ᠡᠵᠢᠨᠠᠭᠤᠷ ᠪᠠᠯᠭᠠᠰᠣᠨ ᠤ ᠡᠯ᠎ᠡ ᠭᠠᠴᠠᠭᠠᠨ ᠤ ︵  ᠨᠡᠶᠢᠭᠡᠮ ᠲᠣᠭᠤᠷᠢᠭ︶᠎  ᠨᠠᠮ ᠤᠨ ᠡᠭᠦᠷ ᠠᠴᠠ ᠬᠤᠭᠤᠴᠠᠭ᠎ᠠ ᠰᠣᠯᠢᠬᠤ ᠰᠣᠩᠭᠤᠭᠤᠯᠢ ᠶᠢᠨ ᠰᠠᠬᠢᠯᠭ᠎ᠠ ᠪᠠᠲᠤ ᠶᠢ ᠴᠢᠩᠭᠠᠳᠬᠠᠬᠤ ᠲᠣᠰᠬᠠᠢ ᠰᠡᠳᠦᠪᠲᠦ ᠵᠣᠬᠢᠶᠠᠨ ᠪᠠᠶᠢᠭᠤᠯᠣᠯᠲᠠ ᠶᠢᠨ ᠠᠮᠢᠳᠣᠷᠠᠯ ᠤᠨ ᠬᠤᠷᠠᠯ ᠵᠢᠴᠢ ᠨᠠᠮ ᠤᠨ ᠡᠭᠦᠷ ᠤᠨ ᠭᠡᠰᠢᠭᠦᠳ ᠤᠨ ᠠᠩᠬᠠᠨ ᠤ ᠵᠢᠱᠢᠭᠳᠡᠭᠰᠡᠳ ᠢ ᠲᠠᠨᠢᠯᠴᠠᠭᠤᠯᠬᠤ ᠬᠤᠷᠠᠯ ᠢ ᠬᠤᠷᠠᠯᠳᠣᠭᠤᠯᠪᠠ
ᠨᠡᠶᠢᠲᠡᠯᠡᠭᠰᠡᠨ ᠴᠠᠭ᠄
2018/6/8
     ᠭᠠᠴᠠᠭᠠᠨ ᠤ  ︵ ᠨᠡᠶᠢᠭᠡᠮ ᠲᠣᠭᠤᠷᠢᠭ︶ ︽ ᠬᠤᠶᠠᠷ ᠵᠦᠪᠯᠡᠯ︾᠎ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠣᠷᠣᠭᠰᠢᠲᠠᠢ ᠶᠠᠪᠣᠭᠳᠠᠬᠤ ᠶᠢ ᠪᠠᠲᠣᠯᠠᠬᠤ ᠶᠢᠨ ᠲᠥᠯᠦᠭᠡ᠂ 2018 ᠣᠨ ᠤ 5 ᠰᠠᠷ᠎ᠠ ᠶᠢᠨ 30᠎ ᠠᠴᠠ 2018 ᠣᠨ ᠤ 6 ᠰᠠᠷ᠎ᠠ ᠶᠢᠨ 3᠎ ᠎ ᠤ ᠡᠳᠦᠷ ᠪᠣᠯᠲᠠᠯ᠎ᠠ᠂ ᠡᠵᠢᠨᠠᠭᠤᠷ ᠪᠠᠯᠭᠠᠰᠣᠨ ᠤ 6 ᠭᠠᠴᠠᠭ᠎ᠠ ᠪᠠ 1 ᠨᠡᠶᠢᠭᠡᠮ ᠲᠣᠭᠤᠷᠢᠭ ᠤᠨ ᠨᠠᠮ ᠤᠨ ᠡᠭᠦᠷ ᠠᠴᠠ ᠬᠤᠭᠤᠴᠠᠭ᠎ᠠ ᠰᠣᠯᠢᠬᠤ ᠰᠣᠩᠭᠤᠭᠤᠯᠢ ᠶᠢᠨ ᠰᠠᠬᠢᠯᠭ᠎ᠠ ᠪᠠᠲᠤ ᠶᠢ ᠴᠢᠩᠭᠠᠳᠬᠠᠬᠤ ᠲᠣᠰᠬᠠᠢ ᠰᠡᠳᠦᠪᠲᠦ ᠵᠣᠬᠢᠶᠠᠨ ᠪᠠᠶᠢᠭᠤᠯᠣᠯᠲᠠ ᠶᠢᠨ ᠠᠮᠢᠳᠣᠷᠠᠯ ᠤᠨ ᠬᠤᠷᠠᠯ ᠵᠢᠴᠢ ᠨᠠᠮ ᠤᠨ ᠡᠭᠦᠷ ᠤᠨ ᠭᠡᠰᠢᠭᠦᠳ ᠤᠨ ᠠᠩᠬᠠᠨ ᠤ ᠵᠢᠱᠢᠭᠳᠡᠭᠰᠡᠳ ᠢ ᠲᠠᠨᠢᠯᠴᠠᠭᠤᠯᠬᠤ ᠬᠤᠷᠠᠯ ᠢ ᠬᠤᠷᠠᠯᠳᠣᠭᠤᠯᠵᠣ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ  ᠬᠢᠨᠠᠨ ᠪᠠᠶᠢᠴᠠᠭᠠᠨ᠂ ᠵᠢᠭᠠᠨ ᠵᠢᠯᠣᠭᠤᠳᠬᠤ ᠳᠣᠭᠤᠶᠢᠯᠠᠩ ᠤᠨ ᠭᠡᠰᠢᠭᠦᠳ᠂ ᠭᠠᠴᠠᠭᠠᠨ ᠤ ︵ᠨᠡᠶᠢᠭᠡᠮ ᠲᠣᠭᠤᠷᠢᠭ︶ ︽ᠬᠤᠶᠠᠷ ᠵᠦᠪᠯᠡᠯ︾᠎ ᠤᠨ ᠪᠠᠭ ᠤᠨ ᠬᠡᠰᠢᠭᠦᠳ᠂ ᠨᠠᠮ ᠤᠨ ᠭᠡᠰᠢᠭᠦᠨ᠂ ᠮᠠᠯᠴᠢᠨ ᠲᠦᠯᠦᠭᠡᠯᠡᠭᠴᠢ᠂ ᠬᠤᠷᠰᠢᠶᠠᠵᠢᠯ ᠤᠨ ᠬᠠᠷᠢᠭᠤᠴᠠᠯᠭᠠᠲᠠᠨ᠂ ᠭᠠᠴᠠᠭᠠᠨ ᠤ ︽ᠬᠤᠶᠠᠷ ᠲᠥᠯᠦᠭᠡᠯᠡᠭᠴᠢ᠂ ᠨᠢᠭᠡ ᠬᠡᠰᠢᠭᠦᠨ︾ ᠵᠡᠷᠭᠡ ᠬᠤᠷᠠᠯ ᠳᠤ ᠣᠷᠣᠯᠴᠠᠪᠠ᠃      ᠬᠤᠷᠠᠯ ᠳᠤ᠂ ᠭᠠᠴᠠᠭᠠᠨ ᠤ ᠨᠠᠮ ᠤᠨ ᠡᠭᠦᠷ ᠠᠴᠠ ᠤᠬᠠᠭᠤᠯᠤᠨ ᠰᠤᠷᠳᠠᠯᠴᠢᠯᠠᠬᠤ᠂  ᠶᠠᠷᠢᠯᠴᠠᠭ᠎ᠠ ᠰᠤᠯᠢᠯᠴᠠᠬᠤ ᠵᠡᠷᠬᠡ ᠠᠷᠭ᠎ᠠ ᠠᠪᠴᠠᠯ ᠢ ᠠᠪᠴᠦ᠂ ᠨᠠᠮ ᠤᠨ ᠬᠡᠰᠢᠬᠦᠨ ᠢᠶᠠᠨ ᠵᠤᠬᠢᠶᠠᠨ ᠪᠠᠶᠢᠭᠤᠯᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠪᠠ ︽ᠠᠷᠪᠠ ᠶᠢ ᠡᠷᠡᠰ ᠴᠠᠭᠠᠵᠢᠯᠠᠬᠤ︾  ᠲᠥᠷᠢᠮ ᠢ ᠣᠯᠠᠮᠵᠢᠯᠠᠨ ᠰᠤᠷᠤᠯᠴᠠᠨ᠂ ᠬᠤᠭᠤᠴᠠᠭ᠎ᠠ ᠰᠤᠯᠢᠬᠤ ᠰᠤᠩᠭᠤᠭᠤᠯᠢ ᠶᠢᠨ ᠰᠠᠬᠢᠯᠭ᠎ᠠ ᠪᠠᠲᠦ ᠶᠢᠨ ᠰᠡᠷᠡᠮᠵᠢᠭᠦᠯᠦᠯ ᠤᠨ ᠰᠤᠷᠭᠠᠨ ᠬᠦᠮᠦᠵᠢᠯ ᠢ ᠴᠢᠩᠭᠠᠳᠬᠠᠵᠦ᠂  ᠬᠤᠷᠠᠯ ᠳᠤ ᠣᠷᠣᠯᠴᠠᠭᠰᠠᠳ ᠤᠨ ᠦᠵᠡᠯ ᠰᠠᠨᠠᠭ᠎ᠠ ᠪᠠ ᠣᠨᠣᠯ ᠤᠨ ᠬᠢᠷᠢ ᠲᠥᠪᠰᠢᠨ ᠢ ᠤᠯᠠᠮ ᠨᠢᠬᠡ ᠠᠯᠬᠤᠮ ᠦᠨᠳᠦᠷᠵᠢᠭᠦᠯᠪᠡ᠃      ᠬᠤᠷᠠᠯ ᠳᠡᠭᠡᠷ᠎ᠡ᠂ ᠨᠠᠮ ᠤᠨ ᠡᠭᠦᠷ ᠤᠨ 3 ᠵᠦᠪᠯᠡᠯ  ᠭᠡᠰᠢᠭᠦᠳ ᠠᠴᠠ ᠲᠣᠰᠢᠶᠠᠯ ᠤᠨ ᠲᠣᠭᠠᠴᠢᠯᠲᠠ ᠬᠢᠵᠦ᠂ ᠠᠵᠢᠯ ᠤᠨ ᠪᠣᠲᠠᠲᠠᠢ ᠠᠴᠠ ᠡᠭᠦᠰᠴᠦ᠂ ᠥᠩᠭᠡᠷᠡᠭᠰᠡᠨ ᠭᠤᠷᠪᠠᠨ ᠵᠢᠯ ᠤᠨ ᠠᠵᠢᠯ ᠤᠨ ᠳ᠋ᠦᠩᠨᠡᠯᠲᠡ ᠶᠢ ᠬᠢᠵᠦ᠂ ᠤᠨᠴᠠᠭᠠᠶᠢᠯᠠᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠰᠠᠬᠢᠯᠭ᠎ᠠ ᠪᠠᠲᠦ ᠶᠢ ᠵᠢᠷᠤᠮᠯᠠᠵᠦ ᠪᠠᠶᠢᠭ᠎ᠠ ᠪᠠᠶᠢᠳᠠᠯ ᠲᠠᠢ ᠬᠠᠷᠭᠤᠭᠤᠯᠤᠨ᠂ ᠳᠤᠪᠤᠶᠢᠮ᠎ᠠ ᠠᠰᠠᠭᠤᠳᠠᠯ ᠢ ᠡᠷᠢᠨ  ᠭᠠᠷᠭᠠᠵᠣ᠂ ᠭᠠᠴᠠᠭᠠᠨ ᠤ ᠨᠠᠮ ᠤᠨ ᠡᠬᠦᠷ ᠠᠴᠠ ᠬᠤᠷᠢᠶᠠᠨ ᠠᠪᠤᠭᠰᠠᠨ ᠰᠠᠨᠠᠯ ᠰᠠᠨᠠᠭᠤᠯᠭ᠎ᠠ ᠳᠤ ᠨᠠᠷᠢᠨ ᠬᠢᠨᠠᠮᠠᠭᠠᠢ ᠬᠤᠷᠢᠶᠠᠩᠭᠤᠶᠢᠯᠠᠯᠲᠠ ᠬᠢᠵᠦ᠂ ᠠᠰᠠᠭᠤᠳᠠᠯ ᠢ ᠵᠤᠷᠪᠤᠰᠯᠠᠨ ᠨᠠᠷᠢᠨ ᠳᠠᠩᠰᠠ ᠭᠠᠷᠭᠠᠪᠠ᠃ ᠡᠭᠦᠨ ᠤ ᠬᠠᠮᠲᠣ᠂ ᠨᠠᠮ ᠤᠨ ᠡᠭᠦᠷ ᠤᠨ ᠵᠦᠪᠯᠡᠯ ᠤᠨ ᠭᠡᠰᠢᠭᠦᠳ ᠠᠴᠠ ᠬᠤᠭᠤᠴᠠᠭ᠎ᠠ ᠰᠤᠯᠢᠬᠤ ᠰᠤᠩᠭᠤᠭᠤᠯᠢ ᠶᠢᠨ ᠰᠠᠬᠢᠯᠭ᠎ᠠ ᠪᠠᠲᠦ ᠶᠢ ᠴᠢᠩᠭ᠎ᠠ ᠵᠢᠷᠤᠮᠯᠠᠵᠦ  ᠪᠠᠶᠢᠭ᠎ᠠ ᠠᠰᠠᠭᠤᠳᠠᠯ ᠤᠨ ᠲᠣᠭᠤᠷᠢᠨ ᠳᠤ ᠰᠢᠭᠦᠮᠵᠢᠯᠡᠯ  ᠪᠠ ᠥᠪᠡᠷ ᠤᠨ ᠰᠢᠭᠦᠮᠵᠢᠯᠡᠯ ᠬᠢᠵᠦ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠰᠠᠶᠢᠲᠣᠷ ᠬᠢᠬᠦ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠲᠣᠬᠠᠢ ᠵᠣᠷᠢᠭ ᠢᠶᠠᠨ ᠢᠯᠡᠳᠬᠡᠭᠰᠡᠨ ᠪᠠᠶᠢᠨ᠎ᠠ᠃ᠬᠤᠷᠠᠯ ᠳᠤ᠂ ᠭᠠᠴᠠᠭᠠᠨ ᠤ ︵ᠨᠡᠶᠢᠭᠡᠮ ᠲᠣᠭᠤᠷᠢᠭ︶ ᠨᠠᠮ ᠤᠨ ᠡᠭᠦᠷ ᠤᠨ ᠵᠦᠪᠯᠡᠯ ᠤᠨ ᠭᠡᠰᠢᠭᠦᠳ ᠎ ᠢ ᠬᠢᠨᠠᠨ ᠰᠢᠯᠭᠠᠵᠣ᠂ ᠣᠷᠣᠯᠴᠠᠭᠰᠠᠳ ᠠᠴᠠ  ᠲᠡᠳᠡᠨ ᠳᠤ ᠠᠷᠠᠳᠴᠢᠯᠠᠯ ᠢᠶᠠᠷ ᠦᠨᠡᠯᠡᠯᠲᠡ ᠬᠢᠪᠡ᠃      ᠬᠤᠷᠠᠯ ᠳᠤ᠂ ᠨᠠᠮ ᠤᠨ ᠡᠭᠦᠷ ᠠᠴᠠ ᠠᠷᠠᠳᠴᠢᠯᠠᠯ ᠡᠷᠬᠡ ᠲᠡᠭᠰᠢ ᠵᠠᠷᠴᠢᠮ ᠢ ᠪᠠᠷᠢᠮᠲᠠᠯᠠᠵᠣ᠂ ᠪᠦᠬᠦ ᠬᠤᠷᠠᠯ ᠳᠤ ᠣᠷᠣᠯᠴᠠᠭᠰᠠᠳ ᠠᠴᠠ ᠨᠠᠮ ᠤᠨ ᠡᠭᠦᠷ ᠤᠨ ᠭᠡᠰᠢᠭᠦᠨ ᠤ ᠠᠩᠬᠠᠨ ᠤ ᠵᠢᠱᠢᠭᠳᠡᠭᠴᠢ ᠶᠢ ᠠᠷᠠᠳᠴᠢᠯᠠᠯ ᠎ ᠢᠶᠠᠷ ᠲᠠᠨᠢᠯᠴᠠᠭᠤᠯᠬᠤ ᠬᠦᠰᠦᠨᠦᠭᠲᠦ ᠢ ᠲᠠᠭᠯᠠᠵᠣ᠂ ᠣᠨᠤᠭ᠎ᠠ ᠣᠯᠣᠭᠰᠠᠨ ᠲᠤᠭ᠎ᠠ ᠬᠠᠮᠤᠭ ᠠᠷᠪᠢᠨ ᠲᠡᠭᠡᠳᠦ 6 ᠨᠡᠷᠡᠰ ᠢ ᠰᠣᠩᠭᠤᠨ ᠭᠠᠷᠭᠠᠵᠣ᠂ ᠠᠩᠬᠠᠨ ᠤ ᠵᠢᠱᠢᠭᠳᠡᠭᠰᠡᠳ ᠪᠠᠷ ᠨᠡᠷ᠎ᠡ ᠳᠡᠪᠰᠢᠭᠦᠯᠦᠨ ᠲᠠᠨᠢᠯᠴᠠᠭᠤᠯᠣᠭᠰᠠᠨ ᠪᠠᠶᠢᠨ᠎ᠠ ᠃ ᠲᠣᠰ ᠣᠳᠠᠭᠠᠨ ᠤ ᠬᠢᠨᠠᠨ ᠰᠣᠩᠭᠤᠯᠲᠠ ᠪᠠᠷ ᠳᠠᠮᠵᠢᠨ᠂ ᠡᠵᠢᠨᠠᠭᠤᠷ ᠪᠠᠯᠭᠠᠰᠣᠨ ᠤ 6 ᠭᠠᠴᠠᠭᠠᠨ ᠤ ᠨᠠᠮ ᠤᠨ ᠡᠭᠦᠷ ᠪᠠ 1 ᠰᠠᠭᠤᠭᠠᠯᠢ ᠲᠣᠭᠤᠷᠢᠭ ᠤᠨ ᠨᠠᠮ ᠤᠨ ᠡᠭᠦᠷ ᠠᠴᠠ ᠨᠡᠶᠢᠲᠡ 42 ᠨᠡᠷᠡᠰ ᠠᠩᠬᠠᠨ ᠤ ᠵᠢᠱᠢᠭᠳᠡᠭᠰᠡᠳ ᠢᠯᠭᠠᠷᠠᠨ ᠲᠣᠳᠣᠷᠠᠪᠠ᠃      ᠬᠤᠷᠠᠯ ᠳᠤ᠂ᠭᠠᠴᠠᠭᠠᠨ ᠤ ᠨᠠᠮ ᠤᠨ ᠡᠭᠦᠷ ᠤᠨ ᠠᠩᠬᠠᠨ ᠤ ᠵᠢᠱᠢᠭᠳᠡᠭᠰᠡᠳ ᠲᠤ ᠬᠢᠨᠠᠨ ᠪᠠᠶᠢᠴᠠᠭᠠᠨᠯᠲᠠ ᠬᠢᠵᠦ ᠂ ᠣᠷᠣᠯᠴᠠᠭᠰᠠᠳ ᠠᠴᠠ ᠭᠠᠴᠠᠭᠠᠨ ᠤ ᠨᠠᠮ ᠤᠨ ᠡᠭᠦᠷ ᠤᠨ ᠠᠩᠬᠠᠨ ᠤ ᠵᠢᠱᠢᠭᠳᠡᠭᠰᠡᠳ ᠲᠤ ᠠᠷᠠᠳᠴᠢᠯᠠᠯ ᠢᠶᠠᠷ ᠦᠨᠡᠯᠡᠯᠲᠡ ᠬᠢᠪᠡ  ᠃      ᠲᠣᠰ ᠣᠳᠠᠭᠠᠨ ᠤ ᠬᠤᠷᠠᠯ ᠢᠶᠠᠷ ᠳᠠᠮᠵᠢᠭᠤᠯᠣᠨ᠂ ᠬᠤᠷᠠᠯ ᠳᠤ ᠣᠷᠣᠯᠴᠠᠭᠰᠠᠳ ᠤᠨ ᠰᠠᠬᠢᠯᠭ᠎ᠠ ᠪᠠᠲᠦ ᠶᠢᠨ ᠤᠬᠠᠮᠰᠠᠷ ᠪᠠ ᠨᠠᠮᠴᠢ ᠦᠵᠡᠯᠳᠡ ᠶᠢ ᠤᠯᠠᠮ ᠨᠢᠬᠡ ᠠᠯᠬᠤᠮ ᠴᠢᠩᠭᠠᠳᠬᠠᠨ᠂ ᠬᠤᠭᠤᠴᠠᠭ᠎ᠠ ᠰᠤᠯᠢᠬᠤ ᠰᠤᠩᠭᠤᠭᠤᠯᠢ ᠎ ᠶᠢᠨ ᠰᠠᠬᠢᠯᠭ᠎ᠠ ᠪᠠᠲᠦ ᠶᠢ ᠴᠢᠩᠭᠠᠳᠬᠠᠬᠤ ᠶᠢ ᠡᠷᠴᠢᠮᠵᠢᠬᠦᠯᠵᠦ᠂ ᠭᠠᠴᠠᠭᠠᠨ ᠤ ︽ᠬᠤᠶᠠᠷ ᠵᠦᠪᠯᠡᠯ︾᠎ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠤᠷᠤᠭᠰᠢᠲᠠᠢ ᠶᠠᠪᠤᠭᠳᠠᠬᠤ ᠳᠤ ᠦᠵᠡᠯ ᠰᠠᠨᠠᠭᠠᠨ ᠤ ᠦᠨᠳᠦᠰᠦ ᠎ ᠶᠢ  ᠪᠠᠬᠢᠵᠢᠭᠦᠯᠦᠭᠰᠡᠨ ᠪᠠᠶᠢᠨ᠎ᠠ᠃
 
ᠢᠷᠡᠯᠲᠡ᠄ ᠡᠵᠢᠨᠠᠭᠤᠷ ᠪᠠᠯᠭᠠᠰᠦ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号