ᠪᠠᠷᠭᠤ ᠨᠤᠲᠤᠭᠳᠠᠢ ᠮᠠᠯ ᠡᠵᠦ ᠠᠬᠤᠢ ᠶᠢᠨ ᠡᠷᠳᠡᠮᠳᠡᠨ ᠨᠠᠮᠵᠢᠯᠰᠦ᠋ᠷᠦᠩ
ᠨᠡᠶᠢᠲᠡᠯᠡᠭᠰᠡᠨ ᠴᠠᠭ᠄
2018/8/13
ᠤᠷᠢᠶᠠᠩᠬᠠᠨ ᠤ᠂ ᠶᠤᠨᠳᠤᠨ                     ᠪᠠᠷᠭᠤ ᠨᠤᠲᠤᠭᠳᠠᠢ ᠮᠠᠯ ᠡᠵᠦ ᠠᠬᠤᠢ ᠶᠢᠨ ᠡᠷᠳᠡᠮᠳᠡᠨ ᠨᠠᠮᠵᠢᠯᠰᠦ᠋ᠷᠦᠩ                     —  ᠨᠠᠮᠵᠢᠯᠰᠦᠷᠦᠩ ᠤᠨ ︽ᠲᠠᠪᠤᠨ ᠡᠷᠳᠡᠨᠢ ᠴᠤᠪᠤᠷᠠᠯ︾ ᠨᠤᠮ ᠢ ᠤᠩᠰᠢᠭᠠᠳ      ᠨᠠᠮᠵᠢᠯᠰᠦ᠋ᠷᠦᠩ ᠪᠤᠯ ᠬᠦᠯᠦᠨ ᠪᠤᠶᠢᠷ ᠠᠶᠢᠮᠠᠭ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠬᠦᠪᠡᠭᠡᠳᠦ ᠬᠦᠬᠡ ᠬᠤᠶᠠᠳᠤᠭᠠᠷ ᠰᠤᠮᠤᠨ ᠤ ᠬᠦᠮᠦᠨ᠂ 1951 ᠤᠨ ᠤ ᠴᠠᠭᠠᠭᠴᠢᠨ ᠲᠠᠤᠯᠠᠢ ᠵᠢᠯ ᠤᠨ ᠬᠠᠪᠤᠷ᠂ ᠪᠠᠷᠭᠤ ᠨᠤᠲᠤᠭ ᠤᠨ ᠲᠠᠯᠠᠩᠭᠤᠳ ᠬᠠᠯᠠ ᠶᠢᠨ ᠬᠤᠤᠱᠠᠩ ᠤᠪᠤᠭᠳᠤ ᠲᠡᠮᠦᠷ ᠤᠨ ᠤᠳᠬᠠᠨ ᠬᠦᠪᠡᠭᠦᠨ ᠪᠤᠯᠤᠨ ︿ᠨᠦᠬᠡᠳᠦ  ᠶᠢᠨ ᠮᠠᠭᠤ ᠬᠤᠳᠳᠤᠭ﹀ ᠭᠡᠮᠡᠬᠦ ᠭᠠᠵᠠᠷ ᠲᠦᠷᠦᠵᠡᠢ᠃ ᠲᠡᠷᠡ ᠪᠠᠭ᠎ᠠ ᠠᠴᠠ ᠪᠠᠨ ᠪᠠᠷᠭᠤ ᠨᠤᠲᠤᠭ ᠤᠨ ᠢᠶᠠᠨ ᠪᠠᠶᠢᠭᠠᠯᠢ ᠤᠷᠴᠢᠨ᠂ ᠨᠡᠭᠦᠳᠡᠯ ᠮᠠᠯᠵᠢᠯ ᠤᠨ ᠢᠶᠠᠨ ᠬᠦᠷᠦᠰᠦᠨ᠎ᠡ ᠦᠰᠴᠤ ᠪᠤᠶᠢᠵᠢᠨ᠂ ᠨᠡᠭᠦᠳᠡᠯ ᠮᠠᠯᠵᠢᠯ ᠤᠨ ᠤᠢ ᠤᠬᠠᠭᠠᠨ ᠢᠶᠠᠷ ᠲᠤᠷᠨᠢᠵᠦ᠂ ᠡᠴᠢᠭᠡ ᠡᠬᠡ ᠶᠢᠨ ᠢᠶᠠᠨ ᠡᠬᠡᠯ ᠪᠤᠷᠤᠭᠵᠢᠭᠤᠨ ᠠᠮᠢᠳᠤᠷᠠᠯ ᠤᠨ ᠰᠤᠷᠳᠠᠯ ᠬᠦᠮᠦᠵᠢᠯ ᠢ ᠭᠦᠨᠴᠡ ᠲᠠᠢ ᠭᠦᠷᠳᠡᠵᠦ᠂ ᠠᠵᠢᠯᠴᠢ ᠬᠦᠳᠡᠯᠮᠦᠷᠢᠴᠢ ᠮᠠᠯ ᠨᠤᠲᠤᠭ ᠲᠠᠭᠠᠨ ᠬᠠᠶᠢᠷ᠎ᠠ ᠰᠡᠳᠭᠢᠯᠭᠡ ᠲᠠᠢ ᠪᠤᠯᠵᠦ ᠬᠦᠮᠦᠵᠢᠭᠰᠡᠨ ᠪᠡᠶᠢᠨ᠎ᠡ᠃ ᠲᠡᠷᠡ ᠪᠤᠳᠠᠳᠤ ᠠᠬᠤᠢ ᠠᠮᠢᠳᠤᠷᠠᠯ ᠳᠤ ᠭᠦᠨᠵᠡᠭᠡᠶᠢᠷᠡᠭᠰᠡᠨ ᠪᠠ ᠰᠤᠷᠤᠯᠭ᠎ᠠ ᠰᠤᠶᠤᠯ ᠢ ᠬᠦᠬᠡᠬᠡᠭᠰᠡᠨ᠂ ᠤᠯᠠᠨ ᠠᠵᠢᠯ ᠤᠨ ᠪᠠᠶᠢᠷᠢ ᠶᠢᠨ ᠲᠠᠪᠳᠠᠯᠳᠠ ᠢᠶᠠᠷ ᠲᠠᠮᠵᠢᠵᠦ᠂ ᠨᠡᠭᠦᠳᠡᠯ ᠮᠠᠯᠵᠢᠯ ᠤᠨ ᠰᠤᠶᠤᠯ ᠤᠨ ᠰᠢᠨᠵᠢᠯᠡᠬᠦ ᠤᠬᠠᠭᠠᠨᠴᠢ ᠲᠠᠯ᠎ᠠ ᠶᠢ ᠪᠦᠬᠦ ᠲᠠᠯ᠎ᠠ ᠪᠠᠷ ᠡᠵᠡᠮᠰᠢᠭᠰᠡᠨ᠂ ᠲᠠᠯ᠎ᠠ ᠨᠤᠲᠤᠭ ᠢᠶᠠᠨ ᠭᠦᠨᠵᠡᠭᠡᠢ ᠤᠶᠢᠯᠠᠭᠠᠳᠠᠭ᠂ ᠮᠤᠩᠭᠤᠯ ᠵᠠᠩ ᠦᠢᠯᠡ ᠪᠠᠨ ᠨᠡᠪᠳᠡᠷᠬᠡᠢ ᠮᠡᠳᠡᠳᠡᠭ᠂ ᠰᠢᠨᠵᠢᠯᠡᠬᠦ ᠮᠡᠷᠭᠡᠵᠢᠯ ᠢ ᠡᠵᠡᠮᠰᠢᠭᠰᠡᠨ ᠤᠶᠤᠨ ᠤ ᠪᠠᠶᠠᠯᠢᠭ  ᠲᠠᠢ ᠬᠦᠮᠦᠨ ᠪᠤᠯᠤᠨ ᠴᠢᠳᠠᠪᠠ᠃ ᠲᠡᠭᠦᠨ ᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ 70 ᠵᠢᠯ  ᠤᠨ ᠤᠢ ᠳᠤ ᠵᠤᠷᠢᠭᠤᠯᠤᠭᠰᠠᠨ ︽ᠠᠳᠤᠭᠤ ᠡᠷᠳᠡᠨᠢ︾᠂ ︽ᠦᠬᠡᠷ ᠡᠷᠳᠡᠨᠢ︾᠂ ︽ᠬᠤᠨᠢ ᠡᠷᠳᠡᠨᠢ︾᠂ ︽ᠢᠮᠠᠭ᠎ᠠ ᠡᠷᠳᠡᠨᠢ︾᠂ ︽ᠲᠡᠮᠡᠭᠡ ᠡᠷᠳᠡᠨᠢ︾ ᠭᠡᠬᠦ ᠲᠠᠪᠤᠨ ᠡᠷᠳᠡᠨᠢ ᠴᠤᠪᠤᠷᠠᠯ ᠨᠤᠮ ᠢᠶᠠᠨ ᠭᠠᠷᠭᠠᠭᠰᠠᠨ ᠲᠤᠮᠤᠬᠠᠨ ᠪᠦᠳᠦᠭᠡᠯ ᠨᠢ ᠡᠭᠦᠨ ᠢ ᠭᠡᠷᠡᠴᠢᠯᠡᠨ ᠬᠠᠷᠠᠭᠤᠯᠵᠦ ᠪᠠᠶᠢᠬᠤ ᠶᠤᠮ᠃      ᠮᠠᠯᠴᠢᠨ ᠬᠦᠮᠦᠨ ᠮᠢᠩᠭᠠᠨ ᠤᠬᠠᠭᠠᠨ ᠲᠠᠢ ᠭᠡᠳᠡᠭ ᠮᠡᠷᠭᠡᠨ ᠦᠬᠡ ᠪᠤᠯ ᠨᠡᠭᠦᠳᠡᠯ ᠮᠠᠯᠵᠢᠯ ᠤᠨ ᠤᠯᠠᠮᠵᠢᠯᠠᠯᠳᠤ ᠰᠤᠶᠤᠯ ᠤᠨ ᠦᠷᠭᠡᠨ ᠬᠠᠨᠠᠭᠠᠷ ᠢ ᠵᠢᠭᠠᠭᠰᠠᠨ ᠦᠬᠡ ᠪᠠᠶᠢᠭ᠎ᠠ ᠶᠤᠮ᠃ ᠨᠡᠭᠦᠳᠡᠯ ᠮᠠᠯᠵᠢᠯ ᠢᠶᠠᠨ ᠬᠦᠨᠵᠡᠭᠡᠢ ᠮᠡᠳᠡᠳᠡᠭ ᠬᠦᠮᠦᠨ ᠪᠤᠯ ᠰᠠᠶ᠋ᠢ ᠪᠠᠶᠢᠭᠠᠯᠢ ᠤᠷᠴᠢᠨ ᠠᠮᠢ ᠠᠬᠤᠢ ᠶᠢᠨ ᠡᠷᠬᠢᠮ ᠨᠠᠨᠳᠢᠨ ᠪᠠᠶᠢᠳᠠᠭ ᠪᠠ ᠲᠡᠭᠦᠨ ᠳᠤ ᠬᠡᠷᠬᠢᠨ ᠵᠤᠬᠢᠴᠠᠵᠦ ᠴᠢᠳᠠᠳᠠᠭ ᠦᠨᠳᠦᠰᠦᠨ ᠵᠢᠮ᠎ᠡ ᠶᠤᠰᠤ ᠶᠢ ᠤᠶᠢᠯᠠᠭᠠᠳᠠᠭ ᠬᠦᠮᠦᠨ ᠪᠠᠶᠢᠭ᠎ᠠ ᠶᠤᠮ᠃ ᠡᠨᠡ ᠬᠦᠮᠦᠨ ᠤ ᠨᠢᠭᠡ ᠪᠤᠯ ᠪᠠᠷᠭᠤ ᠨᠤᠲᠤᠭ ᠤᠨ ᠰᠤᠳᠤᠨ ᠡᠷᠳᠡᠮᠳᠡᠨ ᠨᠠᠮᠵᠢᠯᠰᠦ᠋ᠷᠦᠩ ᠭᠤᠸᠠᠢ ᠪᠤᠯᠤᠨ᠎ᠠ᠃ ᠨᠡᠭᠦᠳᠡᠯ ᠮᠠᠯᠵᠢᠯ ᠤᠨ ᠠᠭᠤᠤ ᠰᠤᠶᠤᠯ ᠮᠠᠨᠢ ᠡᠳᠦᠷ ᠢᠷᠡᠬᠦᠶ᠎ᠡ ᠲᠠᠯᠳᠠᠷᠢᠨ ᠤᠳᠴᠤ ᠪᠠᠶᠢᠭ᠎ᠠ ᠡᠨᠡᠬᠦ ᠴᠠᠭ ᠮᠦᠴᠡ ᠳᠤ  ᠲᠠᠪᠤᠨ ᠬᠤᠰᠢᠭᠤ ᠮᠠᠯ ᠤᠨ ᠤᠨᠴᠠᠯᠢᠭ ᠰᠢᠨᠵᠢ᠂ ᠡᠭᠦᠰᠦᠯ ᠭᠠᠷᠪᠠᠯᠢ᠂ ᠮᠠᠯ ᠤᠨ ᠴᠤᠭᠴᠠ ᠪᠦᠳᠦᠴᠡ ᠶᠢᠨ ᠨᠡᠷ᠎ᠡ ᠲᠠᠭᠤᠳᠠᠯᠭ᠎ᠠ᠂ ᠢᠳᠡᠰᠢᠯᠡᠬᠦ ᠡᠪᠡᠰᠦ ᠤᠷᠭᠤᠮᠠᠯ᠂ ᠠᠰᠢᠭ ᠰᠢᠮ᠎ᠡ᠂ ᠵᠠᠩ ᠦᠢᠯᠡ ᠵᠡᠷᠭᠡ ᠤᠯᠠᠨ ᠬᠠᠷᠠᠭᠠᠰᠤ ᠠᠴᠠ ᠵᠠᠳᠠᠯᠤᠨ ᠲᠠᠨᠢᠯᠴᠠᠭᠤᠯᠵᠦ᠂ ᠪᠠᠰᠠ ᠲᠠᠪᠤᠨ ᠬᠤᠰᠢᠭᠤ ᠮᠠᠯ ᠤᠨ ᠪᠡᠯᠴᠢᠭᠡᠷ ᠲᠤ ᠵᠤᠬᠢᠴᠠᠬᠤ ᠴᠢᠳᠠᠮᠵᠢ ᠵᠢᠴᠢ ᠬᠠᠷᠢᠯᠴᠠᠨ ᠨᠦᠬᠦᠴᠡᠯᠳᠦᠬᠦ ᠵᠢᠮ᠎ᠠ ᠶᠤᠰᠤ ᠵᠡᠷᠭᠡ ᠲᠠᠯ᠎ᠠ ᠪᠠᠷ ᠬᠦᠨᠴᠡᠳᠡᠢ ᠰᠤᠳᠤᠯᠭ᠎ᠠ ᠬᠢᠭᠰᠡᠨ ᠨᠢ ᠴᠠᠭ ᠲᠠᠭᠠᠨ ᠮᠠᠰᠢ ᠲᠤᠬᠢᠷᠠᠵᠦ ᠪᠠᠶᠢᠬᠤ ᠶᠤᠮ᠃ ᠡᠨᠡᠬᠦ ᠲᠤᠮᠤᠬᠠᠨ ᠪᠦᠳᠦᠭᠡᠯ ᠨᠢ ᠮᠠᠨ ᠤ ᠦᠪᠦᠷ ᠮᠤᠩᠭᠤᠯ ᠤᠨ ᠮᠠᠯ ᠠᠵᠦ ᠠᠬᠤᠢ ᠶᠢᠨ ᠬᠦᠭᠵᠢᠯᠳᠡ ᠶᠢᠨ ᠲᠡᠤᠬᠡᠨ ᠬᠠᠭᠤᠳᠠᠰᠤᠨ ᠳᠤ ᠨᠢᠭᠡᠨ ᠬᠢᠯᠠᠰ ᠴᠢᠭ ᠪᠤᠯᠤᠨ ᠲᠤᠷᠠᠶᠢᠯ᠎ᠠ᠃ ᠮᠦᠨᠴᠦ ᠮᠠᠯ ᠠᠵᠦ ᠠᠬᠤᠢ ᠳᠤ ᠰᠤᠨᠢᠷᠬᠠᠯ ᠲᠠᠢ ᠡᠷᠳᠡᠮᠳᠡᠨ ᠮᠡᠷᠭᠡᠳ᠂ ᠵᠠᠯᠠᠭᠤ ᠪᠠᠭᠠᠴᠦᠳ ᠲᠤ ᠭᠠᠷ ᠠᠪᠤᠯᠭ᠎ᠠ ᠶᠢᠨ ᠨᠤᠮ ᠪᠤᠯᠵᠦ ᠲᠠᠭᠠᠷᠠᠨ᠎ᠠ᠃      ᠦᠪᠦᠷ ᠮᠤᠩᠭᠤᠯ ᠤᠷᠤᠨ ᠪᠤᠯ ᠠᠳᠤᠭᠤ᠂ ᠦᠬᠡᠷ᠂ ᠬᠤᠨᠢ᠂ ᠢᠮᠠᠭ᠎ᠠ᠂ ᠲᠡᠮᠡᠭᠡ ᠭᠡᠬᠦ ᠲᠠᠪᠤᠨ ᠡᠷᠳᠡᠨᠢ ᠤᠷᠤᠰᠢᠭᠰᠠᠨ ᠪᠠᠶᠠᠯᠢᠭ ᠤᠷᠤᠨ ᠪᠤᠯᠬᠤ ᠶᠤᠮ᠃ ᠲᠠᠪᠤᠨ ᠬᠤᠰᠢᠭᠤ ᠮᠠᠯ ᠢ ᠦᠩᠭᠡᠷᠡᠭᠰᠡᠨ ᠳᠤ ᠮᠠᠯᠴᠢᠨ ᠠᠶᠢᠯ ᠡᠷᠦᠬᠡ ᠪᠦᠬᠦᠨ ᠡᠵᠡᠩᠨᠡᠨ ᠮᠠᠯᠵᠢᠵᠦ ᠪᠠᠶᠢᠳᠠᠭ ᠪᠠ ᠭᠠᠵᠠᠷ ᠤᠷᠤᠨ ᠤ ᠪᠠᠶᠢᠭᠠᠯᠢ ᠶᠢᠨ ᠤᠷᠴᠢᠨ ᠪᠠᠶᠢᠳᠠᠯ ᠳᠠᠭᠠᠨ ᠵᠤᠬᠢᠴᠠᠭᠰᠠᠨ ᠤᠨᠴᠠᠯᠢᠭᠳᠦ ᠲᠠᠩ ᠬᠤᠰᠢᠭᠤ ᠮᠠᠯ ᠢ ᠭᠤᠤᠯᠯᠠᠭᠤᠯᠤᠨ ᠪᠤᠰᠤᠳ ᠮᠠᠯ ᠢᠶᠠᠷ ᠢᠶᠠᠨ ᠲᠡᠳ᠋ᠯᠡᠭᠦᠯᠦᠨ ᠡᠵᠡᠩᠨᠡᠨ ᠮᠠᠯᠵᠢᠳᠠᠭ ᠲᠠᠪᠤᠨ ᠡᠷᠳᠡᠨᠢ ᠶᠢᠨ ᠤᠷᠤᠨ ᠢ ᠪᠦᠷᠢᠯᠳᠦᠭᠦᠯᠦᠭᠰᠡᠨ ᠤᠯᠠᠮᠵᠢᠯᠠᠯ ᠲᠠᠢ ᠶᠤᠮ᠃      ᠲᠡᠷᠡ᠂ ᠭᠠᠵᠠᠷ ᠤᠷᠤᠨ ᠤ ᠪᠠᠶᠢᠭᠠᠯᠢ ᠶᠢᠨ ᠤᠷᠭᠤᠮᠠᠯ ᠤᠨ ᠤᠨᠴᠠᠯᠢᠭ ᠠᠴᠠ ᠪᠤᠯᠵᠦ ᠶᠠᠮᠠᠷ ᠬᠤᠰᠢᠭᠤ ᠮᠠᠯ  ᠢᠶᠠᠷ ᠭᠤᠤᠯᠯᠠᠨ ᠮᠠᠯᠵᠢᠬᠤ ᠪᠠᠷ ᠲᠤᠭᠳᠠᠭᠠᠭᠳᠠᠳᠠᠭ ᠭᠡᠵᠦ ᠦᠵᠡᠪᠡ᠃ ᠡᠨᠡ ᠪᠤᠯ ᠲᠠᠪᠤᠨ ᠬᠤᠰᠢᠭᠤ ᠮᠠᠯ ᠪᠤᠯᠤᠨ ᠪᠠᠶᠢᠭᠠᠯᠢ ᠪᠡᠯᠴᠢᠭᠡᠷ ᠤᠨ ᠠᠮᠢ ᠠᠬᠤᠢ ᠶᠢᠨ ᠬᠠᠷᠢᠴᠠᠭ᠎ᠠ ᠶᠢ ᠨᠢᠳᠦᠨ ᠳᠤ ᠦᠵᠡᠭᠳᠡᠯ᠎ᠡ ᠲᠤᠰᠬᠠᠭᠰᠠᠨ ᠪᠠᠶᠢᠨ᠎ᠠ᠃ ᠵᠢᠱᠢᠶᠡᠯᠡᠪᠡᠯ᠄ ᠠᠯᠠᠱᠠ ᠨᠤᠲᠤᠭ ᠲᠤ ᠲᠡᠮᠡᠭᠡ ᠭᠤᠤᠯᠯᠠᠵᠦ᠂ ᠢᠮᠠᠭ᠎ᠠ ᠲᠡᠳ᠋ᠯᠡᠬᠦ᠂ ᠰᠦᠨᠢᠳ ᠨᠤᠲᠤᠭ ᠲᠤ ᠰᠤᠨᠢᠳ ᠬᠤᠨᠢ ᠭᠤᠤᠯᠯᠠᠵᠦ ᠭᠤᠪᠢ ᠶᠢᠨ ᠬᠦᠷᠡᠩ ᠲᠡᠮᠡᠭᠡ ᠲᠡᠳ᠋ᠯᠡᠬᠦ᠂ ᠤᠷᠳᠤᠰ ᠲᠤ ᠨᠠᠷᠢᠨ ᠨᠤᠤᠰᠤᠳᠤ ᠢᠮᠠᠭ᠎ᠠ ᠭᠤᠤᠯᠯᠠᠬᠤ ᠂ ᠪᠠᠷᠭᠤ ᠪᠤᠶᠤ ᠦᠵᠦᠮᠦᠴᠢᠨ ᠠᠪᠠᠭ᠎ᠠ ᠨᠤᠲᠤᠭ ᠢᠶᠠᠷ ᠬᠤᠨᠢ ᠪᠠᠷ ᠭᠤᠤᠯ ᠪᠤᠯᠭᠠᠵᠦ ᠲᠠᠪᠤᠨ ᠬᠤᠰᠢᠭᠤ ᠮᠠᠯ ᠢ ᠵᠡᠷᠭᠡᠪᠡᠷ ᠮᠠᠯᠵᠢᠬᠤ ᠵᠡᠷᠭᠡ ᠲᠡᠤᠬᠡᠨ ᠤᠯᠠᠮᠵᠢᠯᠠᠯ ᠢᠶᠠᠨ ᠬᠠᠳᠠᠭᠠᠯᠠᠵᠦ ᠪᠠᠶᠢᠬᠤ ᠪᠦᠭᠡᠳ ᠲᠡᠷᠡ ᠨᠢ ᠪᠠᠶᠢᠭᠠᠯᠢ ᠶᠢᠨ ᠭᠠᠵᠠᠷ ᠵᠦᠢ ᠶᠢᠨ ᠪᠠᠶᠢᠷᠢᠰᠢᠯ ᠪᠤᠯᠤᠨ ᠤᠷᠭᠤᠮᠠᠯ ᠤᠨ ᠲᠦᠷᠦᠯ ᠵᠦᠢᠯ ᠤᠨ ᠤᠨᠴᠠᠯᠢᠭ ᠢᠶᠠᠷ ᠲᠤᠭᠳᠠᠭᠠᠭᠳᠠᠭᠰᠠᠨ ᠮᠤᠩᠭᠤᠯ ᠮᠠᠯᠵᠢᠯ ᠤᠨ ᠰᠢᠨᠵᠢᠯᠡᠬᠦ ᠤᠬᠠᠭᠠᠨᠴᠢ ᠦᠢᠯᠡᠳᠪᠦᠷᠢᠯᠡᠯ ᠤᠨ ᠠᠷᠭ᠎ᠠ ᠬᠡᠯᠪᠡᠷᠢ ᠪᠠᠶᠢᠭ᠎ᠠ ᠶᠤᠮ᠃ ᠮᠦᠨᠴᠦ ᠭᠠᠵᠠᠷ ᠤᠷᠤᠨ ᠤ ᠮᠠᠯᠵᠢᠯ ᠤᠨ ᠤᠨᠴᠠᠯᠢᠭ ᠢ ᠲᠤᠰᠬᠠᠭᠰᠠᠨ ᠢᠶᠠᠷ ᠦᠯᠦ ᠪᠠᠷᠠᠮ ᠬᠤᠵᠢᠮ ᠤᠨ ᠮᠠᠯ ᠠᠵᠦ ᠠᠬᠤᠢ  ᠶᠢᠨ ᠬᠦᠭᠵᠢᠯᠳᠡ ᠴᠤ ᠡᠨᠡᠬᠦ ᠮᠠᠯᠵᠢᠯ ᠤᠨ ᠤᠯᠠᠮᠵᠢᠯᠠᠯᠳᠤ ᠰᠠᠭᠤᠷᠢ ᠶᠢ ᠬᠦᠨᠳᠦᠳᠭᠡᠵᠦ᠂ ᠭᠠᠵᠠᠷ ᠤᠷᠤᠨ ᠤ ᠤᠨᠴᠠᠯᠢᠭᠳᠦ ᠠᠰᠢᠭ ᠰᠢᠮ᠎ᠡ ᠵᠢᠴᠢ ᠡᠳ᠋ᠰᠢᠭᠦᠯᠦᠨ ᠪᠤᠯᠪᠠᠰᠤᠷᠠᠭᠤᠯᠤᠯᠳᠠ ᠶᠢᠨ ᠠᠷᠭ᠎ᠠ ᠵᠠᠮ ᠢ ᠰᠦᠪᠡᠭᠴᠢᠯᠡᠵᠦ᠂ ᠢᠷᠡᠭᠡᠳᠦᠢ ᠶᠢᠨ ᠮᠠᠯ ᠠᠵᠦ ᠠᠬᠤᠢ ᠶᠢᠨ ᠬᠦᠭᠵᠢᠯᠳᠡ ᠶᠢ ᠰᠢᠯᠤᠭᠤᠳᠬᠠᠬᠤ ᠴᠢᠬᠤᠯᠠᠳᠠᠢ ᠭᠡᠵᠦ ᠪᠢ ᠦᠵᠡᠳᠡᠭ᠃      ᠲᠡᠷᠡ ᠪᠠᠰᠠ ᠬᠦᠮᠦᠨ— ᠮᠠᠯ— ᠪᠠᠶᠢᠭᠠᠯᠢ ᠶᠢᠨ ᠬᠠᠷᠢᠯᠴᠠᠨ ᠵᠤᠬᠢᠴᠠᠯᠳᠤᠬᠤ ᠡᠶᠡᠷᠬᠦ ᠬᠠᠷᠢᠴᠠᠭ᠎ᠠ ᠶᠢ ᠰᠤᠳᠤᠯᠵᠦ᠂ ︽ᠨᠡᠬᠦᠳᠡᠯᠴᠢᠨ ᠤ ᠰᠤᠶᠤᠯ ᠳᠤ᠂ ᠲᠠᠪᠤᠨ ᠬᠤᠰᠢᠭᠤ ᠮᠠᠯ ᠢ ᠬᠦᠮᠦᠨ ᠲᠦᠷᠦᠯᠬᠢᠳᠡᠨ ᠤ ᠲᠤᠲᠤᠨᠤ ᠬᠠᠨᠢ᠂ ᠠᠮᠢᠳᠤᠷᠠᠯ ᠤᠨ ᠴᠢᠬᠤᠯᠠ ᠡᠬᠢ ᠰᠤᠷᠪᠤᠯᠵᠢ᠂ ᠬᠦᠮᠦᠨ ᠤ ᠬᠦᠨᠳᠦᠳᠭᠡᠯ ᠬᠠᠶᠢᠷ᠎ᠠ ᠬᠠᠯᠠᠮᠵᠢ ᠶᠢ ᠤᠯᠵᠦ᠂ ᠪᠠᠶᠢᠭᠠᠯᠢᠯᠢᠭ ᠡᠬᠢ ᠪᠠᠶᠠᠯᠢᠭ ᠢ ᠡᠷᠬᠡ ᠲᠡᠭᠰᠢ ᠪᠠᠷ ᠡᠳ᠋ᠯᠡᠬᠦ ᠶᠤᠰᠤᠳᠠᠢ ᠭᠡᠵᠦ ᠦᠵᠡᠳᠡᠭ︾ ᠬᠡᠮᠡᠨ ᠲᠡᠮᠳᠡᠭᠯᠡᠵᠡᠢ᠃ ᠮᠠᠨ ᠤ ᠤᠯᠠᠮᠵᠢᠯᠠᠯᠳᠤ ᠨᠡᠭᠦᠳᠡᠯ ᠮᠠᠯᠵᠢᠯ ᠰᠤᠶᠤᠯ ᠪᠤᠯ ᠲᠠᠪᠤᠨ ᠬᠤᠰᠢᠭᠤ ᠮᠠᠯ ᠢᠶᠠᠨ ᠪᠠᠶᠢᠭᠠᠯᠢ ᠶᠢᠨ ᠪᠡᠯᠴᠢᠭᠡᠷ ᠲᠠᠢ  ᠪᠠᠨ ᠵᠤᠬᠢᠴᠠᠭᠤᠯᠤᠨ ᠮᠠᠯᠵᠢᠳᠠᠭ ᠲᠡᠯᠡᠬᠡᠢ ᠳᠤ ᠬᠤᠤᠰ ᠦᠭᠡᠢ ᠦᠢᠯᠡᠳᠪᠦᠷᠢᠯᠡᠯ ᠤᠨ ᠠᠷᠭ᠎ᠠ ᠮᠠᠶ᠋ᠢᠭ ᠪᠤᠯᠬᠤ ᠶᠤᠮ᠃ ︽ᠨᠡᠭᠦᠳᠡᠯᠴᠢᠳ᠂ ᠮᠠᠯ ᠰᠦᠷᠦᠭ ᠲᠤ ᠠᠮᠢᠳᠤᠷᠠᠯ ᠤᠨ ᠡᠷᠬᠡ ᠲᠡᠭᠰᠢ ᠤᠷᠴᠢᠨ ᠨᠦᠬᠦᠴᠡᠯ ᠢ ᠤᠯᠭᠤᠬᠤ ᠶᠢᠨ ᠲᠦᠯᠦᠭᠡ ᠡᠪᠡᠰᠦᠨ ᠤ ᠰᠤᠷᠭᠤᠭ᠂ ᠤᠰᠤᠨ ᠤ ᠲᠤᠩᠭᠠᠯᠠᠭ ᠢ ᠲᠠᠭᠠᠵᠦ ᠦᠷᠭᠦᠯᠵᠢ ᠨᠡᠭᠦᠳᠡᠯᠯᠠᠨ ᠶᠠᠪᠤᠳᠠᠭ ᠠᠴᠠ ᠪᠠᠶᠢᠭᠠᠯᠢ ᠠᠬᠤᠢ ᠲᠠᠯᠬᠢᠭᠳᠠᠯ ᠡᠪᠳᠡᠯᠡᠭᠡ ᠳᠤ ᠤᠴᠠᠷᠠᠬᠤ ᠦᠭᠡᠢ᠂ ᠦᠪᠡᠷ ᠢ ᠪᠠᠨ ᠲᠠᠰᠤᠷᠠᠯᠳᠠ ᠦᠭᠡᠢ ᠰᠡᠷᠭᠦᠭᠡᠨ ᠰᠢᠮ᠎ᠡ ᠲᠡᠵᠢᠭᠡᠯ ᠨᠦᠬᠦᠪᠦᠷᠢᠯᠡᠵᠦ᠂ ᠤᠷᠤᠰᠢᠨ ᠲᠤᠭᠳᠠᠨᠢᠬᠤ ᠲᠡᠩᠴᠡᠭᠦᠷᠢᠰᠢᠯ ᠢᠶᠠᠨ ᠠᠯᠳᠠᠬᠤ ᠦᠭᠡᠢ ᠪᠠᠶᠢᠵᠦ ᠴᠢᠳᠠᠳᠠᠭ︾ ᠭᠡᠵᠦ ᠲᠡᠷᠡ ᠪᠠᠷ ᠲᠤᠲᠤᠷᠬᠠᠶᠢᠯᠠᠨ ᠲᠤᠰᠢᠶᠠᠵᠠᠢ᠃ ᠨᠡᠭᠦᠳᠡᠯ ᠮᠠᠯᠵᠢᠯ ᠤᠨ ᠤᠷᠳᠤ ᠲᠡᠤᠬᠡᠨ ᠬᠤᠭᠤᠴᠠᠭᠠᠨ ᠳᠤ ᠮᠠᠯ ᠰᠦᠷᠦᠭ ᠪᠤᠯᠤᠨ ᠪᠠᠶᠢᠭᠠᠯᠢ ᠪᠠᠯᠴᠢᠭᠡᠷ ᠤᠨ ᠬᠤᠭᠤᠷᠤᠨᠳᠤ ᠶᠡᠷᠦ ᠠᠴᠠ ᠰᠦᠬᠡᠷᠬᠦ ᠬᠠᠷᠢᠴᠠᠭ᠎ᠠ ᠡᠭᠦᠰᠴᠤ ᠦᠩᠭᠡᠷᠡᠭᠰᠡᠨ ᠦᠭᠡᠢ ᠶᠤᠮ᠃ ᠤᠴᠢᠷ ᠨᠢ ᠨᠡᠭᠦᠳᠡᠯᠴᠢᠳ ᠪᠠᠶᠢᠭᠠᠯᠢ ᠶᠢᠨ ᠤᠷᠭᠤᠮᠠᠯ ᠤᠨ ᠵᠢᠮ᠎ᠡ ᠶᠤᠰᠤ ᠶᠢ ᠬᠦᠨᠳᠦᠳᠭᠡᠨ ᠦᠵᠡᠳᠡᠭ ᠢᠶᠠᠷ ᠨᠡᠭᠦᠳᠡᠯᠯᠠᠨ ᠮᠠᠯᠵᠢᠬᠤ᠂ ᠤᠳᠤᠷᠯᠠᠨ ᠶᠠᠪᠤᠬᠤ ᠵᠡᠷᠭᠡ ᠠᠷᠭ᠎ᠠ ᠬᠡᠯᠪᠡᠷᠢ ᠶᠢ ᠢᠮᠠᠭᠳᠠ ᠪᠠᠷᠢᠮᠳᠠᠯᠠᠳᠠᠭ ᠠᠵᠠᠢ᠃ ᠰᠠᠭᠤᠷᠢᠰᠢᠯ ᠮᠠᠯᠵᠢᠯ ᠪᠤᠯ ᠶᠠᠭ ᠡᠭᠦᠨ ᠤ ᠡᠰᠡᠷᠬᠦ ᠦᠢᠯᠡᠳᠦᠯ ᠲᠠᠢ ᠪᠠᠶᠢᠳᠠᠭ ᠢᠶᠠᠷ ᠪᠡᠯᠴᠢᠭᠡᠷ ᠨᠤᠲᠤᠭ ᠲᠠᠵᠢᠷᠰᠢᠬᠤ᠂ ᠤᠷᠭᠤᠮᠠᠯ ᠤᠨ ᠲᠦᠷᠦᠯ ᠵᠦᠢᠯ ᠴᠦᠭᠡᠷᠡᠬᠦ ᠵᠡᠷᠭᠡ ᠶᠠᠪᠤᠳᠠᠯ ᠵᠦᠩᠳᠡᠭᠡᠨ ᠤᠷᠤᠰᠢᠵᠦ ᠪᠠᠶᠢᠬᠤ ᠶᠢ ᠤᠳᠤ ᠶᠢᠨ ᠮᠠᠯᠵᠢᠯ ᠤᠨ ᠪᠠᠶᠢᠳᠠᠯ ᠠᠴᠠ ᠬᠦᠨᠵᠡᠭᠡᠢ ᠤᠶᠢᠯᠠᠭᠠᠵᠦ ᠪᠤᠯᠤᠨ᠎ᠠ᠃       ᠵᠤᠬᠢᠶᠠᠭᠴᠢ ᠭᠤᠸᠠᠢ ᠶᠢᠨ ᠪᠠᠰᠠ ᠨᠢᠭᠡᠨ ᠦᠵᠡᠯᠳᠡ ᠪᠤᠯ ᠲᠠᠪᠤᠨ ᠬᠤᠰᠢᠭᠤ ᠮᠠᠯ ᠤᠨ ᠬᠠᠷᠢᠯᠴᠠᠨ ᠵᠤᠬᠢᠴᠠᠯᠳᠤᠬᠤ᠂ ᠬᠠᠷᠢᠯᠴᠠᠨ ᠲᠦᠰᠢᠯᠴᠡᠬᠦ ᠬᠠᠷᠢᠴᠠᠭ᠎ᠠ ᠶᠢ ᠬᠦᠨᠴᠡᠳᠡᠢ ᠰᠤᠳᠤᠯᠤᠭᠰᠠᠨ ᠪᠠᠶᠢᠨ᠎ᠠ᠃ ᠲᠡᠷᠡ᠂ ᠲᠠᠪᠤᠨ ᠬᠤᠰᠢᠭᠤ ᠮᠠᠯ ᠢᠵᠢᠯ ᠲᠦᠷᠦᠯ ᠤᠨ ᠮᠠᠯ ᠰᠦᠷᠦᠭ ᠤᠨ ᠲᠤᠲᠤᠭᠠᠳᠤ ᠳᠠᠭᠠᠨ ᠬᠠᠷᠢᠯᠴᠠᠨ ᠲᠦᠰᠢᠯᠴᠡᠵᠦ᠂ ᠬᠠᠷᠢᠯᠴᠠᠨ ᠦᠢᠯᠡᠴᠢᠯᠡᠨ᠂ ᠬᠠᠮᠳᠤ ᠪᠠᠷ ᠤᠷᠤᠰᠢᠳᠠᠭ ᠢᠶᠠᠷ ᠦᠯᠦ ᠪᠠᠷᠠᠮ ᠢᠵᠢᠯ ᠪᠤᠰᠤ ᠲᠦᠷᠦᠯ ᠤᠨ ᠮᠠᠯ ᠰᠦᠷᠦᠭ  ᠤᠨ ᠬᠤᠭᠤᠷᠤᠨᠳᠤ ᠪᠠᠨ ᠴᠤ ᠬᠠᠷᠢᠯᠴᠠᠨ ᠲᠦᠰᠢᠯᠴᠡᠵᠦ᠂ ᠬᠠᠷᠢᠯᠴᠠᠨ ᠦᠢᠯᠡᠴᠢᠯᠡᠨ᠂ ᠬᠠᠮᠳᠤ ᠪᠠᠷ ᠤᠷᠤᠰᠢᠵᠦ ᠠᠮᠢᠳᠤᠷᠠᠳᠠᠭ ᠭᠡᠵᠦ ᠦᠵᠡᠪᠡ᠃ ᠮᠠᠨ ᠤ ᠡᠪᠦᠭᠡ ᠲᠡᠭᠡᠳᠦ ᠶᠢᠨ ᠵᠤᠬᠢᠶᠠᠭᠰᠠᠨ ᠲᠠᠪᠤᠨ ᠬᠤᠰᠢᠭᠤ ᠮᠠᠯ ᠤᠨ ᠰᠤᠶᠤᠯ ᠲᠠᠷᠤᠢ ᠨᠡᠭᠦᠳᠡᠯ ᠮᠠᠯᠵᠢᠯ ᠤᠨ ᠰᠤᠶᠤᠯ ᠪᠤᠯ ᠤᠳᠠᠭᠠᠨ ᠤᠨ ᠵᠢᠯ ᠢ ᠦᠩᠭᠡᠷᠡᠭᠰᠡᠨ ᠮᠠᠰᠢ ᠰᠢᠨᠵᠢᠯᠡᠬᠦ ᠤᠬᠠᠭᠠᠨᠴᠢ᠂ ᠪᠠᠶᠢᠭᠠᠯᠢ ᠠᠮᠢ ᠠᠬᠤᠢ᠂ ᠮᠠᠯ ᠠᠵᠦ ᠠᠬᠤᠢ᠂ ᠨᠡᠭᠦᠳᠡᠯᠴᠢᠨ ᠲᠦᠮᠡᠨ ᠤ ᠦᠢᠯᠡᠳᠪᠦᠷᠢᠯᠡᠯ ᠠᠮᠢᠳᠤᠷᠠᠯ ᠵᠡᠷᠭᠡ ᠶᠢ ᠪᠦᠬᠦ ᠲᠠᠯ᠎ᠠ ᠪᠠᠷ ᠬᠠᠷᠠᠭᠠᠯᠵᠠᠭᠰᠠᠨ ᠡᠯᠪᠡᠭ ᠪᠠᠶᠠᠯᠢᠭ ᠰᠤᠶᠤᠯ ᠤᠨ ᠠᠭᠤᠯᠭ᠎ᠠ ᠶᠢ ᠬᠠᠮᠤᠷᠠᠭᠰᠠᠨ ᠪᠠᠶᠢᠭ᠎ᠠ ᠶᠤᠮ᠃ ᠲᠠᠪᠤᠨ ᠬᠤᠰᠢᠭᠤ ᠮᠠᠯ ᠤᠨ ᠬᠠᠷᠢᠯᠴᠠᠨ ᠦᠢᠯᠡᠴᠢᠯᠡᠨ᠂ ᠬᠠᠷᠢᠯᠴᠠᠨ ᠲᠦᠰᠢᠯᠴᠡᠬᠦ ᠶᠠᠪᠤᠳᠠᠯ ᠨᠢ ᠪᠡᠯᠴᠢᠭᠡᠷ ᠤᠨ ᠠᠮᠢ ᠠᠬᠤᠢ ᠶᠢ ᠠᠰᠢᠭᠯᠠᠬᠤ ᠳᠤ ᠲᠦᠢᠯ ᠤᠨ ᠴᠢᠬᠤᠯᠠ ᠦᠢᠯᠡᠳᠦᠯ ᠢ ᠦᠵᠡᠭᠦᠯᠳᠡᠭ ᠮᠠᠯᠵᠢᠯ ᠤᠨ ᠵᠢᠮ᠎ᠡ ᠶᠤᠰᠤ ᠶᠢ ᠴᠤ ᠪᠦᠳᠦᠭᠡᠯᠴᠢ ᠪᠠᠷ ᠢᠯᠡᠷᠡᠭᠦᠯᠦᠭᠰᠡᠨ ᠪᠠᠶᠢᠨ᠎ᠠ᠃ ᠮᠡᠯ ᠠᠵᠦ ᠠᠬᠤᠢ ᠪᠠᠨ ᠰᠢᠨ᠎ᠡ ᠬᠠᠷᠠᠭᠠᠰᠤ ᠠᠴᠠ᠂ ᠰᠢᠨ᠎ᠡ ᠦᠵᠡᠯᠳᠡ ᠪᠠᠷ ᠰᠢᠨᠵᠢᠯᠡᠬᠦ ᠤᠬᠠᠭᠠᠨᠴᠢ ᠪᠠᠷ ᠲᠠᠶᠢᠯᠪᠤᠷᠢᠯᠠᠬᠤ ᠶᠠᠪᠤᠳᠠᠯ ᠪᠤᠯ ᠮᠠᠨ ᠤ ᠤᠷᠤᠨ ᠤ ᠴᠢᠬᠤᠯᠠᠴᠢᠯᠠᠵᠦ ᠰᠤᠳᠤᠯᠤᠭᠤᠰᠢᠳᠠᠢ ᠪᠠᠴᠢᠮ ᠰᠡᠳᠦᠪ ᠪᠤᠯᠵᠦ ᠪᠠᠶᠢᠨ᠎ᠠ᠃ ᠮᠤᠩᠭᠤᠯ ᠦᠨᠳᠦᠰᠦᠳᠡᠨ ᠨᠢ ᠦᠪᠡᠷ ᠤᠨ ᠰᠢᠯᠢᠳᠡᠭ ᠰᠤᠶᠤᠯ ᠤᠨ ᠰᠠᠭᠤᠷᠢᠨ ᠲᠡᠭᠡᠷ᠎ᠡ᠂ ᠦᠪᠡᠷ ᠤᠨ ᠦᠨᠳᠦᠰᠦᠳᠡᠨ ᠤ ᠤᠨᠴᠠᠯᠢᠭ ᠲᠠᠭᠠᠨ ᠲᠤᠬᠢᠷᠠᠭᠰᠠᠨ ᠬᠦᠭᠵᠢᠯᠳᠡ  ᠶᠢᠨ ᠶᠢᠨ ᠵᠠᠮ ᠮᠦᠷ ᠢ ᠰᠤᠳᠤᠯᠤᠨ ᠨᠡᠭᠡᠭᠡᠵᠦ᠂ ᠰᠠᠷᠠᠭᠤᠯ ᠲᠠᠷᠳᠡᠩ ᠵᠠᠮ ᠢᠶᠠᠨ ᠤᠯᠵᠦ᠂ ᠵᠠᠬ᠎ᠠ ᠲᠡᠯᠭᠡᠭᠦᠷ ᠤᠨ ᠤᠷᠤᠨ ᠵᠠᠢ ᠪᠠᠨ ᠡᠵᠡᠯᠡᠬᠦ ᠪᠤᠯ ᠮᠠᠨ ᠤ ᠬᠠᠮᠳᠤ ᠶᠢᠨ ᠬᠠᠷᠠᠯᠳᠠ ᠪᠠᠶᠢᠬᠤ ᠶᠤᠰᠤᠳᠠᠢ᠃ ᠬᠠᠷᠢᠨ ᠦᠪᠡᠷ ᠤᠨ ᠰᠢᠯᠢᠳᠡᠭ ᠰᠤᠶᠤᠯ ᠤᠨ ᠦᠷᠡᠭᠳᠡᠯ ᠢᠶᠠᠷ ᠬᠠᠷᠢ ᠶᠢᠨ ᠰᠤᠶᠤᠯ ᠢ ᠬᠦᠯᠢᠶᠡᠵᠦ ᠬᠦᠭᠵᠢᠨ᠎ᠡ ᠭᠡᠳᠡᠭ ᠪᠤᠯ ᠪᠠᠶᠢᠵᠦ ᠪᠤᠯᠤᠰᠢ ᠦᠭᠡᠢ ᠶᠠᠪᠤᠳᠠᠯ ᠶᠤᠮ᠃      ᠨᠠᠮᠵᠢᠯᠰᠦᠷᠦᠩ ᠭᠤᠸᠠᠢ ᠶᠢᠨ ᠲᠤᠰ ᠵᠤᠬᠢᠶᠠᠯ ᠪᠦᠳᠦᠭᠡᠯ ᠢᠶᠠᠷ ᠠᠪᠴᠤ ᠬᠡᠯᠡᠭᠭᠰᠡᠨ ᠴᠤ᠂ ᠮᠠᠨ ᠤ ᠤᠯᠤᠰ  ᠲᠤ ᠡᠶᠢᠮᠦᠷᠬᠦ ᠨᠡᠭᠦᠳᠡᠯ ᠮᠠᠯᠵᠢᠯ ᠢᠶᠠᠨ ᠨᠠᠷᠢᠨ ᠪᠦᠭᠡᠳ ᠰᠢᠰᠲ᠋ᠧᠮ ᠲᠠᠢ ᠲᠠᠨᠢᠯᠴᠠᠭᠤᠯᠤᠭᠰᠠᠨ ᠵᠤᠬᠢᠶᠠᠯ ᠪᠦᠳᠦᠭᠡᠯ ᠬᠠᠷᠠᠬᠠᠨ ᠮᠠᠰᠢ ᠬᠤᠪᠤᠷ ᠪᠠᠶᠢᠭ᠎ᠠ ᠶᠤᠮ᠃ ᠵᠤᠬᠢᠶᠠᠭᠴᠢ ᠮᠠᠨᠢ ᠡᠨᠡ ᠲᠠᠯ᠎ᠠ ᠪᠠᠷ ᠮᠠᠰᠢ ᠶᠡᠭᠡ ᠤᠶᠤᠨ ᠤ ᠬᠦᠳᠡᠯᠮᠦᠷᠢ ᠵᠠᠷᠤᠴᠠᠭᠤᠯᠤᠭᠰᠠᠨ ᠳᠤ ᠪᠢ ᠲᠤᠩ ᠶᠡᠭᠡ ᠲᠠᠯᠠᠷᠬᠠᠵᠦ ᠪᠠᠶᠢᠬᠤ ᠶᠢᠨ ᠬᠠᠮᠳᠤ ᠲᠤᠰ ᠤᠬᠤᠷ ᠦᠬᠦᠯᠡᠯ ᠢ ᠪᠢᠴᠢᠵᠦ ᠦᠵᠦᠮᠦᠴᠢᠨ ᠮᠠᠯᠴᠢᠳ ᠢᠶᠠᠨ ᠲᠦᠯᠦᠭᠡᠯᠡᠨ ᠮᠠᠨᠳᠤᠴᠢᠯᠡᠯ ᠲᠡᠪᠰᠢᠭᠦᠯᠵᠦ ᠪᠠᠶᠢᠨ᠎ᠠ᠃
 
ᠢᠷᠡᠯᠲᠡ᠄ ᠤᠷᠢᠶᠠᠩᠬᠠᠨ ᠤ᠂ ᠶᠤᠨᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号