ᠬᠠᠤᠯᠢ ᠪᠠᠷ ᠵᠠᠰᠠᠬᠤ ᠤᠯᠠᠭᠠᠨᠮᠦ᠋ᠴᠢᠷ ᠤᠨ ᠬᠠᠤᠯᠢ ᠲᠦᠭᠡᠮᠡᠯᠵᠢᠭᠦᠯᠬᠦ ᠠᠵᠢᠯ ᠲᠠᠬᠢ ᠴᠢᠬᠤᠯᠠ ᠴᠢᠨᠠᠷ ᠢ | ᠭᠦᠢᠴᠡᠳ ᠲᠠᠨᠢᠵᠤ᠂ ᠰᠤᠶᠤᠯ ᠤᠨ ᠨᠡᠬᠡᠬᠡᠯᠲᠡᠲᠦ ᠴᠢᠨᠠᠷ ᠪᠠ ᠨᠦᠯᠦᠭᠡᠯᠡᠬᠦ ᠴᠢᠨᠠᠷᠲᠠᠢ ᠪᠦᠲᠦᠭᠡᠯ ᠢᠶᠠᠷ ᠲᠠᠮᠵᠢᠨ | ᠮᠠᠯᠴᠢᠨ ᠲᠦᠮᠡᠨ ᠳᠤ ᠪᠠᠶᠠᠷ ᠪᠠᠭ᠋ᠠᠳᠤᠯ᠂ ᠰᠤᠶᠤᠯ ᠪᠤᠯᠪᠠᠰᠤᠨ ᠵᠢᠴᠢ ᠬᠠᠤᠯᠢ ᠴᠠᠭᠠᠵᠠ ᠶᠢ ᠲᠦᠭᠡᠮᠡᠯᠵᠢᠭᠦᠯᠬᠦ ᠶᠢᠨ | ᠲᠦᠯᠦᠭᠡ᠂ 6 ᠰᠠᠷ᠎ᠠ ᠶᠢᠨ5 ᠤ ᠡᠳᠦᠷ ᠤᠨ ᠬᠤᠰᠢᠭᠤ ᠬᠠᠤᠯᠢ ᠴᠠᠭᠠᠵᠠ ᠶᠢᠨ ᠲᠤᠪᠴᠢᠶ᠎ᠠ᠂ ᠬᠤᠰᠢᠭᠤ | ᠤᠯᠠᠭᠠᠨᠮᠦ᠋ᠴᠢᠷ᠂ ᠲᠠᠭᠤᠲᠤᠨᠠᠭᠤᠷ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠬᠠᠮᠲᠤᠷᠠᠨ | ᠡᠷᠬᠢᠯᠡᠭᠰᠡᠨ《 ᠵᠡᠭᠦᠨ ᠦᠵᠦᠮᠦᠴᠢᠨ ᠬᠤᠰᠢᠭᠤᠨ ᠤ〈 ᠬᠠᠤᠯᠢ ᠪᠠᠷ ᠵᠠᠰᠠᠬᠤ ᠤᠯᠠᠭᠠᠨᠮᠦ᠋ᠴᠢᠷ〉 ᠤᠨ ᠲᠠᠯ᠎ᠠ | ᠨᠤᠲᠤᠭ ᠤᠨ ᠠᠶᠠᠯᠠᠯ ᠤᠨ ᠬᠠᠤᠯᠢ ᠲᠦᠭᠡᠮᠡᠯᠵᠢᠭᠦᠯᠬᠦ ᠶᠢ ᠤᠬᠠᠭᠤᠯᠬᠤ ᠠᠵᠢᠯᠯᠠᠭ᠎ᠠ》 ᠶᠢ ᠲᠤᠬᠢᠶᠠᠯᠳᠤᠭᠤᠯᠤᠨ ᠂ | ᠲᠠᠭᠤᠲᠤᠨᠠᠭᠤᠷ ᠬᠠᠤᠯᠢ ᠴᠠᠭᠠᠵᠠ ᠶᠢᠨ ᠰᠠᠯᠪᠤᠷᠢ ᠨᠢ ᠬᠦᠷᠦᠯᠴᠡᠨ ᠢᠷᠡᠭᠰᠡᠨ ᠮᠠᠯᠴᠢᠨ ᠲᠦᠮᠡᠨ ᠳᠤ ᠬᠠᠤᠯᠢ ᠴᠠᠭᠠᠵᠠ | ᠶᠢᠨ ᠦᠢᠯᠡᠴᠢᠯᠡᠭᠡ ᠬᠠᠩᠭᠠᠪᠠ᠃ | ᠲᠤᠰ ᠤᠳᠠᠭᠠᠨ ᠤ ᠠᠵᠢᠯᠯᠠᠭ᠎ᠠ ᠳᠤ᠂ ᠨᠡᠶᠢᠲᠡ 50 ᠭᠠᠷᠤᠢ ᠬᠠᠤᠯᠢ ᠴᠠᠭᠠᠵᠠ ᠶᠢᠨ ᠠᠰᠠᠭᠤᠨ ᠯᠠᠪᠯᠠᠯᠲᠠ | ᠶᠢ ᠲᠠᠶᠢᠯᠪᠤᠷᠢᠯᠠᠨ ᠬᠠᠷᠢᠭᠤᠯᠵᠤ᠂ 200 ᠭᠠᠷᠤᠢ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠮᠠᠲ᠋ᠧᠷᠢᠶᠠᠯ | ᠲᠠᠷᠬᠠᠭᠠᠨ᠂ ᠲᠤᠬᠠᠢ ᠶᠢᠨ ᠲᠠᠯᠠᠪᠤᠷ ᠲᠤ ᠮᠠᠯᠴᠢᠳ ᠢ ᠵᠤᠬᠢᠶᠠᠨ ᠪᠠᠶᠢᠭᠤᠯᠵᠤ᠂《 ᠵᠡᠭᠦᠨ ᠦᠵᠦᠮᠦᠴᠢᠨ | ᠬᠤᠰᠢᠭᠤᠨ ᠤ ᠬᠠᠤᠯᠢ ᠲᠦᠭᠡᠮᠡᠯᠵᠢᠭᠦᠯᠬᠦ ᠸᠢᠴᠠᠲ ᠲᠠᠪᠴᠠᠩ 》 ᠳᠤ ᠠᠩᠬᠠᠷᠤᠯ ᠬᠠᠨᠳᠤᠭᠤᠯᠬᠤ ᠶᠢᠨ ᠬᠠᠮᠲᠤ᠂ | ᠬᠠᠤᠯᠢ ᠲᠦᠭᠡᠮᠡᠯᠵᠢᠭᠦᠯᠬᠦ ᠠᠭᠤᠯᠭ᠎ᠠ ᠪᠦᠬᠦᠢ ᠱᠠᠩᠨᠠᠯ ᠤᠨ ᠪᠤᠳᠠᠰ ᠲᠠᠷᠬᠠᠭᠠᠪᠠ᠃ | ᠡᠨᠡᠭᠦ ᠠᠵᠢᠯᠯᠠᠭ᠎ᠠᠨᠢ ᠤᠯᠠᠭᠠᠨᠮᠦ᠋ᠴᠢᠷ ᠤᠨ ᠲᠠᠪᠠᠭᠤᠯᠢᠭ ᠪᠤᠯᠤᠨ ᠬᠠᠤᠯᠢ ᠪᠠᠷ ᠵᠠᠰᠠᠬᠤ ᠶᠢ ᠪᠦᠲᠦᠮᠵᠢᠲᠡᠢ | ᠤᠶᠠᠯᠳᠤᠭᠤᠯᠤᠨ᠂ ᠤᠯᠠᠭᠠᠨᠮᠦ᠋ᠴᠢᠷ ᠤᠨ ᠬᠡᠯᠪᠡᠷᠢ ᠪᠤᠯᠤᠨ ᠠᠭᠤᠯᠭ᠎ᠠ ᠶᠢ ᠠᠰᠢᠭᠯᠠᠨ ᠬᠠᠤᠯᠢ ᠪᠠᠷ ᠵᠠᠰᠠᠬᠤ ᠰᠤᠷᠲᠠᠯ | ᠤᠬᠠᠭᠤᠯᠭ᠎ᠠ ᠬᠢᠵᠦ᠂ ᠤᠯᠠᠭᠠᠨᠮᠦ᠋ᠴᠢᠷ ᠤᠨ ᠠᠭᠤᠯᠤᠭᠳᠠᠬᠤᠨ ᠢ ᠲᠡᠭᠦᠯᠳᠡᠷᠵᠢᠭᠦᠯᠵᠦ᠂ ᠤᠯᠠᠭᠠᠨᠮᠦ᠋ᠴᠢᠷ ᠤᠨ | ᠬᠦᠴᠤᠷᠬᠡᠭ ᠠᠮᠢᠵᠢᠷᠠᠯ ᠤᠨ ᠬᠦᠴᠦᠨ ᠢ ᠲᠡᠭᠡᠭᠰᠢᠯᠡᠭᠦᠯᠬᠦ ᠳᠤ ᠴᠢᠬᠤᠯᠠ ᠶᠡᠭᠡ ᠤᠳᠬ᠎ᠠ ᠠᠭᠤᠯᠭ᠎ᠠ ᠲᠠᠢ ᠪᠦᠭᠡᠳ | ᠬᠠᠤᠯᠢ ᠲᠦᠭᠡᠮᠡᠯᠵᠢᠭᠦᠯᠬᠦ ᠠᠵᠢᠯ ᠤᠨ ᠪᠦᠷᠬᠦᠴᠡ ᠶᠢ ᠦᠷᠭᠡᠳᠬᠡᠨ᠂ ᠬᠠᠤᠯᠢ ᠲᠦᠭᠡᠮᠡᠯᠵᠢᠭᠦᠯᠬᠦ ᠦᠷ᠎ᠡ ᠪᠦᠲᠦᠭᠡᠯ | ᠪᠤᠯᠤᠨ ᠨᠡᠶᠢᠭᠡᠮ ᠤᠨ ᠨᠦᠯᠦᠭᠡᠯᠡᠬᠦ ᠬᠦᠴᠦᠨ ᠢ ᠨᠡᠮᠡᠭᠳᠡᠭᠦᠯᠦᠭᠰᠡᠨ ᠪᠠᠶᠢᠨ᠎ᠠ᠃ | |