ᠵᠡᠭᠦᠨ ᠦᠵᠦᠮᠦᠴᠢᠨ ᠬᠤᠰᠢᠭᠤᠨ ᠤ ᠵᠡᠭᠦᠨ ᠬᠠᠲᠠᠪᠴᠢ ᠬᠢᠯᠢ ᠶᠢᠨ ᠪᠤᠭᠤᠮᠲᠠ ᠬᠢᠭᠡᠳ ᠮᠤᠩᠭᠤᠯ ᠤᠯᠤᠰ ᠤᠨ ᠪᠢᠴᠢᠭᠲᠦ ᠪᠤᠭᠤᠮᠲᠠ ᠨᠢ ᠨᠦᠭᠦᠷᠰᠡᠭ ᠬᠠᠷᠢᠯᠴᠠᠭᠠᠨ ᠤ ᠰᠠᠭᠤᠳᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2018/8/30
      ︽ᠨᠢᠭᠡ ᠪᠦᠰᠡ ᠨᠢᠭᠡ ᠵᠠᠮ︾ ᠲᠦᠷᠦ ᠶᠢᠨ ᠪᠤᠳᠤᠯᠭ᠎ᠠ ᠶᠢᠨ ᠤᠷᠢᠶᠠᠯᠠᠭ᠎ᠠ ᠳᠤᠤᠷ᠎ᠠ᠂ ᠮᠤᠩᠭᠤᠯ ᠤᠯᠤᠰ ᠤᠨ ᠪᠤᠭᠤᠮᠲᠠ ᠲᠠᠢ ᠬᠠᠷᠢᠯᠴᠠᠭ᠎ᠠ ᠬᠤᠯᠪᠤᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠬᠢᠯᠢ ᠬᠢᠵᠠᠭᠠᠷ ᠤᠷᠤᠨ ᠤ ᠨᠡᠶᠢᠭᠡᠮ ᠠᠵᠤ ᠠᠬᠤᠢ ᠶᠢᠨ ᠬᠦᠭᠵᠢᠯᠲᠡ ᠶᠢ ᠬᠠᠮᠲᠦᠪᠡᠷ ᠠᠬᠢᠭᠤᠯᠬᠤ ᠶᠢᠨ ᠲᠦᠯᠦᠭᠡ᠂ 8 ᠰᠠᠷ᠎ᠠ ᠶᠢᠨ 21 ᠤ ᠡᠳᠦᠷ᠂  ᠮᠤᠩᠭᠤᠯ ᠤᠯᠤᠰ ᠤᠨ ᠵᠠᠮ ᠲᠠᠭᠡᠭᠡᠪᠦᠷᠢ ᠶᠢᠨ ᠶᠠᠮᠤᠨ ᠤ ᠳᠤᠤᠷᠠᠬᠢ IDEA ᠺᠤᠮᠫᠠᠨᠢ ᠶᠢᠨ ᠵᠠᠬᠢᠷᠦᠯ ᠲ᠊·ᠮᠢᠵᠢᠳᠰᠦᠷᠦᠩ ᠪᠠ ᠪᠢᠴᠢᠭᠲᠦ ᠪᠤᠭᠤᠮᠲᠠ ᠶᠢᠨ ᠠᠵᠢᠯᠲᠠᠨ ᠨᠠᠷ ᠵᠡᠭᠦᠨ ᠦᠵᠦᠮᠦᠴᠢᠨ ᠬᠤᠰᠢᠭᠤᠨ ᠳᠤ ᠭᠦᠨᠵᠡᠭᠡᠶᠢᠷᠡᠨ᠂ ᠵᠡᠭᠦᠨ ᠬᠠᠳᠠᠪᠴᠢ ᠪᠤᠭᠤᠮᠲᠠ ᠬᠢᠭᠡᠳ ᠮᠤᠩᠭᠤᠯ ᠤᠯᠤᠰ ᠤᠨ ᠪᠢᠴᠢᠭᠲᠦ ᠪᠤᠭᠤᠮᠲᠠ ᠶᠢᠨ ᠬᠠᠮᠲᠤᠷᠠᠯᠴᠠᠭ᠎ᠠ ᠬᠠᠷᠢᠯᠴᠠᠭᠠᠨ ᠤ ᠲᠠᠯ᠎ᠠ ᠪᠠᠷ ᠨᠦᠬᠦᠷᠰᠡᠭ ᠶᠠᠷᠢᠯᠴᠠᠭ᠎ᠠ ᠦᠷᠨᠢᠭᠦᠯᠦᠭᠰᠡᠨ ᠪᠠᠶᠢᠨ᠎ᠠ᠃      ᠬᠤᠰᠢᠭᠤ ᠵᠠᠰᠠᠭ ᠤᠨ ᠤᠷᠳᠤᠨ ᠤ ᠳᠡᠳ᠋ ᠬᠤᠰᠢᠭᠤ ᠳᠠᠷᠤᠭ᠎ᠠ ᠬᠠᠢ ᠪᠤᠤ ᠪᠠ ᠪᠤᠭᠤᠮᠲᠠ ᠶᠢᠨ ᠶᠠᠪᠤᠳᠠᠯ᠂ ᠭᠠᠳᠠᠭᠠᠳᠤ ᠶᠠᠪᠤᠳᠠᠯ ᠤᠨ ᠠᠯᠪᠠᠨ ᠭᠡᠷ᠂ ᠵᠠᠮ ᠬᠠᠷᠢᠯᠴᠠᠭ᠎ᠠ᠂ ᠠᠷᠠᠯᠵᠢᠶᠠᠨ ᠤ ᠶᠠᠪᠤᠳᠠᠯ ᠤᠨ ᠲᠤᠪᠴᠢᠶ᠎ᠠ ᠵᠡᠷᠭᠡ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠠᠷ ᠬᠤᠷᠠᠯ  ᠳᠤ ᠤᠷᠤᠯᠴᠠᠭᠰᠠᠨ ᠪᠠᠶᠢᠨ᠎ᠠ᠃      ᠬᠤᠷᠠᠯ ᠳᠡᠭᠡᠷ᠎ᠡ᠂ ᠬᠤᠶᠠᠷ ᠲᠠᠯ᠎ᠠ ᠶᠢᠨ ᠲᠦᠯᠦᠭᠡᠯᠡᠭᠴᠢ ᠠᠴᠠ ᠦᠪᠡᠷ ᠤᠨ ᠪᠤᠭᠤᠮᠲᠠ ᠶᠢᠨ ᠤᠳᠤᠬᠢ ᠪᠦᠲᠦᠭᠡᠨ ᠪᠠᠶᠢᠭᠤᠯᠤᠯᠲᠠ ᠪᠠ ᠢᠷᠡᠭᠡᠳᠦᠢ ᠶᠢᠨ ᠬᠦᠭᠵᠢᠯᠲᠡ ᠶᠢᠨ ᠬᠠᠨᠳᠤᠰᠢ ᠶᠢ ᠲᠠᠨᠢᠯᠴᠠᠭᠤᠯᠵᠤ᠂ ᠪᠢᠴᠢᠭᠲᠦ ᠪᠤᠭᠤᠮᠲᠠ ᠶᠢᠨ ᠲᠦᠯᠦᠭᠡᠯᠡᠭᠴᠢᠳ ᠠᠴᠠ ᠮᠠᠨ ᠤ ᠬᠤᠰᠢᠭᠤᠨ ᠤ ᠪᠤᠭᠤᠮᠲᠠ ᠶᠢᠨ ᠲᠦᠯᠦᠪᠵᠢᠭᠦᠯᠭᠡ ᠶᠢᠨ ᠰᠠᠨᠠᠯ ᠢ ᠰᠤᠨᠤᠰᠤᠭᠰᠠᠨ ᠤ ᠬᠠᠮᠲᠤ᠂ ᠪᠤᠭᠤᠮᠲᠠ ᠶᠢᠨ ᠰᠠᠭᠤᠷᠢ ᠪᠦᠲᠦᠭᠡᠨ ᠪᠠᠶᠢᠭᠤᠯᠤᠯᠲᠠ᠂ ᠪᠤᠭᠤᠮᠲᠠ ᠪᠠᠷ ᠦᠩᠭᠡᠷᠡᠬᠦ ᠪᠠᠶᠢᠴᠠᠭᠠᠯᠲᠠ᠂ ᠵᠠᠰᠠᠮᠠᠯ ᠵᠠᠮ᠂ ᠲᠡᠮᠦᠷ ᠵᠠᠮ ᠤᠨ ᠪᠦᠲᠦᠭᠡᠨ ᠪᠠᠶᠢᠭᠤᠯᠤᠯᠲᠠ᠂ ᠬᠢᠯᠢ ᠠᠯᠤᠰᠤᠯᠠᠭᠰᠠᠨ ᠵᠢᠭᠤᠯᠴᠢᠯᠠᠯ᠂ ᠬᠢᠯᠢ ᠬᠢᠵᠠᠭᠠᠷ ᠤᠷᠤᠨ ᠤ ᠠᠷᠠᠳ ᠤᠨ ᠠᠷᠠᠯᠵᠢᠶ᠎ᠠ᠂ ᠠᠵᠤ ᠠᠬᠤᠢ ᠶᠢᠨ ᠪᠦᠰᠡ ᠶᠢᠨ ᠪᠦᠲᠦᠭᠡᠨ ᠪᠠᠶᠢᠭᠤᠯᠤᠯᠲᠠ ᠵᠡᠷᠭᠡ ᠠᠰᠠᠭᠤᠳᠠᠯ ᠤᠨ ᠲᠠᠯ᠎ᠠ ᠪᠠᠷ ᠰᠠᠨᠠᠯ ᠢᠶᠠᠨ ᠰᠤᠯᠢᠯᠴᠠᠭᠰᠠᠨ ᠪᠠᠶᠢᠨ᠎ᠠ᠃      ᠲᠤᠰ ᠤᠳᠠᠭᠠᠨ ᠤ ᠰᠠᠭᠤᠳᠠᠯ ᠤᠨ ᠬᠤᠷᠠᠯ ᠨᠢ ᠳᠤᠮᠳᠠᠳᠤ ᠮᠤᠩᠭᠤᠯ ᠬᠤᠶᠠᠷ ᠤᠯᠤᠰ ᠤᠨ ᠪᠤᠭᠤᠮᠲᠠ ᠶᠢᠨ ᠤᠯᠠᠨ ᠲᠠᠪᠬᠤᠷᠭᠠᠲᠣ᠂ ᠤᠯᠠᠨ ᠲᠠᠯ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠬᠠᠮᠲᠦᠷᠠᠯᠴᠠᠭᠠᠨ ᠤ ᠳᠠᠯᠳᠠ ᠬᠦᠴᠦᠨ ᠢ ᠢᠯᠡᠷᠡᠭᠦᠯᠦᠨ᠂ ᠬᠠᠮᠲᠦᠷᠠᠯᠴᠠᠭᠠᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠬᠠᠷᠢᠯᠴᠠᠨ ᠠᠰᠢᠭ ᠬᠦᠷᠲᠡᠵᠤ ᠬᠠᠮᠲᠦᠪᠡᠷ ᠠᠮᠵᠢᠯᠲᠠ ᠤᠯᠵᠤ ᠬᠦᠭᠵᠢᠬᠦ ᠰᠤᠯᠢᠯᠴᠠᠭᠠᠨ ᠤ ᠳᠠᠪᠴᠠᠩ ᠢ ᠴᠤᠭᠴᠠᠯᠠᠨ᠂ ᠳᠤᠮᠳᠠᠲᠦ ᠮᠤᠩᠭᠤᠯ ᠤᠨ ᠬᠠᠮᠲᠤᠷᠠᠯᠴᠠᠭ᠎ᠠ ᠬᠢᠭᠡᠳ ᠠᠵᠤ ᠠᠬᠤᠢ ᠶᠢᠨ ᠬᠦᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ ᠶᠢ ᠬᠦᠰᠡᠨ ᠨᠠᠶᠢᠳᠠᠭᠰᠠᠨ ᠪᠠᠶᠢᠨ᠎ᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号