ᠲᠠᠭᠤᠲᠤᠨᠠᠭᠤᠷ ᠪᠠᠯᠭᠠᠰᠤᠨ ᠤ ᠬᠦᠮᠦᠨ ᠠᠮᠠ ᠪᠠ ᠲᠦᠯᠦᠪᠯᠡᠭᠡᠲᠦ ᠦᠷᠡᠵᠢᠯ ᠤᠨ ᠰᠠᠯᠪᠤᠷᠢ ᠨᠢ ︽5.29 ᠎ ᠤ ᠲᠦᠯᠦᠪᠯᠡᠬᠡᠲᠦ ᠦᠷᠡᠵᠢᠯ ᠤᠨ ᠨᠡᠶᠢᠭᠡᠮᠯᠢᠭ ᠤᠨ ᠬᠡᠰᠢᠬᠦᠨ ᠤ ᠡᠳᠦᠷ︾᠎ ᠤᠨ ᠤᠬᠠᠭᠤᠯᠬᠤ ᠬᠦᠳᠡᠯᠬᠡᠬᠡᠨ ᠎ ᠢ ᠢᠳᠡᠪᠬᠢᠲᠠᠢ ᠦᠷᠨᠢᠬᠦᠯᠦᠭᠰᠡᠨ ᠪᠠᠶᠢᠨ᠎ᠠ
ᠨᠡᠶᠢᠲᠡᠯᠡᠭᠰᠡᠨ ᠴᠠᠭ᠄
2018/6/8
     6 ᠰᠠᠷ᠎ᠠ ᠶᠢᠨ5᠎ ᠤ ᠡᠳᠦᠷ ᠤᠨ ᠦᠳᠡ ᠶᠢᠨ ᠡᠮᠦᠨ᠎ᠡ᠂ ᠲᠠᠭᠤᠲᠤᠨᠠᠭᠤᠷ ᠪᠠᠯᠭᠠᠰᠤᠨ ᠤ ᠬᠦᠮᠦᠨ ᠠᠮᠠ ᠪᠠ ᠲᠦᠯᠦᠪᠯᠡᠭᠡᠲᠦ ᠦᠷᠡᠵᠢᠯ ᠤᠨ ᠰᠠᠯᠪᠤᠷᠢ ᠨᠢ ︽5.29᠎ ᠤ ᠲᠦᠯᠦᠪᠯᠡᠬᠡᠲᠦ ᠦᠷᠡᠵᠢᠯ ᠤᠨ ᠨᠡᠶᠢᠭᠡᠮᠯᠢᠭ ᠤᠨ ᠬᠡᠰᠢᠬᠦᠨ ᠎ ᠤ ᠡᠳᠦᠷ︾᠎ ᠢ ᠲᠤᠬᠢᠶᠠᠯᠳᠤᠭᠤᠯᠤᠨ᠂  ︽ᠰᠢᠨ᠎ᠡ ᠤᠶᠢᠯᠭᠠᠭᠳᠠᠬᠤᠨ ᠤ ᠬᠡᠷᠡᠯᠲᠦ ᠴᠡᠭ᠂  ᠲᠦᠯᠦᠪᠯᠡᠭᠡᠲᠦ ᠦᠷᠡᠵᠢᠯ ᠎ ᠤᠨ ᠰᠢᠨ᠎ᠠ ᠪᠠᠶᠢᠳᠠᠯ︾ ᠬᠡᠬᠦ ᠰᠡᠳᠦᠪ ᠢᠶᠠᠷ ᠨᠢᠬᠡ ᠤᠳᠠᠭᠠᠨ ᠤ ᠤᠬᠠᠭᠠᠭᠤᠯᠬᠤ ᠬᠦᠳᠡᠯᠭᠡᠭᠡᠨ ᠢ ᠵᠤᠬᠢᠶᠠᠨ ᠪᠠᠶᠢᠭᠤᠯᠵᠤ᠂ ᠮᠠᠯᠴᠢᠨ ᠲᠦᠮᠡᠨ ᠳᠤ ᠪᠠᠨ ︽ᠪᠦᠬᠦ ᠲᠠᠯ᠎ᠠ ᠪᠠᠷ ᠬᠤᠶᠠᠷ ᠬᠡᠤᠬᠡᠳ ᠠᠪᠬᠤ︾ ᠲᠦᠷᠦ ᠶᠢᠨ ᠪᠤᠳᠤᠯᠭ᠎ᠠ ᠶᠢᠨ ᠶᠤᠰᠤᠭᠠᠷ ᠬᠡᠤᠬᠡᠳ ᠠᠪᠬᠤ ᠶᠢ ᠵᠤᠷᠢᠭᠵᠢᠭᠤᠯᠬᠤ ᠶᠢᠨ ᠬᠠᠮᠳᠣ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ  ᠪᠠ ᠭᠡᠷ ᠪᠦᠯᠢ ᠶᠢᠨ ᠡᠷᠡᠬᠦᠯᠵᠢᠯᠡᠯ ᠪᠠ ᠡᠶ᠎ᠡ ᠵᠤᠬᠢᠴᠠᠯ ᠤᠨ ᠲᠤᠬᠠᠢ ᠤᠬᠠᠭᠤᠯᠭ᠎ᠠ ᠬᠢᠵᠦ᠂ ︽ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠦᠮᠦᠨ ᠠᠮᠠ ᠬᠢᠬᠡᠳ ᠲᠦᠯᠦᠪᠯᠡᠭᠡ ᠲᠠᠢ ᠪᠠᠷ ᠬᠡᠤᠬᠡᠳ ᠠᠪᠬᠤ ᠲᠦᠷᠢᠮ︾ ︽ᠨᠠᠰᠤᠳᠠᠨ ᠢ ᠠᠰᠠᠷᠠᠨ ᠬᠠᠷᠠᠭᠠᠯᠵᠠᠬᠤ᠂ ᠭᠡᠷ ᠪᠦᠯᠢ ᠶᠢᠨ ᠡᠷᠡᠬᠦᠯ ᠮᠡᠨᠳᠦ︾ ︽ ᠲᠦᠯᠦᠪᠯᠡᠭᠡᠲᠦ ᠦᠷᠡᠵᠢᠯ ᠤᠨ ᠦᠷ᠎ᠡ ᠠᠰᠢᠭ ᠲᠠᠢ ᠪᠠᠷ ᠵᠢᠯᠤᠭᠤᠳᠬᠤ ᠭᠤᠷᠪᠠᠨ ᠵᠤᠷᠪᠤᠰ ᠲᠤᠭᠳᠠᠭᠠᠯ︾ ᠵᠡᠷᠭᠡ ᠤᠬᠠᠭᠠᠭᠤᠯᠭ᠎ᠠ ᠶᠢᠨ ᠬᠠᠭᠤᠳᠠᠰᠤ ᠨᠡᠶᠢᠳᠠ180 ᠭᠠᠷᠤᠢ ᠬᠠᠭᠤᠳᠠᠰᠤ ᠪᠠ ᠬᠦᠩᠭᠡᠵᠡᠬᠦ ᠨᠠᠰᠤᠨ ᠤ ᠲᠦᠯᠦᠪᠯᠡᠭᠡᠲᠦ ᠦᠷᠡᠵᠢᠯ ᠤᠨ ᠡᠮᠡᠭᠲᠠᠶᠢᠴᠤᠤᠳ ᠤᠨ ᠮᠠᠲ᠋ᠧᠷᠢᠶᠠᠯ ᠤᠨ ᠪᠤᠭᠴᠤ 45᠎ ᠶᠢ ᠲᠠᠷᠬᠠᠭᠠᠭᠰᠠᠨ ᠪᠠᠶᠢᠨ᠎ᠠ᠃      ᠲᠠᠭᠤᠲᠤᠨᠠᠭᠤᠷ ᠪᠠᠯᠭᠠᠰᠤᠨ ᠤ ᠬᠦᠮᠦᠨ ᠠᠮᠠ ᠪᠠ ᠲᠦᠯᠦᠪᠯᠡᠭᠡᠲᠦ ᠦᠷᠡᠵᠢᠯ ᠤᠨ ᠰᠠᠯᠪᠤᠷᠢ ᠨᠢ ᠮᠠᠯᠴᠢᠨ ᠲᠦᠮᠡᠨ ᠪᠠᠨ ᠬᠦᠳᠦᠯᠦᠨ᠂ ᠤᠯᠤᠰ ᠤᠨ ᠪᠠᠶᠢᠳᠠᠯ᠂ ᠲᠦᠷᠦ ᠶᠢᠨ ᠪᠤᠳᠤᠯᠭ᠎ᠠ ᠲᠠᠢ ᠤᠶᠠᠯᠳᠤᠭᠤᠯᠤᠨ᠂ ᠲᠦᠯᠦᠪᠯᠡᠭᠡᠲᠦ ᠦᠷᠡᠵᠢᠯ ᠤᠨ ᠰᠢᠨ᠎ᠡ ᠨᠢᠭᠡ ᠦᠶ᠎ᠡ ᠶᠢᠨ ᠠᠵᠢᠯ ᠤᠨ ᠪᠠᠶᠢᠳᠠᠯ ᠪᠠ ᠴᠢᠭᠯᠡᠯ ᠢ ᠤᠶᠢᠯᠭᠠᠭᠤᠯᠵᠤ᠂ ᠭᠡᠷ ᠪᠦᠯᠢ ᠶᠢᠨ ᠡᠷᠡᠬᠦᠯᠵᠢᠯᠡᠯ ᠪᠠ ᠡᠶ᠎ᠡ ᠵᠤᠬᠢᠴᠠᠯ ᠲᠠᠢ᠂ ᠬᠦᠮᠦᠨ ᠠᠮᠠ ᠶᠢᠨ ᠤᠷᠳᠤ ᠬᠤᠭᠤᠴᠠᠭᠠᠨ ᠤ ᠲᠡᠩᠴᠡᠬᠦᠷᠢ ᠎ ᠲᠠᠢ ᠪᠠᠷ ᠬᠦᠭᠵᠢᠬᠦ ᠳᠤ ᠪᠠᠳᠤᠯᠭ᠎ᠠ ᠬᠠᠩᠭᠠᠵᠠᠢ᠃
 
ᠢᠷᠡᠯᠲᠡ᠄ ᠳᠠᠭᠤᠲᠤᠨᠠᠭᠤᠷ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号