ᠲᠠᠭᠤᠳᠤᠨᠠᠭᠤᠷ ᠪᠠᠯᠭᠠᠰᠤᠨ ᠤ ᠪᠤᠯᠠᠭ ᠰᠦᠮ᠎ᠡ ᠮᠤᠲᠤ ᠵᠠᠶᠢᠯᠠᠬᠤ ᠬᠦᠳᠡᠯᠬᠡᠬᠡᠨ ᠦᠷᠨᠢᠭᠦᠯᠪᠠ | ᠣᠷᠴᠢᠨ ᠲᠤᠭᠤᠷᠢᠨ ᠶᠢ ᠬᠠᠮᠠᠭᠠᠯᠠᠬᠤ ᠦᠵᠡᠯ ᠤᠬᠠᠮᠰᠠᠷ ᠢ ᠴᠢᠩᠭᠠᠳᠬᠠᠨ᠂ ᠰᠠᠭᠤᠭᠠᠯᠢ ᠲᠤᠭᠤᠷᠢᠭ ᠤᠨ | ᠣᠷᠴᠢᠨ ᠲᠤᠭᠤᠷᠢᠨ ᠢ ᠰᠢᠯᠢᠳᠡᠭᠵᠢᠬᠦᠯᠦᠨ᠂ ᠠᠮᠢ ᠠᠬᠤᠢ ᠶᠢᠨ ᠪᠤᠯᠪᠠᠰᠤᠨ ᠢ ᠤᠷᠢᠶᠠᠯᠠᠨ᠂ ᠨᠡᠶᠢᠭᠡᠮ ᠲᠤᠭᠤᠷᠢᠭ | ᠤᠨ ᠰᠠᠭᠤᠭᠠᠯᠢ ᠠᠷᠠᠳ᠂ ᠮᠠᠯᠴᠢᠨ ᠲᠦᠮᠡᠨ ᠤ ᠨᠤᠭᠤᠭᠠᠷᠠᠭᠤᠯᠤᠯᠲᠠ ᠢ ᠬᠠᠶᠢᠷᠠᠯᠠᠵᠦ ᠬᠠᠮᠠᠭᠠᠯᠠᠬᠤ ᠤᠬᠠᠮᠰᠠᠷ ᠢ | ᠲᠡᠭᠡᠭᠰᠢᠯᠡᠬᠦᠯᠵᠦ᠂ ᠲᠠᠭᠤᠳᠤᠨᠠᠭᠤᠷ ᠪᠠᠯᠭᠠᠰᠤᠨ ᠤ ᠨᠤᠭᠤᠭᠠᠷᠠᠭᠤᠯᠤᠯᠲᠠ ᠳᠤ ᠬᠤᠪᠢ ᠨᠡᠮᠡᠷᠢ ᠪᠠᠨ ᠦᠵᠡᠭᠦᠯᠬᠦ ᠶᠢᠨ | ᠲᠤᠰᠠᠲᠠ᠂ 5 ᠰᠠᠷᠠᠶᠢᠨ 3 ᠤ ᠡᠳᠦᠷ ᠪᠤᠯᠠᠭ ᠰᠦᠮ᠎ᠡ ᠶᠢᠨ ᠭᠤᠤᠯᠯᠠᠨ ᠬᠠᠮᠢᠶᠠᠷᠤᠭᠴᠢ ᠦᠷᠭᠡᠨᠳᠠᠯᠠᠢ ᠠᠴᠠ | ᠵᠤᠬᠢᠶᠠᠨ ᠪᠠᠶᠢᠭᠤᠯᠵᠦ᠂ ᠪᠤᠯᠠᠭ ᠰᠦᠮ᠎ᠡ ᠶᠢᠨ 10 ᠭᠠᠷᠤᠢ ᠮᠠᠮᠠ ᠨᠠᠷ ᠪᠤᠯᠤᠨ ᠮᠠᠯᠴᠢᠨ ᠰᠠᠶᠢᠨ ᠲᠤᠷᠠᠴᠤᠤᠯ ᠢ | ᠲᠠᠭᠠᠭᠤᠯᠤᠨ ᠮᠤᠲᠤ ᠵᠠᠶᠢᠯᠠᠬᠤ ᠬᠦᠳᠡᠯᠬᠡᠬᠡᠨ ᠢ ᠦᠷᠨᠢᠭᠦᠯᠦᠭᠰᠡᠨ ᠪᠠᠶᠢᠨ᠎ᠠ᠃ ᠡᠬᠦᠨ ᠳᠤ ᠪᠠᠷᠠᠭᠤᠨ ᠦᠵᠦᠮᠦᠴᠢᠨ | ᠬᠤᠰᠢᠭᠤ᠂ ᠡᠵᠢᠨᠠᠭᠤᠷ ᠪᠠᠯᠭᠠᠰᠤ᠂ ᠡᠬᠡᠪᠤᠯᠠᠭ ᠰᠤᠮᠤ᠂ ᠰᠠᠮᠠᠢ ᠰᠤᠮᠤ᠂ ᠲᠠᠭᠤᠳᠤᠨᠠᠭᠤᠷ ᠪᠠᠯᠭᠠᠰᠦ᠂ ᠤᠤᠯ ᠤᠨ | ᠪᠤᠯᠠᠭ ᠰᠤᠮᠤ ᠵᠡᠷᠬᠡ ᠬᠤᠯᠠ ᠤᠶᠢᠷ᠎ᠠ ᠶᠢᠨ 40 ᠭᠠᠷᠤᠢ ᠮᠠᠯᠴᠢᠨ ᠰᠠᠶᠢᠨ ᠲᠤᠷ᠎ᠠ ᠠᠴᠠ ᠢᠶᠠᠨ ᠬᠦᠷᠦᠯᠴᠡᠨ | ᠢᠷᠡᠴᠢᠭᠡᠵᠤ᠂ ᠮᠤᠲᠤ ᠵᠠᠶᠢᠯᠠᠬᠤ ᠠᠵᠢᠯᠯᠠᠭ᠎ᠠ ᠳᠤ ᠤᠷᠤᠯᠴᠠᠭᠰᠠᠨ ᠪᠠᠶᠢᠨ᠎ᠠ᠃ | ᠲᠤᠰ ᠤᠳᠠᠭᠠᠨ ᠤ ᠬᠦᠳᠡᠯᠬᠡᠬᠡᠨ ᠨᠢ᠂ ᠠᠯᠪᠠᠨ ᠵᠢᠷᠤᠮ ᠤᠨ ᠬᠦᠳᠡᠯᠮᠦᠷᠢᠴᠢᠨ ᠮᠠᠯᠴᠢᠨ ᠲᠦᠮᠡᠨ᠂ | ᠰᠠᠭᠤᠭᠠᠯᠢ ᠠᠷᠠᠳ ᠰᠠᠶᠢᠨ ᠲᠤᠷ᠎ᠠ ᠠᠴᠠ ᠪᠠᠨ ᠴᠤᠭᠯᠠᠷᠠᠵᠦ ᠨᠦᠬᠡ ᠤᠬᠤᠵᠦ ᠮᠤᠲᠦ ᠤᠰᠤᠯᠠᠨ᠂ ᠡᠮᠬᠢ ᠲᠢᠭᠯᠢᠮ | ᠲᠠᠢ ᠪᠠᠷ ᠪᠡᠯᠡᠳᠬᠡᠵᠦ ᠲᠠᠯᠪᠢᠭᠰᠠᠨ 300 ᠰᠠᠭᠤᠷᠢ ᠤᠯᠢᠶᠠᠰᠤᠨ ᠮᠤᠲᠦ᠂ 50 ᠰᠠᠭᠤᠷᠢ ᠨᠠᠷᠠᠰᠤᠨ ᠮᠤᠳᠤ ᠶᠢ | ᠲᠠᠷᠢᠭᠰᠠᠨ ᠪᠠᠶᠢᠨ᠎ᠠ᠃ ᠪᠤᠯᠠᠭ ᠰᠦᠮ᠎ᠡ ᠪᠤᠯᠤᠨ ᠰᠠᠶᠢᠨ ᠲᠤᠷ᠎ᠠ ᠶᠢᠨ ᠮᠠᠯᠴᠢᠨ ᠲᠦᠮᠡᠨ ᠪᠤᠲᠠᠲᠠᠢ ᠠᠵᠢᠯᠯᠠᠭ᠎ᠠ ᠪᠠᠷ | ᠢᠶᠠᠨ ᠲᠠᠮᠵᠢᠨ ᠤᠷᠴᠢᠨ ᠲᠤᠭᠤᠷᠢᠨ ᠢ ᠬᠠᠮᠠᠭᠠᠯᠠᠬᠤ ᠦᠵᠡᠯ ᠤᠬᠠᠮᠰᠠᠷ ᠢ ᠤᠬᠠᠭᠤᠯᠵᠦ᠂ ᠮᠠᠨ ᠤ ᠪᠠᠯᠭᠠᠰᠤᠨ ᠤ | ᠬᠦᠬᠡᠪᠦᠷ ᠨᠡᠶᠢᠭᠡᠮ ᠲᠤᠭᠤᠷᠢᠭ ᠤᠨ ᠨᠤᠭᠤᠭᠠᠷᠠᠭᠤᠯᠲᠠ ᠳᠤ ᠬᠤᠪᠢ ᠨᠡᠮᠡᠷᠢ ᠪᠠᠨ ᠦᠵᠡᠬᠦᠯᠦᠭᠰᠡᠨ ᠪᠠᠶᠢᠨ᠎ᠠ᠃ ᠲᠤᠰ | ᠤᠳᠠᠭᠠᠨ ᠤ ᠬᠦᠳᠡᠯᠬᠡᠬᠡᠨ ᠢᠶᠠᠷ ᠲᠠᠮᠵᠢᠵᠦ ᠦᠷᠭᠡᠨ ᠤᠯᠠᠨ ᠮᠠᠯᠴᠢᠨ ᠲᠦᠮᠡᠨ ᠤ ᠨᠤᠭᠤᠭᠠᠷᠠᠭᠤᠯᠤᠯᠲᠠ ᠢ | ᠬᠠᠶᠢᠷᠠᠯᠠᠵᠦ ᠬᠠᠮᠠᠭᠠᠯᠠᠬᠤ ᠬᠦᠳᠡᠯᠭᠡᠭᠡᠨ ᠳᠤ ᠤᠷᠤᠯᠴᠠᠬᠤ ᠢᠳᠡᠪᠬᠢᠵᠢᠯᠡᠯ ᠢ ᠨᠡᠮᠡᠭᠳᠡᠬᠦᠯᠵᠦ᠂ ᠤᠯᠠᠮ ᠨᠢᠬᠡ ᠠᠯᠬᠤᠮ | ᠦᠷᠭᠡᠨ ᠤᠯᠠᠨ ᠠᠷᠠᠳ ᠲᠦᠮᠡᠨ ᠤ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠬᠤ ᠦᠵᠡᠯ ᠤᠬᠠᠮᠰᠠᠷ ᠢ | ᠰᠡᠩᠬᠡᠷᠡᠭᠦᠯᠵᠦ᠂ ᠠᠮᠢ ᠠᠬᠤᠢ ᠶᠢᠨ ᠤᠷᠴᠢᠨ ᠲᠤᠭᠤᠷᠢᠨ ᠢ ᠰᠠᠶᠢᠵᠢᠷᠠᠭᠤᠯᠤᠨ᠂ ᠪᠠᠶᠢᠭᠠᠯᠢᠯᠢᠭ ᠤᠷᠴᠢᠨ ᠲᠤᠭᠤᠷᠢᠨ | ᠢ ᠬᠠᠮᠲᠦ ᠪᠠᠷ ᠪᠦᠲᠦᠬᠡᠨ ᠪᠠᠶᠢᠭᠤᠯᠬᠤ ᠪᠠᠷ ᠴᠢᠷᠮᠠᠶᠢᠭᠰᠠᠨ ᠪᠠᠶᠢᠨ᠎ᠠ᠃ | |