ᠡᠵᠢᠨᠠᠭᠤᠷ ᠪᠠᠯᠭᠠᠰᠣᠨ ᠤ ᠬᠠᠷᠠᠭᠠᠲᠣ ᠭᠠᠴᠠᠭᠠᠨ ᠤ ᠣᠷᠴᠢᠨ ᠲᠣᠭᠤᠷᠢᠨ ᠢ ᠬᠠᠮᠠᠭᠠᠯᠠᠬᠤ ᠰᠠᠶᠢᠨ ᠳᠣᠷᠠᠴᠣᠣᠯ ᠠᠴᠠ ᠡᠵᠢ ᠨᠠᠭᠤᠷ ᠤᠨ ᠲᠣᠭᠤᠷᠢᠨ ᠳ᠋ᠤ᠋‌ᠣᠷᠴᠢᠨ ᠲᠣᠭᠤᠷᠢᠨ ᠢ ᠴᠡᠪᠡᠷᠰᠢᠭᠦᠯᠬᠦ ᠠᠵᠢᠯᠯᠠᠭᠠᠨ ᠢ ᠥᠷᠨᠢᠭᠦᠯᠦᠭᠰᠡᠨ ᠪᠠᠶᠢᠨ᠎ᠠ
ᠨᠡᠶᠢᠲᠡᠯᠡᠭᠰᠡᠨ ᠴᠠᠭ᠄
2018/6/8
    《ᠬᠥᠬᠡ ᠠᠭᠤᠯᠠ ᠬᠥᠬᠡᠮᠳᠦᠭ ᠤᠰᠣ ᠪᠣᠯ ᠪᠢᠳᠡᠨ ᠤ ᠠᠮᠢᠨ ᠰᠠᠬᠢᠶ᠎ᠠ ᠮᠦᠨ》       ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠭᠤᠣᠯ ᠤᠨ ᠳᠠᠷᠤᠭ᠎ᠠ ᠶᠢᠨ ᠳᠦᠷᠢᠮ︾᠎ ᠤᠨ ᠬᠠᠮᠢᠶᠠᠷᠣᠯᠲᠠ ᠶᠢᠨ ᠬᠡᠪ ᠵᠠᠭᠪᠣᠷ ᠢ ᠲᠥᠭᠡᠮᠡᠯᠵᠢᠭᠦᠯᠵᠦ᠂ ᠭᠤᠣᠯ ᠮᠦᠷᠡᠨ ᠤ ᠣᠷᠴᠢᠨ ᠲᠣᠭᠤᠷᠢᠨ ᠤ ᠶᠡᠷᠦᠩᠭᠡᠶᠢᠯᠡᠨ ᠵᠠᠰᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠎ ᠶᠢᠨ ᠲᠥᠯᠦᠭᠡ᠂ ᠡᠵᠢᠨᠠᠭᠤᠷ ᠪᠠᠯᠭᠠᠰᠣ ᠠᠴᠠ ︽ ᠭᠤᠣᠯ ᠤᠨ ᠳᠠᠷᠤᠭ᠎ᠠ ᠶᠢᠨ ᠳᠦᠷᠢᠮ︾᠎ ᠎ ᠢ ᠭᠠᠴᠠᠭ᠎ᠠ ᠳᠡᠰ ᠲᠤ ᠨᠠᠶᠢᠳᠠᠪᠣᠷᠢᠵᠢᠭᠤᠯᠵᠣ᠂ ᠬᠠᠷᠠᠭᠠᠲᠣ ᠭᠠᠴᠠᠭᠠᠨ ᠳᠤ ᠵᠠᠯᠠᠭᠤᠴᠣᠳ ᠤᠨ ᠰᠠᠶᠢᠨ ᠳᠣᠷᠠᠴᠣᠣᠯ ᠤᠨ ᠳᠣᠭᠤᠶᠢᠯᠠᠩ ᠢ ᠪᠠᠶᠢᠭᠤᠯᠵᠣ᠂ ᠲᠣᠭᠲᠠᠭᠰᠠᠨ ᠬᠤᠭᠤᠴᠠᠭᠠᠨ ᠳᠤ ᠭᠤᠣᠯ ᠨᠠᠭᠤᠷ ᠤᠨ ᠬᠦᠪᠡᠭᠡ ᠳᠠᠭᠠᠣ ᠴᠠᠭᠳᠠᠨ ᠪᠠᠶᠢᠴᠠᠭᠠᠨᠯᠲᠠ ᠬᠢᠵᠦ᠂ ᠭᠤᠣᠯ ᠤᠨ ᠬᠦᠪᠡᠭᠡᠨ ᠳᠠᠬᠢ ᠬᠦᠪᠦᠮᠡᠯ ᠪᠣᠳᠠᠰ ᠵᠢᠴᠢ ᠴᠠᠭᠠᠨ ᠤ ᠪᠣᠵᠠᠷᠲᠠᠯ ᠳᠤ ᠲᠣᠶᠢᠯᠪᠣᠷᠢᠲᠠᠢ ᠴᠡᠪᠡᠷᠯᠡᠭᠡ ᠬᠢᠭᠰᠡᠨ ᠪᠠᠶᠢᠨ᠎ᠠ᠃       ︽ ᠭᠤᠣᠯ ᠤᠨ ᠳᠠᠷᠤᠭ᠎ᠠ ᠶᠢᠨ ᠳᠦᠷᠢᠮ︾᠎  ᠶᠠᠪᠣᠭᠳᠠᠭᠰᠠᠨ ᠠᠴᠠ ᠨᠠᠰᠢ᠂ ᠡᠵᠢᠨᠠᠭᠤᠷ ᠪᠠᠯᠭᠠᠰᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠤᠨ ᠠᠴᠠ ᠭᠤᠣᠯ ᠤᠨ ᠡᠷᠭᠢ ᠳᠠᠭᠠᠣ ᠣᠷᠴᠢᠨ ᠲᠣᠭᠤᠷᠢᠨ ᠎ ᠢ ᠠᠷᠢᠭᠤᠨ ᠴᠡᠪᠡᠷ ᠪᠠᠶᠢᠯᠭᠠᠬᠤ ᠶᠢ ᠲᠡᠭᠡᠳᠦ ᠬᠡᠮᠵᠢᠶ᠎ᠡ ᠪᠠᠷ ᠬᠦᠨᠳᠦᠳᠬᠡᠨ ᠦᠵᠡᠵᠦ᠂ ᠶᠡᠷᠦᠩᠬᠡᠶᠢᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠣ᠂ ᠤᠷᠢᠳ ᠬᠤᠵᠢᠳ ᠣᠯᠠᠨ ᠤᠳᠠᠭ᠎ᠠ ᠴᠡᠪᠡᠷᠯᠡᠭᠡ ᠬᠢᠭᠰᠡᠨ ᠪᠠᠶᠢᠨ᠎ᠠ᠃ 2018 ᠣᠨ ᠤ 5 ᠰᠠᠷ᠎ᠠ ᠶᠢᠨ 17᠎ ᠤ ᠡᠳᠦᠷ᠂ ᠡᠵᠢᠨᠠᠭᠤᠷ ᠪᠠᠯᠭᠠᠰᠣᠨ ᠤ ᠬᠠᠷᠠᠭᠠᠲᠤ ᠭᠠᠴᠠᠭᠠᠨ ᠤ ︽ᠬᠤᠶᠠᠷ ᠵᠦᠪᠯᠡᠯ︾᠎ ᠤᠨ ᠭᠡᠰᠢᠭᠦᠳ ᠢᠶᠠᠷ ᠪᠦᠷᠢᠯᠳᠦᠭᠰᠡᠨ ᠰᠠᠶᠢᠨ ᠳᠣᠷᠠᠴᠣᠣᠯ ᠠᠴᠠ ᠭᠤᠣᠯ ᠤᠨ ᠬᠦᠪᠡᠭᠡ ᠳᠠᠭᠠᠣ ᠣᠷᠣᠨ ᠳᠤ ᠴᠡᠪᠡᠷᠯᠡᠭᠡ ᠬᠢᠵᠦ᠂ ᠣᠷᠣᠰᠬᠠᠯ ᠭᠤᠣᠯ ᠤᠨ ᠪᠣᠬᠢᠷᠳᠣᠯ ᠢ ᠠᠷᠢᠯᠭᠠᠵᠣ᠂ ᠠᠮᠢᠳᠣᠷᠠᠯ ᠤᠨ ᠬᠤᠭ ᠨᠣᠪᠰᠢ ᠶᠢ ᠳᠤᠷ᠎ᠠ ᠪᠠᠷ ᠬᠠᠶᠠᠬᠤ ᠪᠠᠶᠢᠳᠠᠯ ᠢ ᠬᠤᠷᠢᠭᠯᠠᠨ ᠵᠣᠭᠰᠣᠭᠠᠭᠰᠠᠨ ᠪᠠᠶᠢᠨ᠎ᠠ᠃      ᠲᠣᠰ ᠣᠳᠠᠭᠠᠨ ᠤ ᠠᠵᠢᠯᠯᠠᠭ᠎ᠠ ᠪᠠᠷ ᠳᠠᠮᠵᠢᠭᠤᠯᠵᠣ᠂ ᠥᠷᠭᠡᠨ ᠣᠯᠠᠨ ᠲᠦᠮᠡᠨ ᠤ ᠣᠷᠴᠢᠨ ᠠᠮᠢ ᠠᠬᠤᠢ ᠪᠠᠨ ᠬᠠᠶᠢᠷᠠᠯᠠᠨ ᠬᠠᠮᠠᠭᠠᠯᠠᠬᠤ ᠦᠵᠡᠯ ᠣᠬᠠᠮᠰᠠᠷ ᠢ ᠲᠡᠭᠡᠭᠰᠢᠯᠡᠭᠦᠯᠵᠦ᠂ ᠴᠡᠪᠡᠷ ᠳᠣᠬᠢᠯᠢᠭ ᠠᠮᠢᠳᠣᠷᠠᠯ ᠤᠨ ᠣᠷᠴᠢᠨ ᠲᠣᠭᠤᠷᠢᠨ ᠢ ᠪᠣᠢ ᠪᠣᠯᠭᠠᠵᠣ᠂ ︽ᠭᠤᠣᠯ ᠤᠨ ᠳᠠᠷᠤᠭ᠎ᠠ ᠶᠢᠨ ᠲᠥᠷᠢᠮ︾᠎ ᠎ ᠎ ᠤᠨ ᠣᠷᠣᠰᠢᠲᠠᠢ ᠶᠠᠪᠣᠭᠳᠠᠭᠤᠯᠬᠤ ᠶᠢ ᠪᠠᠲᠣᠯᠠᠭᠰᠠᠨ ᠪᠠᠶᠢᠨ᠎ᠠ᠃
 
ᠢᠷᠡᠯᠲᠡ᠄ ᠡᠵᠢᠨᠠᠭᠤᠷ ᠪᠠᠯᠭᠠᠰᠦ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号