ᠳᠠᠭᠤᠳᠤᠨᠠᠭᠤᠷ ᠪᠠᠯᠭᠠᠰᠤᠨ ᠤ ᠲᠦᠯᠦᠪᠯᠡᠯᠬᠡᠲᠦ ᠦᠷᠡᠵᠢᠯ ᠤᠨ ᠰᠠᠯᠪᠤᠷᠢ ᠨᠢ ᠪᠦᠬᠦ ᠠᠶᠢᠮᠠᠭ ᠤᠨ ᠶᠠᠪᠤᠭᠤᠯ ᠬᠦᠮᠦᠨ ᠠᠮᠠ ᠶᠢᠨ ᠬᠠᠮᠢᠶᠠᠷᠤᠯᠳᠠ ᠶᠢᠨ ᠰᠤᠷᠠᠭ ᠵᠠᠩᠬᠢ ᠶᠢᠨ ᠰᠢᠰᠲ᠋ᠧᠮ ᠤᠨ ᠬᠡᠷᠡᠭᠯᠡᠯᠳᠡ ᠶᠢᠨ ᠪᠤᠯᠪᠠᠰᠤᠷᠠᠯ ᠤᠨ ᠠᠩᠬᠢ ᠳᠤ ᠤᠷᠤᠯᠴᠠᠪᠠ
ᠨᠡᠶᠢᠲᠡᠯᠡᠭᠰᠡᠨ ᠴᠠᠭ᠄
2018/5/7
     ᠳᠠᠭᠤᠳᠤᠨᠠᠭᠤᠷ ᠪᠠᠯᠭᠠᠰᠤᠨ ᠤ ᠲᠦᠯᠦᠪᠯᠡᠯᠬᠡᠲᠦ ᠦᠷᠡᠵᠢᠯ ᠤᠨ ᠰᠠᠯᠪᠤᠷᠢ ᠨᠢ  ᠶᠠᠪᠤᠭᠤᠯ ᠬᠦᠮᠦᠨ ᠠᠮᠠ ᠶᠢᠨ ᠬᠠᠮᠢᠶᠠᠷᠤᠯᠳᠠ ᠪᠠᠨ ᠴᠢᠩᠭᠠᠳᠬᠠᠨ᠂ ᠦᠢᠯᠡᠴᠢᠯᠡᠭᠡ ᠪᠠᠨ ᠨᠡᠩ ᠰᠠᠶᠢᠵᠢᠷᠠᠭᠤᠯᠵᠦ᠂ ᠶᠠᠪᠤᠭᠤᠯ ᠬᠦᠮᠦᠨ ᠠᠮᠠ ᠶᠢᠨ ᠬᠠᠮᠢᠶᠠᠷᠤᠯᠳᠠ ᠶᠢᠨ ᠰᠤᠷᠠᠭ ᠵᠠᠩᠬᠢ ᠶᠢᠨ ᠰᠢᠰᠲ᠋ᠧᠮ ᠤᠨ ᠬᠡᠷᠡᠭᠯᠡᠯᠳᠡ ᠪᠠᠨ ᠨᠡᠩ ᠤᠨᠤᠪᠴᠢᠲᠠᠢ᠂ ᠨᠡᠩ ᠪᠦᠷᠢᠨ ᠳᠡᠭᠦᠯᠳᠡᠷ ᠪᠤᠯᠭᠠᠬᠤ ᠶᠢᠨ ᠳᠦᠯᠦᠬᠡ 2018 ᠤᠨ ᠤ 4 ᠰᠠᠷ᠎ᠠ ᠶᠢᠨ17᠎ ᠠᠴᠠ19᠎ ᠤ ᠡᠳᠦᠷ ᠪᠤᠯᠳᠠᠯ᠎ᠠ   ᠪᠦᠬᠦ ᠠᠶᠢᠮᠠᠭ ᠤᠨ ᠶᠠᠪᠤᠭᠤᠯ ᠬᠦᠮᠦᠨ ᠠᠮᠠ ᠶᠢᠨ ᠬᠠᠮᠢᠶᠠᠷᠤᠯᠳᠠ ᠶᠢᠨ ᠰᠤᠷᠠᠭ ᠵᠠᠩᠬᠢ ᠶᠢᠨ ᠰᠢᠰᠲ᠋ᠧᠮ ᠤᠨ ᠬᠡᠷᠡᠭᠯᠡᠯᠳᠡ ᠎ ᠶᠢᠨ ᠪᠤᠯᠪᠠᠰᠤᠷᠠᠯ ᠤᠨ ᠠᠩᠬᠢ ᠳᠤ ᠤᠷᠤᠯᠴᠠᠪᠠ᠂ ᠳᠤᠰ ᠤᠳᠠᠭᠠᠨ ᠤ ᠪᠤᠯᠪᠠᠰᠤᠷᠠᠯ ᠳᠤ ᠡᠯ᠎ᠡ ᠬᠤᠰᠢᠭᠤ ᠰᠤᠮᠤ᠂ ᠨᠡᠶᠢᠬᠡᠮ ᠳᠤᠭᠤᠷᠢᠭ ᠤᠨ ᠶᠠᠪᠤᠭᠤᠯ ᠬᠦᠮᠦᠨ ᠠᠮᠠ ᠶᠢᠨ ᠬᠠᠮᠢᠶᠠᠷᠤᠯᠳᠠ ᠶᠢᠨ ᠰᠤᠷᠠᠭ ᠵᠠᠩᠬᠢ ᠶᠢᠨ ᠰᠢᠰᠲ᠋ᠧᠮ ᠤᠨ ᠬᠠᠷᠢᠭᠤᠴᠠᠯᠭᠠᠳᠠᠨ ᠨᠡᠷ ᠤᠷᠤᠯᠴᠠᠭᠰᠠᠨ ᠪᠠᠶᠢᠨ᠎ᠠ᠃      ᠳᠤᠰ ᠤᠳᠠᠭᠠᠨ ᠤ ᠪᠤᠯᠪᠠᠰᠤᠷᠠᠯ ᠳᠤ ᠯᠢ ᡁᠢ ᠫᠧᠩ ᠡᠷᠬᠢᠯᠡᠭᠴᠢ ᠪᠠ ᠲᠢᠶᠠᠨ ᠰᠢᠨ ᠫᠢᠩ ᠬᠡᠯᠳᠡᠰ ᠤᠨ ᠳᠠᠷᠤᠭ᠎ᠠ ᠠᠴᠠ ᠶᠠᠷᠢᠶ᠎ᠠ ᠳᠠᠯᠪᠢᠵᠦ᠂ ᠤᠷᠴᠢᠮ ᠤᠨ ᠦᠶ᠎ᠡ ᠶᠢᠨ ᠶᠠᠪᠤᠭᠤᠯ ᠬᠦᠮᠦᠨ ᠠᠮᠠ ᠶᠢᠨ ᠬᠤᠪᠢᠷᠠᠯᠳᠠ ᠶᠢᠨ ᠪᠠᠶᠢᠳᠠᠯ᠂ ᠭᠤᠤᠯ ᠤᠷᠤᠰᠢᠵᠦ ᠪᠠᠶᠢᠭ᠎ᠠ ᠠᠰᠠᠭᠤᠳᠠᠯ ᠵᠡᠷᠬᠡ ᠳᠠᠯ᠎ᠠ ᠳᠤ ᠵᠠᠳᠠᠯᠤᠯᠳᠠ ᠬᠢᠭᠰᠡᠨ ᠪᠠᠶᠢᠨ᠎ᠠ᠂ ᠪᠠᠢ ᡁᠢ ᠵᠢᠤᠸᠠᠨ ᠨᠦᠬᠦᠷ ᠠᠴᠠ ᠪᠦᠬᠦ ᠬᠦᠮᠦᠨ ᠠᠮᠠ᠂ ᠶᠠᠪᠤᠭᠤᠯ ᠬᠦᠮᠦᠨ ᠠᠮᠠ ᠶᠢᠨ ᠰᠤᠷᠠᠭ ᠵᠠᠩᠬᠢ ᠶᠢᠨ ᠰᠢᠰᠲ᠋ᠧᠮ  ᠎ ᠶᠢᠨ ᠬᠡᠷᠡᠭᠯᠡᠯᠳᠡ ᠶᠢᠨ ᠳᠠᠶᠢᠯᠪᠤᠷᠢᠯᠠᠯᠳᠠ ᠬᠢᠵᠦ᠂ ᠰᠢᠰᠲ᠋ᠧᠮ ᠤᠨ ᠬᠡᠷᠡᠭᠯᠡᠯᠳᠡ ᠳᠤ ᠳᠤᠯᠭᠠᠷᠠᠵᠦ ᠪᠠᠶᠢᠭ᠎ᠠ ᠠᠰᠠᠭᠤᠳᠠᠯ ᠳᠤ ᠬᠠᠷᠢᠭᠤᠯᠳᠠ ᠦᠭᠬᠦᠭᠰᠡᠨ ᠪᠠᠶᠢᠨ᠎ᠠ᠂ ᠴᠢ ᠸᠧᠨ ᠮᠢᠩ ᠨᠦᠬᠦᠷ ᠠᠴᠠ ᠲᠢᠶᠠᠨ ᠬᠡᠯᠳᠡᠰ ᠤᠨ ᠳᠠᠷᠤᠭ᠎ᠠ ᠶᠢᠨ ᠶᠠᠷᠢᠶ᠎ᠠ ᠎ ᠶᠢ ᠨᠠᠶᠢᠳᠠᠪᠦᠷᠢᠵᠢᠭᠤᠯᠤᠨ᠂ 2017 ᠤᠨ ᠤ ᠠᠵᠢᠯ ᠳᠤ ᠳ᠋ᠦᠩᠨᠡᠯᠳᠡ ᠬᠢᠵᠦ᠂ 2018 ᠤᠨ ᠤ ᠠᠵᠢᠯ ᠤᠨ ᠡᠬᠦᠷᠬᠡ ᠶᠢ ᠪᠠᠶᠢᠷᠢᠯᠠᠭᠤᠯᠤᠭᠰᠠᠨ ᠪᠠᠶᠢᠨ᠎ᠠ᠃
 
ᠢᠷᠡᠯᠲᠡ᠄ ᠳᠠᠭᠤᠲᠤᠨᠠᠭᠤᠷ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号