ᠎ᠠ ᠨᠢ ᠤᠯᠠᠮ ᠦᠨᠳᠤᠷ ᠪᠤᠯᠵᠤ᠂ ᠦᠷᠭᠡᠨ ᠤᠯᠠᠨ ᠠᠷᠠᠳ ᠢᠷᠭᠡᠳ ᠤᠨ ᠰᠢᠨ᠎ᠡ ᠬᠦᠰᠡᠯ ᠡᠷᠡᠮᠵᠢᠯᠡᠯ᠂ ᠰᠢᠨ᠎ᠡ ᠱᠠᠭᠠᠷᠳᠠᠯᠭ᠎ᠠ ᠎ ᠳᠤ ᠨᠡᠶᠢᠴᠡᠭᠦᠯᠤᠨ ᠮᠠᠨ ᠤ ᠨᠠᠮ ᠨᠢ ᠡᠷᠬᠡ ᠴᠢᠯᠦᠭᠡᠲᠠᠢ᠂ ᠡᠷᠬᠡ ᠲᠡᠭᠰᠢ᠂ ᠲᠦᠪ ᠭᠤᠤᠯᠴᠢ᠂ ᠬᠠᠤᠯᠢ ᠪᠠᠷ ᠤᠯᠤᠰ ᠢᠶᠠᠨ ᠵᠠᠰᠠᠬᠤ ᠵᠡᠷᠭᠡ ᠤᠬᠠᠭᠳᠠᠬᠤᠨ ᠢ ᠨᠡᠶᠢᠭᠡᠮ ᠵᠢᠷᠦᠮ ᠤᠨ ᠭᠤᠤᠯᠯᠠᠬᠴᠢ ᠦᠷᠲᠡᠭ ᠤᠨ ᠦᠵᠡᠯᠲᠡ ᠶᠢᠨ ᠭᠤᠤᠯ ᠠᠭᠤᠯᠭ᠎ᠠ ᠳᠤ ᠤᠷᠤᠭᠤᠯᠵᠠᠢ  ᠃ ᠡᠷᠬᠡ ᠴᠢᠯᠦᠭᠡᠲᠠᠢ᠂ ᠡᠷᠬᠡ ᠲᠡᠭᠰᠢ᠂ ᠲᠦᠪ ᠭᠤᠤᠯᠴᠢ᠂ ᠬᠠᠤᠯᠢ ᠪᠠᠷ ᠤᠯᠤᠰ ᠢᠶᠠᠨ ᠵᠠᠰᠠᠬᠤ ᠪᠤᠯ ᠤᠳᠤ ᠦᠶ᠎ᠡ ᠶᠢᠨ ᠲᠤᠮᠲᠠᠲᠤ ᠤᠯᠤᠰ ᠤᠨ ᠡᠪ ᠬᠠᠮᠲᠦᠴᠤᠳ ᠤᠨ ᠰᠢᠨᠵᠢᠯᠡᠬᠦ  ᠤᠬᠠᠭᠠᠨᠴᠢ ᠬᠦᠭᠵᠢᠯᠳᠡ ᠶᠢ ᠬᠦᠮᠦᠨ ᠢᠶᠠᠷ ᠦᠨᠳᠤᠰᠦ ᠪᠤᠯᠭᠠᠬᠤ ᠶᠢ ᠪᠠᠷᠢᠮᠲᠠᠯᠠᠬᠤ᠂ ᠠᠷᠠᠳ ᠤᠨ ᠲᠦᠯᠦᠭᠡ ᠵᠠᠰᠠᠭ ᠪᠠᠷᠢᠬᠤ ᠶᠢ ᠪᠠᠷᠢᠮᠲᠠᠯᠠᠬᠤ᠂ ᠬᠠᠥᠯᠢ ᠪᠠᠷ ᠤᠯᠤᠰ ᠪᠠᠨ ᠵᠠᠰᠠᠬᠤ ᠶᠢ ᠪᠠᠷᠢᠮᠲᠠᠯᠠᠬᠤ ᠶᠢᠨ ᠠᠭᠤᠤ ᠶᠡᠭᠡ ᠦᠢᠯᠡᠳᠦᠯᠭᠡ ᠶᠢᠨ ᠲᠤᠮᠳᠠᠬᠢ ᠦᠷᠲᠡᠭ ᠤᠨ ᠢᠯᠡᠷᠡᠯ ᠪᠤᠯᠭᠠᠵᠤ  ᠮᠦᠨᠴᠦ ᠪᠢᠳᠡᠨ ᠤ ᠲᠤᠮᠲᠠᠳᠦ ᠶᠢᠨ ᠤᠨᠴᠠᠯᠢᠭ ᠲᠠᠢ ᠨᠡᠶᠢᠭᠡᠮ ᠵᠢᠷᠤᠮ ᠤᠨ ᠭᠤᠤᠯᠯᠠᠬᠴᠢ ᠦᠷᠲᠡᠭ ᠤᠨ ᠬᠦᠬᠡᠬᠡᠴᠡᠯᠳᠤᠯ ᠤᠨ ᠪᠠᠷᠢᠮᠲᠠᠯᠠᠯ ᠪᠠ ᠬᠦᠭᠵᠢᠭᠦᠯᠦᠯᠲᠡ ᠪᠤᠯᠬᠤ ᠶᠤᠮ᠃       ᠭᠤᠷᠪᠠ᠄ ᠠᠷᠠᠳ ᠢᠷᠭᠡᠳ ᠤᠨ ᠲᠠᠪᠬᠤᠷᠭ᠎ᠠ ᠤᠯᠤᠰ ᠢᠶᠠᠨ ᠬᠠᠶᠢᠷᠠᠯᠠᠬᠤ ᠦᠢᠯᠡᠰ ᠢᠶᠠᠨ ᠲᠡᠭᠡᠵᠢᠯᠡᠬᠦ ᠦᠨᠡᠨᠴᠢ ᠢᠲᠡᠬᠡᠯ ᠪᠠ ᠡᠪ ᠨᠠᠶᠢᠷᠰᠠᠭ ᠪᠤᠯ ᠨᠠᠶᠢᠭᠡᠮ ᠵᠢᠷᠤᠮ ᠤᠨ ᠭᠤᠤᠯᠯᠠᠬᠴᠢ ᠦᠷᠲᠡᠭ ᠤᠨ ᠦᠵᠡᠯᠲᠡ ᠶᠢᠨ ᠠᠷᠠᠳ ᠢᠷᠭᠡᠳ ᠤᠨ ᠬᠤᠪᠢ ᠬᠦᠮᠤᠨ ᠤ ᠲᠠᠪᠬᠤᠷᠭ᠎ᠠ ᠶᠢᠨ ᠦᠷᠲᠡᠭ ᠤᠨ ᠦᠵᠡᠯᠲᠡ ᠶᠢᠨ ᠪᠠᠷᠢᠮᠵᠢᠶ᠎ᠠ ᠪᠤᠯᠬᠤ ᠶᠤᠮ᠃ ᠤᠯᠤᠰ ᠢᠶᠠᠨ ᠬᠠᠶᠢᠷᠠᠯᠠᠬᠤ ᠦᠢᠯᠡᠰ ᠢᠶᠠᠨ ᠲᠡᠭᠡᠵᠢᠯᠡᠬᠦ ᠦᠨᠡᠨᠴᠢ ᠢᠲᠡᠬᠡᠯ ᠲᠠᠢ ᠡᠪ ᠨᠠᠶᠢᠷᠰᠠᠭ ᠪᠠᠶᠢᠬᠤ ᠲᠦᠷᠪᠡᠨ ᠠᠭᠤᠯᠭ᠎ᠠ ᠨᠢᠭᠡ ᠴᠤᠭᠴᠠᠵᠢᠭᠰᠠᠨ ᠨᠢ ᠨᠡᠶᠢᠭᠡᠮ ᠵᠢᠷᠦᠮᠲᠦ ᠤᠯᠤᠰ ᠤᠨ ᠠᠷᠠᠳ ᠢᠷᠭᠡᠳ ᠤᠨ ᠦᠨᠳᠤᠰᠤᠨ ᠦᠷᠲᠡᠭ ᠤᠨ ᠬᠦᠬᠡᠬᠡᠴᠡᠯᠳᠤᠯ ᠪᠠᠷ ᠶᠤᠰᠦ ᠰᠤᠷᠲᠠᠬᠤᠨ ᠤ ᠱᠠᠭᠠᠷᠳᠠᠯᠭ᠎ᠠ ᠶᠢ ᠬᠠᠷᠠᠭᠤᠯᠵᠤ ᠪᠠᠶᠢᠭ᠎ᠠ ᠶᠤᠮ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠮ ᠤ ᠨᠡᠶᠢᠭᠡᠮ ᠵᠢᠷᠦᠮᠲᠦ ᠭᠤᠤᠯᠯᠠᠭᠴᠢ ᠦᠷᠲᠡᠭ ᠤᠨ ᠦᠵᠡᠯᠲᠡ ᠶᠢᠨ ᠰᠢᠰᠲ᠋ᠧᠮ ᠤᠨ ᠦᠡᠭᠭᠡᠷᠡᠭᠰᠡᠨ ᠤ ᠬᠢ ᠵᠠᠯᠭᠠᠮᠵᠢᠯᠠᠭᠰᠠᠨ ᠦᠵᠡᠯ  ᠰᠠᠨᠠᠭᠠᠨᠨ ᠤ ᠰᠠᠭᠤᠷᠢᠨ ᠲᠡᠭᠡᠷ᠎ᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠪᠠ ᠲᠤᠮᠲᠠᠲᠦ ᠶᠢᠨ ᠤᠨᠴᠠᠯᠢᠭ ᠲᠠᠢ ᠨᠡᠶᠢᠭᠡᠮ ᠢ ᠬᠦᠭᠵᠢᠭᠦᠯᠬᠦ ᠰᠢᠨ᠎ᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠠᠷᠠᠳ ᠢᠷᠭᠡᠳ ᠤᠨ ᠬᠤᠪᠢ ᠬᠦᠮᠦᠨ ᠤ ᠲᠠᠪᠬᠤᠷᠭ᠎ᠠ ᠠᠴᠠ ᠤᠯᠤᠰ ᠢᠶᠠᠨ ᠬᠠᠶᠢᠷᠠᠯᠠᠬᠤ  ᠂ ᠦᠢᠯᠡᠰ ᠢᠶᠠᠨ ᠲᠡᠭᠡᠵᠢᠯᠡᠬᠦ  ᠂ ᠦᠨᠡᠨᠴᠢ ᠢᠲᠡᠬᠡᠯ ᠲᠠᠢ᠂  ᠡᠶ᠎ᠡ ᠨᠠᠶᠢᠷᠰᠠᠭ ᠪᠠᠶᠢᠬᠤ ᠶᠢ ᠨᠡᠶᠢᠭᠡᠮ ᠵᠢᠷᠤᠮ ᠤᠨ ᠭᠤᠤᠯᠯᠠᠭᠴᠢ ᠦᠷᠲᠡᠭ ᠤᠨ ᠦᠵᠡᠯᠲᠡ ᠪᠤᠯᠭᠠᠨ ᠲᠤᠷᠠᠳᠴᠠᠢ᠃ ᠲᠡᠷᠡ ᠎ ᠨᠢ ᠲᠤᠮᠲᠠᠲᠦ ᠶᠢᠨ ᠦᠨᠳᠦᠰᠦᠲᠡᠨ ᠤ ᠤᠯᠠᠮᠵᠢᠯᠠᠯᠲᠦ ᠰᠠᠶᠢᠬᠠᠨ ᠶᠤᠰᠦ ᠰᠤᠷᠲᠠᠬᠤᠨ ᠢ ᠲᠦᠪᠯᠡᠷᠡᠩᠭᠦᠢ ᠪᠠᠷ ᠢᠯᠡᠷᠡᠭᠦᠯᠵᠤ᠂ ᠲᠤᠮᠲᠠᠲᠦ ᠤᠯᠤᠰ ᠤᠨ ᠡᠪ ᠬᠠᠮᠲᠦᠴᠤᠳ ᠤᠨ ᠮᠠᠷᠺᠰ ᠤᠨ ᠦᠵᠡᠯ ᠤᠨ ᠠᠷᠠᠳ ᠢᠷᠭᠡᠳ ᠤᠨ ᠶᠤᠰᠦ ᠰᠤᠷᠲᠠᠬᠤᠨ ᠪᠠ ᠦᠷᠲᠡᠭ ᠤᠨ ᠦᠢᠯᠠᠭᠠᠭᠲᠡᠬᠤᠨ ᠤ ᠰᠢᠨ᠎ᠡ ᠬᠦᠭᠵᠢᠯᠳᠡ ᠪᠤᠯᠬᠤ ᠶᠤᠮ  ᠃                                                                      
 
ᠢᠷᠡᠯᠲᠡ᠄ ᠳᠠᠭᠤᠲᠤᠨᠠᠭᠤᠷ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号