ᠡᠵᠢᠨᠠᠭᠤᠷ ᠪᠠᠯᠭᠠᠰᠤᠨ ᠤ ᠡᠮᠡᠭᠳᠡᠶᠢᠴᠤᠳ ᠤᠨ ᠬᠤᠯᠪᠤᠭᠠᠳᠤ ᠬᠤᠷᠠᠯ ᠨᠢ ᠡᠮᠡᠭᠳᠡᠶᠢᠴᠤᠳ ᠤᠨ ᠬᠤᠯᠪᠤᠭᠠᠳᠤ ᠬᠤᠷᠠᠯ ᠢ ᠦᠬᠡᠷᠡᠴᠢᠯᠡᠨ ᠪᠠᠶᠢᠭᠤᠯᠬᠤ ᠠᠵᠢᠯ ᠤᠨ ᠬᠤᠷᠠᠯ ᠪᠠ《 ᠬᠦᠭᠵᠢᠯᠳᠡ ᠬᠤᠪᠢᠷᠠᠯᠳᠠ ᠪᠠᠨ ᠶᠠᠷᠢᠯᠴᠠᠵᠤ᠂ ᠦᠪᠡᠷ ᠤᠨ ᠬᠦᠰᠡᠯ ᠮᠦᠷᠦᠬᠡᠳᠦᠯ ᠢᠶᠠᠨ ᠵᠢᠷᠤᠭᠯᠠᠬᠤ》ᠡᠮᠡᠭᠳᠡᠶᠢᠴᠤᠳ ᠤᠨ ᠰᠡᠳᠬᠢᠯ ᠎ ᠢᠶᠠᠨ ᠶᠡᠷᠢᠯᠴᠠᠬᠤ ᠬᠤᠷᠠᠯ ᠢ ᠵᠡᠷᠭᠡ ᠳᠤ ᠨᠢ ᠦᠷᠨᠢᠬᠦᠯᠪᠠ
ᠨᠡᠶᠢᠲᠡᠯᠡᠭᠰᠡᠨ ᠴᠠᠭ᠄
2018/6/8
     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨᠴᠠᠯᠢᠭ ᠪᠦᠬᠦᠢ ᠨᠡᠶᠢᠬᠡᠮ ᠵᠢᠷᠦᠮ ᠤᠨ ᠦᠵᠡᠯ ᠰᠠᠨᠠᠭ᠎ᠠ ᠪᠠᠷ ᠵᠢᠯᠤᠭᠤᠳᠬᠤ ᠦᠵᠠᠯ ᠰᠠᠨᠠᠭ᠎ᠠ ᠪᠤᠯᠭᠠᠵᠤ᠂ ᠡᠮᠡᠭᠳᠡᠶᠢᠴᠤᠳ ᠤᠨ ᠬᠤᠯᠪᠤᠭᠠᠳᠤ ᠬᠤᠷᠠᠯ ᠤᠨ ᠵᠤᠬᠢᠶᠠᠨ ᠪᠠᠶᠢᠭᠤᠯᠤᠯᠳᠠ ᠪᠠ ᠡᠮᠡᠭᠳᠡᠶᠢᠴᠤᠳ ᠤᠨ ᠬᠤᠯᠪᠤᠭᠠᠳᠤ ᠬᠤᠷᠠᠯ ᠤᠨ ᠠᠵᠢᠯ ᠤᠨ ᠦᠬᠡᠷᠡᠴᠢᠯᠡᠯᠳᠡ ᠰᠢᠨᠠᠴᠢᠯᠡᠯᠳᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠱᠠᠭᠠᠷᠳᠠᠯᠭ᠎ᠠ ᠶᠢ ᠤᠯᠠᠮ ᠨᠢᠭᠡ ᠠᠯᠬᠤᠮ ᠲᠤᠤᠱᠠᠯᠠᠭᠤᠯᠤᠨ ᠨᠠᠶᠢᠳᠠᠪᠤᠷᠢᠵᠢᠭᠤᠯᠵᠤ᠂ ᠬᠦᠢᠴᠡᠳᠬᠡᠬᠦ ᠬᠡᠰᠢᠬᠦᠨ ᠤ ᠦᠢᠯᠡᠳᠤᠯ ᠢ ᠨᠠᠩ ᠰᠠᠶᠢᠳᠤᠷ ᠪᠠᠳᠠᠷᠠᠭᠤᠯᠵᠤ᠂ ᠡᠮᠡᠭᠳᠡᠶᠢᠴᠤᠳ ᠤᠨ ᠡᠩᠨᠡᠭᠡ ᠶᠢ ᠦᠷᠬᠡᠳᠬᠡᠨ᠂ ᠦᠨᠳᠤᠰᠤᠨ ᠱᠠᠳᠤᠨ ᠤ ᠡᠮᠡᠭᠳᠡᠶᠢᠴᠤᠳ ᠤᠨ ᠪᠦᠳᠦᠬᠡᠨ ᠪᠠᠶᠢᠭᠤᠯᠤᠯᠳᠠ ᠶᠢᠨ ᠡᠷᠴᠢ ᠬᠦᠴᠦᠨ ᠢ ᠴᠢᠩᠭᠠᠳᠬᠨ᠂ ᠡᠮᠡᠭᠳᠡᠶᠢᠴᠤᠳ ᠤᠨ ᠦᠢᠯᠡᠴᠢᠯᠡᠭᠡ ᠶᠢ ᠨᠡᠩ ᠨᠢᠭᠳᠠ ᠪᠤᠯᠭᠠᠬᠤ ᠶᠢᠨ ᠲᠦᠯᠦᠬᠡ 2018 ᠣᠨ ᠤ 5 ᠰᠠᠷ᠎ᠠ ᠶᠢᠨ 29᠎ ᠤ ᠡᠳᠤᠷ ᠡᠵᠢᠨᠠᠭᠤᠷ ᠪᠠᠯᠭᠠᠰᠤᠨ ᠤ ᠡᠮᠡᠭᠳᠡᠶᠢᠴᠤᠳ ᠤᠨ ᠬᠤᠯᠪᠤᠭᠠᠳᠤ ᠬᠤᠷᠠᠯ ᠨᠢ ᠡᠮᠡᠭᠳᠡᠶᠢᠴᠤᠳ ᠤᠨ ᠬᠤᠯᠪᠤᠭᠠᠳᠤ ᠬᠤᠷᠠᠯ ᠢ ᠦᠬᠡᠷᠡᠴᠢᠯᠡᠨ ᠪᠠᠶᠢᠭᠤᠯᠬᠤ ᠠᠵᠢᠯ ᠤᠨ ᠬᠤᠷᠠᠯ ᠪᠠ 《  ᠬᠦᠭᠵᠢᠯᠳᠡ ᠬᠤᠪᠢᠷᠠᠯᠳᠠ ᠪᠠᠨ ᠶᠠᠷᠢᠯᠴᠠᠵᠤ᠂ᠦᠪᠡᠷ ᠤᠨ ᠬᠦᠰᠡᠯ ᠮᠦᠷᠦᠬᠡᠳᠦᠯ ᠢᠶᠠᠨ ᠵᠢᠷᠤᠭᠯᠠᠬᠤ》ᠡᠮᠡᠭᠳᠡᠶᠢᠴᠤᠳ ᠤᠨ ᠰᠡᠳᠬᠢᠯ ᠢᠶᠠᠨ ᠶᠡᠷᠢᠯᠴᠠᠬᠤ ᠬᠤᠷᠠᠯ ᠢ  ᠵᠡᠷᠬᠡᠳᠡ ᠳᠤ ᠨᠢ ᠦᠷᠨᠢᠬᠦᠯᠪᠠ᠃ ᠬᠤᠷᠠᠯ ᠳᠤ ᠡᠵᠢᠨᠠᠭᠤᠷ ᠪᠠᠯᠭᠠᠰᠤᠨ ᠤ ᠡᠯ᠎ᠡ ᠭᠠᠴᠠᠭ᠎ᠠ ︵ᠨᠡᠶᠢᠬᠡᠮ ᠲᠤᠭᠤᠷᠢᠭ︶  ᠎ ᠤᠨ ᠡᠷᠬᠢᠯᠡᠭᠴᠢ ᠨᠠᠷ ᠤᠷᠦᠯᠴᠠᠭᠰᠠᠨ ᠪᠠᠶᠢᠨ᠎ᠠ᠃      ᠬᠤᠷᠠᠯ ᠲᠠᠬᠡᠷ᠎ᠡ᠂ ᠡᠮᠡᠭᠳᠡᠶᠢᠴᠤᠳ ᠤᠨ ᠬᠤᠯᠪᠤᠭᠠᠳᠤ ᠬᠤᠷᠠᠯ ᠤᠨ ᠲᠡᠷᠢᠬᠦᠯᠡᠭᠴᠢ ᠤᠯᠠᠭᠠᠨ ᠨᠦᠬᠦᠷ ᠠᠴᠠ︽ᠡᠵᠢᠨᠠᠭᠤᠷ ᠪᠠᠯᠭᠠᠰᠤᠨ ᠤ ᠭᠠᠴᠠᠭᠠᠨ ︵ᠨᠡᠶᠢᠭᠡᠮ ᠲᠤᠭᠤᠷᠢᠭ︶᠎ ᠤ ᠡᠮᠡᠭᠳᠡᠶᠢᠴᠤᠳ ᠤᠨ ᠲᠦᠯᠦᠬᠡᠯᠡᠭᠴᠢᠳ ᠤᠨ ᠶᠡᠭᠡ ᠬᠤᠷᠠᠯ ᠢ ᠡᠮᠡᠭᠳᠡᠶᠢᠴᠤᠳ ᠤᠨ ᠬᠤᠯᠪᠤᠭᠠᠳᠤ ᠬᠤᠷᠠᠯ ᠪᠤᠯᠭᠠᠨ ᠦᠬᠡᠷᠡᠴᠢᠯᠡᠨ ᠪᠠᠶᠢᠭᠤᠯᠬᠤ ᠠᠵᠢᠯ ᠤᠨ ᠬᠡᠷᠡᠭᠵᠢᠬᠦᠯᠬᠦ ᠲᠦᠰᠦᠯ︾᠎ ᠢ ᠤᠯᠠᠨ ᠨᠡᠶᠢᠳᠡᠯᠡᠵᠤ᠂ ᠨᠠᠷᠢᠨ ᠬᠢᠨᠠᠮᠠᠭᠠᠢ ᠲᠠᠶᠢᠯᠪᠤᠷᠢᠯᠳᠠ ᠪᠠ ᠪᠠᠶᠢᠷᠢᠯᠠᠭᠤᠯᠤᠯᠳᠠ ᠬᠢᠵᠤ᠂  ᠡᠯ᠎ᠡ ᠭᠠᠴᠠᠭ᠎ᠠ᠂ ᠨᠡᠶᠢᠬᠡᠮ ᠲᠤᠭᠤᠷᠢᠭ ᠨᠢ ᠪᠡᠯᠡᠳᠬᠡᠯ ᠠᠵᠢᠯ ᠢᠶᠠᠨ ᠰᠠᠶᠢᠨ  ᠬᠢᠵᠤ᠂ ᠬᠤᠭᠤᠴᠠᠭ᠎ᠠ ᠰᠤᠯᠢᠬᠤ ᠠᠵᠢᠯ ᠤᠨ ᠲᠡᠰ ᠲᠠᠷᠠᠮ ᠢ ᠬᠤᠪᠢᠷᠠᠭᠤᠯᠬᠤ ᠦᠬᠡᠢ᠂ ᠠᠯᠬᠤᠮ ᠲᠠᠷᠠᠭ᠎ᠠ ᠢ ᠤᠷᠬᠢᠭᠳᠠᠭᠤᠯᠬᠤ ᠦᠬᠡᠢ᠂ ᠬᠠᠤᠯᠢ ᠲᠦᠷᠢᠮ ᠢ ᠵᠢᠷᠤᠮᠯᠠᠵᠤ᠂ ᠲᠦᠪ ᠴᠢᠭᠴᠢ ᠰᠣᠩᠭᠤᠭᠤᠯᠢ ᠶᠢᠨ ᠤᠷᠴᠢᠨ ᠢ ᠪᠤᠢ  ᠪᠤᠯᠭᠠᠨ᠂ ᠡᠮᠡᠭᠳᠡᠶᠢᠴᠤᠳ ᠤᠨ ᠬᠤᠯᠪᠤᠭᠠᠳᠤ ᠬᠤᠷᠠᠯ ᠤᠨ ᠦᠬᠡᠷᠡᠴᠢᠯᠡᠨ ᠪᠠᠶᠢᠭᠤᠯᠬᠤ ᠠᠵᠢᠯ ᠢ ᠡᠷᠴᠢᠮᠳᠡᠢ ᠶᠠᠪᠤᠭᠳᠠᠭᠤᠯᠬᠤ ᠢ ᠪᠠᠳᠤᠯᠠᠬᠤ ᠬᠡᠷᠡᠭᠳᠡᠢ ᠬᠡᠵᠤ ᠱᠠᠭᠠᠷᠳᠠᠭᠰᠠᠨ ᠪᠠᠶᠢᠨ᠎ᠠ᠃      ᠬᠤᠷᠠᠯ ᠤᠨ ᠬᠤᠶᠠᠳᠤᠭᠠᠷ ᠳᠤ᠂ ᠡᠮᠡᠭᠳᠡᠶᠢᠴᠤᠳ ᠤᠨ ᠬᠤᠯᠪᠤᠭᠠᠳᠤ ᠬᠤᠷᠠᠯ ᠤᠨ ᠲᠡᠷᠢᠬᠦᠯᠡᠭᠴᠢ ᠤᠯᠠᠭᠠᠨ ᠨᠦᠬᠦᠷ ᠠᠴᠠ ᠤᠯᠠᠨ ᠢ ᠴᠢᠯᠦᠬᠡᠳᠡᠢ  ᠶᠠᠷᠢᠯᠴᠠᠭᠤᠯᠤᠨ᠂ 《  ᠬᠦᠭᠵᠢᠯᠳᠡ ᠬᠤᠪᠢᠷᠠᠯᠳᠠ ᠪᠠᠨ ᠶᠠᠷᠢᠯᠴᠠᠵᠤ᠂ᠦᠪᠡᠷ ᠎ ᠤᠨ ᠬᠦᠰᠡᠯ ᠮᠦᠷᠦᠬᠡᠳᠦᠯ ᠢᠶᠠᠨ ᠵᠢᠷᠤᠭᠯᠠᠬᠤ》 ᠡᠮᠡᠭᠳᠡᠶᠢᠴᠤᠳ ᠤᠨ ᠰᠡᠳᠬᠢᠯ ᠢᠶᠠᠨ ᠶᠡᠷᠢᠯᠴᠠᠬᠤ ᠬᠤᠷᠠᠯ ᠢ ᠬᠢᠪᠠ᠃ ᠤᠯᠠᠭᠠᠨ ᠲᠡᠷᠢᠬᠦᠯᠡᠭᠴᠢ ᠠᠴᠠ ᠤᠯᠠᠨ ᠡᠷᠬᠢᠯᠡᠭᠴᠢ ᠲᠠᠢ ᠰᠠᠨᠠᠭ᠎ᠠ ᠰᠡᠳᠬᠢᠯ ᠢᠶᠠᠨ ᠬᠤᠪᠢᠶᠠᠯᠴᠠᠨ᠂  ᠲᠡᠳᠡ ᠨᠠᠷ  ᠠᠵᠢᠯ ᠠᠮᠢᠳᠦᠷᠠᠯ  ᠎ ᠢ ᠤᠶᠢᠯᠠᠭᠠᠨ᠂   ᠡᠨᠡ ᠤᠳᠠᠭᠠᠨ ᠤ ᠬᠤᠷᠠᠯ ᠤᠨ ᠤᠶᠢᠯᠭᠠᠯᠳᠠ ᠲᠦᠷᠦᠭᠳᠡᠯ ᠪᠠ ᠰᠠᠨᠠᠯ ᠲᠤᠷᠳᠠᠯᠭ᠎ᠠ ᠢ ᠠᠰᠠᠭᠤᠨ ᠤᠶᠢᠯᠭᠠᠵᠤ  ᠂ ᠡᠷᠬᠢᠯᠡᠭᠴᠢ ᠨᠠᠷ ᠴᠤ ᠦᠪᠡᠷ ᠦᠪᠡᠷ ᠤᠨ  ᠬᠦᠰᠡᠯ ᠪᠤᠳᠦᠯ ᠢᠶᠠᠨ  ᠵᠢᠷᠤᠭᠯᠠᠨ᠂ ᠲᠡᠮᠡᠴᠡᠬᠦ ᠬᠠᠷᠠᠯᠳᠠ ᠪᠠᠨ ᠢᠯᠡᠳᠬᠡᠭᠰᠡᠨ ᠪᠠᠶᠢᠨ᠎ᠠ᠃
 
ᠢᠷᠡᠯᠲᠡ᠄ ᠡᠵᠢᠨᠠᠭᠤᠷ ᠪᠠᠯᠭᠠᠰᠦ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号