ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠤᠤᠯ ᠤᠨ ᠪᠠᠶᠢᠩᠭᠤ ᠶᠢᠨ ᠳᠡᠳ᠋ ᠡᠷᠬᠢᠯᠡᠭᠴᠢ᠂ ᠦᠪᠦᠷ ᠮᠤᠩᠭᠤᠯ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠤᠳᠤᠯᠭᠠᠨ ᠤ ᠬᠤᠷᠠᠯ ᠤᠨ ᠬᠡᠷᠡᠭ ᠡᠷᠬᠢᠯᠡᠭᠴᠢᠳ ᠤᠨ ᠳᠠᠷᠤᠭ᠎ᠠ ᠬᠤᠷᠴᠠ ᠨᠠᠷ ᠵᠡᠭᠦᠨ ᠦᠵᠦᠮᠦᠴᠢᠨ ᠬᠤᠰᠢᠭᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠭᠰᠡᠨ ᠪᠠᠶᠢᠨ᠎ᠠ
ᠨᠡᠶᠢᠲᠡᠯᠡᠭᠰᠡᠨ ᠴᠠᠭ᠄
2018/8/31
     8 ᠰᠠᠷ᠎ᠠ ᠶᠢᠨ24 ᠤ ᠡᠳᠦᠷ ᠠᠴᠠ25 ᠤ ᠡᠳᠦᠷ ᠪᠤᠯᠲᠠᠯ᠎ᠠ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠤᠤᠯ ᠤᠨ ᠪᠠᠶᠢᠩᠭᠤ ᠶᠢᠨ ᠳᠡᠳ᠋ ᠡᠷᠬᠢᠯᠡᠭᠴᠢ᠂ ᠦᠪᠦᠷ ᠮᠤᠩᠭᠤᠯ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠤᠳᠤᠯᠭᠠᠨ ᠤ ᠬᠤᠷᠠᠯ ᠤᠨ ᠬᠡᠷᠡᠭ ᠡᠷᠬᠢᠯᠡᠭᠴᠢᠳ ᠤᠨ ᠳᠠᠷᠤᠭ᠎ᠠ ᠬᠤᠷᠴᠠ ᠨᠠᠷ ᠠᠶᠢᠮᠠᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯᠯᠠᠬᠤ ᠵᠦᠪᠯᠡᠯ ᠤᠨ ᠡᠷᠬᠢᠯᠡᠭᠴᠢ ᠡᠦ ᠭᠦᠸᠧ ᠳ᠋ᠦᠩ᠂ ᠠᠶᠢᠮᠠᠭ ᠤᠨ ᠠᠷᠠᠳ ᠤᠨ ᠲᠦᠯᠦᠭᠡᠯᠡᠭᠴᠢᠳ ᠤᠨ ᠠᠵᠢᠯᠯᠠᠬᠤ ᠵᠦᠪᠯᠡᠯ ᠤᠨ ᠨᠡᠶᠢᠭᠡᠮ ᠤᠨ ᠠᠵᠢᠯ ᠤᠨ ᠰᠠᠯᠠᠭᠠᠨ ᠤ ᠳᠠᠷᠤᠭ᠎ᠠ ᠦᠯᠵᠡᠶᠢᠳᠦ ᠨᠠᠷ ᠶᠢᠨ ᠪᠠᠷ᠎ᠠ ᠪᠤᠯᠤᠯᠭ᠎ᠠ ᠪᠠᠷ ᠵᠡᠭᠦᠨ ᠦᠵᠦᠮᠦᠴᠢᠨ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠭᠰᠡᠨ ᠪᠠᠶᠢᠨ᠎ᠠ᠃ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠨᠢᠦ ᠸᠧᠢ ᠳ᠋ᠦᠩ᠂ ᠵᠠᠰᠠᠭ ᠤᠨ ᠤᠷᠳᠤᠨ ᠤ ᠳᠡᠳ᠋ ᠬᠤᠰᠢᠭᠤ ᠳᠠᠷᠤᠭ᠎ᠠ ᠱᠤᠸᠠᠩ ᠪᠤᠤ ᠨᠠᠷ ᠪᠠᠷ᠎ᠠ ᠪᠤᠯᠤᠨ ᠪᠠᠶᠢᠴᠠᠭᠠᠨ ᠰᠤᠳᠤᠯᠤᠯᠲᠠ ᠬᠢᠭᠰᠡᠨ ᠪᠠᠶᠢᠨ᠎ᠠ᠃      ᠪᠠᠶᠢᠴᠠᠭᠠᠨ ᠰᠤᠳᠤᠯᠠᠬᠤ ᠳᠤᠭᠤᠶᠢᠯᠠᠩ ᠨᠢ ᠮᠠᠨ ᠤ ᠬᠤᠰᠢᠭᠤᠨ ᠤ ᠳᠠᠭᠤᠲᠤᠨᠠᠭᠤᠷ ᠪᠠᠯᠭᠠᠰᠦ ᠶᠢᠨ ᠤᠯᠠᠭᠠᠨᠲᠤᠭ ᠭᠠᠴᠠᠭᠠᠨ ᠤ ᠰᠢᠯᠢᠳᠡᠭ ᠡᠭᠦᠯᠳᠡᠷ ᠤᠨ ᠠᠩᠭᠢᠰ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠂ ᠨᠠᠶᠢᠷᠠᠮᠳᠤᠯ ᠭᠠᠴᠠᠭᠠᠨ ᠤ ︽ᠲᠠᠯ᠎ᠠ ᠨᠤᠲᠤᠭ ᠤᠨ ᠮᠠᠯᠴᠢᠨ ᠠᠶᠢᠯ︾᠂ ᠪᠦᠬᠦ ᠠᠷᠠᠳ ᠤᠨ ᠪᠡᠶ᠎ᠡ ᠴᠠᠬᠢᠷᠠᠭᠵᠢᠭᠤᠯᠬᠤ ᠲᠦᠪ᠂ ᠵᠡᠭᠦᠨ ᠬᠠᠲᠠᠪᠴᠢ ᠬᠢᠯᠢ ᠶᠢᠨ ᠪᠤᠭᠤᠮᠲᠠ ᠶᠢᠨ ᠪᠠᠶᠢᠴᠠᠭᠠᠯᠲᠠ ᠶᠢᠨ ᠦᠷᠲᠡᠭᠡ᠂ ᠤᠯᠢᠶᠠᠰᠤᠲᠠᠢ ᠪᠠᠯᠭᠠᠰᠦᠨ ᠤ ᠠᠮᠤᠭᠤᠯᠠᠩ ᠭᠠᠴᠠᠭᠠᠨ ᠤ ᠪᠦᠷᠢᠨᠲᠡᠭᠦᠰ ᠤᠨ ᠭᠡᠷ ᠪᠦᠯᠢ ᠶᠢᠨ ᠮᠠᠯᠵᠢᠯ ᠤᠨ ᠲᠠᠯᠠᠪᠠᠢ ᠪᠠ ᠡᠵᠢᠨᠠᠭᠤᠷ ᠪᠠᠯᠭᠠᠰᠦᠨ ᠤ ᠳᠠᠪᠤᠰᠦᠨ ᠲᠠᠯᠠᠪᠠᠢ ᠵᠡᠷᠭᠡ ᠭᠠᠵᠠᠷ ᠲᠤ ᠬᠦᠷᠴᠦ ᠪᠠᠶᠢᠴᠠᠭᠠᠨ ᠰᠤᠳᠤᠯᠤᠯᠲᠠ ᠬᠢᠭᠰᠡᠨ ᠪᠠᠶᠢᠨ᠎ᠠ᠃      ᠪᠠᠶᠢᠴᠠᠭᠠᠨ ᠰᠤᠳᠤᠯᠤᠯᠲᠠ ᠪᠠᠷ ᠳᠠᠮᠵᠢᠨ ᠬᠤᠷᠴᠠ ᠨᠦᠭᠦᠷ ᠠᠴᠠ ᠤᠯᠠᠭᠠᠨᠲᠤᠭ ᠭᠠᠴᠠᠭᠠᠨ ᠤ ᠰᠢᠯᠢᠳᠡᠭ ᠡᠭᠦᠯᠳᠡᠷ ᠤᠨ ᠠᠩᠭᠢᠰ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠪᠠ ᠤᠯᠢᠶᠠᠰᠤᠲᠠᠢ ᠪᠠᠯᠭᠠᠰᠦᠨ ᠤ ᠠᠮᠤᠭᠤᠯᠠᠩ ᠭᠠᠴᠠᠭᠠᠨ ᠤ ᠪᠦᠷᠢᠨᠲᠡᠭᠦᠰ ᠤᠨ ᠭᠡᠷ ᠪᠦᠯᠢ ᠶᠢᠨ ᠮᠠᠯᠵᠢᠯ ᠤᠨ ᠲᠠᠯᠠᠪᠠᠢ ᠶᠢ ᠳᠡᠭᠡᠳᠦ ᠬᠡᠮᠵᠢᠶ᠎ᠡ ᠪᠠᠷ ᠦᠨᠡᠯᠡᠭᠰᠡᠨ ᠤ ᠬᠠᠮᠲᠤ᠂ ᠲᠡᠷᠢᠭᠦᠨ ᠤ ᠬᠤᠰᠢᠭᠤ ᠰᠢᠶᠠᠨ ᠤ ᠠᠷᠭ᠎ᠠ ᠲᠤᠷᠰᠢᠯᠭ᠎ᠠ ᠪᠠᠷ ᠶᠠᠳᠠᠭᠤ ᠠᠴᠠ ᠠᠩᠭᠢᠵᠢᠷᠠᠨ ᠪᠠᠶᠠᠵᠢᠨ ᠴᠢᠨᠡᠭᠡᠯᠢᠭᠵᠢᠬᠦ ᠠᠯᠬᠤᠴᠠ ᠪᠠᠨ ᠲᠦᠷᠭᠡᠳᠬᠡᠵᠦ᠂ ᠲᠤᠬᠠᠢ ᠶᠢᠨ ᠤᠷᠤᠨ ᠤ ᠪᠤᠳᠠᠲᠠᠢ ᠳᠤ ᠪᠠᠨ ᠳᠤᠬᠢᠷᠠᠭᠤᠯᠤᠨ ᠲᠡᠵᠢᠭᠡᠨ ᠦᠷᠡᠵᠢᠬᠦᠯᠬᠦ ᠪᠠ ᠤᠳᠤ ᠦᠶ᠎ᠡ ᠶᠢᠨ ᠮᠠᠯ ᠠᠵᠤ ᠠᠬᠤᠢ ᠶᠢᠨ ᠦᠢᠯᠡᠰ ᠢ ᠬᠦᠭᠵᠢᠬᠦᠯᠬᠦ  ᠲᠠᠢ ᠪᠠᠨ ᠤᠶᠠᠯᠳᠤᠭᠤᠯᠵᠤ᠂ ᠮᠠᠯ ᠠᠵᠤ ᠠᠬᠤᠢ ᠶᠢᠨ ᠦᠢᠯᠡᠰ ᠢ ᠳᠠᠶᠢᠴᠢᠯᠡᠬᠤ ᠭᠠᠷᠳᠠᠬᠤ ᠴᠢᠭ ᠪᠠ ᠮᠠᠯᠴᠢᠳ ᠤᠨ ᠤᠷᠤᠯᠭ᠎ᠠ ᠶᠢ ᠨᠡᠮᠡᠭᠳᠡᠬᠦᠯᠬᠦ ᠶᠢᠨ ᠤᠷᠢᠳᠤᠯ ᠪᠤᠯᠭᠠᠨ ᠠᠳᠬᠤᠵᠤ᠂ ᠮᠠᠯ ᠠᠵᠤ ᠠᠬᠤᠢ ᠶᠢᠨ ᠠᠵᠤ ᠦᠢᠯᠡᠰᠵᠢᠯᠡᠯᠲᠡ ᠶᠢᠨ ᠠᠵᠢᠯ ᠢ ᠦᠨᠡᠨᠬᠦ ᠰᠠᠶᠢᠳᠤᠷ ᠬᠢᠵᠤ᠂ ᠮᠠᠯᠴᠢᠨ ᠲᠦᠮᠡᠨ ᠳᠤ ᠠᠰᠢᠭ ᠭᠦᠷᠲᠡᠭᠡᠵᠤ ᠤᠷᠤᠯᠭ᠎ᠠ ᠶᠢ ᠨᠡᠮᠡᠭᠳᠡᠬᠦᠯᠬᠦ ᠬᠡᠷᠡᠭᠲᠡᠢ ᠭᠡᠰᠡᠨ ᠪᠠᠶᠢᠨ᠎ᠠ᠃      ᠳᠠᠭᠤᠲᠤᠨᠠᠭᠤᠷ ᠪᠠᠯᠭᠠᠰᠦᠨ ᠤ ᠨᠠᠶᠢᠷᠠᠮᠳᠤᠯ ᠭᠠᠴᠠᠭᠠᠨ ᠤ ︽ᠲᠠᠯ᠎ᠠ ᠨᠤᠲᠤᠭ ᠤᠨ ᠮᠠᠯᠴᠢᠨ ᠠᠶᠢᠯ︾  ᠢᠶᠠᠷ ᠪᠠᠶᠢᠴᠠᠭᠠᠨ ᠰᠤᠳᠤᠯᠬᠤ ᠶᠠᠪᠤᠴᠠ ᠳᠠᠭᠠᠨ᠂ ︽ᠲᠠᠯ᠎ᠠ ᠨᠤᠲᠤᠭ ᠤᠨ ᠮᠠᠯᠴᠢᠨ ᠠᠶᠢᠯ︾  ᠤᠨ ᠤᠳᠤᠬᠢ ᠪᠦᠲᠦᠭᠡᠨ ᠪᠠᠶᠢᠭᠤᠯᠤᠯᠲᠠ ᠶᠢᠨ ᠨᠠᠷᠢᠨ ᠪᠠᠶᠢᠳᠠᠯ ᠢ ᠤᠶᠢᠯᠠᠭᠠᠵᠤ᠂ ︽ᠲᠠᠯ᠎ᠠ ᠨᠤᠲᠤᠭ ᠤᠨ ᠮᠠᠯᠴᠢᠨ ᠠᠶᠢᠯ︾  ᠤᠨ ᠦᠢᠯᠡᠳᠦᠯ ᠢᠶᠠᠨ ᠭᠦᠢᠴᠡᠳ ᠪᠠᠳᠠᠷᠠᠭᠤᠯᠤᠨ᠂ ︽ᠲᠠᠯ᠎ᠠ ᠨᠤᠲᠤᠭ ᠤᠨ ᠮᠠᠯᠴᠢᠨ ᠠᠶᠢᠯ︾  ᠤᠨ ᠡᠯ᠎ᠡ ᠲᠦᠷᠦᠯ ᠤᠨ ᠲᠦᠯᠦᠭᠡᠯᠡᠬᠦ ᠴᠢᠨᠠᠷᠲᠠᠢ ᠠᠵᠢᠯᠯᠠᠭ᠎ᠠ ᠪᠠᠨ ᠰᠠᠶᠢᠳᠦᠷ ᠵᠤᠬᠢᠶᠠᠨ ᠪᠠᠶᠢᠭᠤᠯᠵᠤ ᠦᠷᠨᠢᠭᠦᠯᠬᠦ ᠭᠡᠷᠡᠭᠲᠡᠢ ᠭᠡᠵᠤ ᠴᠢᠬᠤᠯᠠᠴᠢᠯᠠᠭᠰᠠᠨ ᠪᠠᠶᠢᠨ᠎ᠠ᠃      ᠬᠤᠷᠴᠠ ᠨᠦᠬᠦᠷ ᠪᠦᠬᠦ ᠠᠷᠠᠳ ᠤᠨ ᠪᠡᠶ᠎ᠡ ᠴᠠᠬᠢᠷᠠᠭᠵᠢᠭᠤᠯᠬᠤ ᠲᠦᠪ ᠢ ᠪᠠᠶᠢᠴᠠᠭᠠᠨ ᠰᠤᠳᠤᠯᠬᠤ ᠶᠠᠪᠤᠴᠠ ᠳᠠᠭᠠᠨ ᠵᠡᠭᠦᠨ ᠦᠵᠦᠮᠦᠴᠢᠨ ᠬᠤᠰᠢᠭᠤᠨ ᠤ ᠪᠦᠬᠦ ᠠᠷᠠᠳ ᠤᠨ ᠪᠡᠶ᠎ᠡ ᠴᠠᠬᠢᠷᠠᠭᠵᠢᠭᠤᠯᠬᠤ ᠲᠦᠪ ᠤᠨ ᠠᠵᠢᠯ ᠲᠤ ᠦᠨᠳᠦᠷ ᠦᠨᠡᠯᠡᠯᠲᠡ ᠦᠭᠴᠦ᠂ ᠬᠦᠮᠦᠨ ᠢᠶᠠᠷ ᠦᠨᠳᠦᠰᠦ ᠪᠤᠯᠭᠠᠬᠤ ᠬᠦᠭᠵᠢᠯᠲᠡ ᠶᠢᠨ ᠰᠡᠳᠬᠢᠴᠡ ᠶᠢ ᠦᠷᠭᠦᠯᠵᠢᠯᠡᠨ ᠪᠠᠳᠠᠷᠠᠭᠤᠯᠵᠤ᠂ ᠪᠦᠬᠦ ᠨᠡᠶᠢᠭᠡᠮ ᠤᠨ ᠲᠠᠨᠢᠯᠲᠠ ᠶᠢ ᠳᠡᠭᠡᠭᠰᠢᠯᠡᠭᠦᠯᠦᠨ᠂ ᠪᠦᠬᠦ ᠠᠷᠠᠳ ᠤᠨ ᠪᠡᠶ᠎ᠡ ᠴᠠᠬᠢᠷᠠᠭᠵᠢᠭᠤᠯᠬᠤ ᠤᠯᠤᠰ ᠤᠨ ᠲᠦᠷᠤ ᠶᠢᠨ ᠪᠤᠳᠤᠯᠭ᠎ᠠ ᠶᠢ ᠨᠠᠶᠢᠳᠠᠪᠤᠶᠢᠵᠢᠭᠤᠯᠵᠤ᠂ ᠪᠦᠬᠦ ᠠᠷᠠᠳ ᠤᠨ ᠡᠷᠡᠭᠦᠯ ᠡᠩᠬᠡ ᠶᠢᠨ ᠬᠢᠷᠢ ᠲᠦᠪᠰᠢᠨ ᠢ ᠴᠢᠷᠮᠠᠶᠢᠨ ᠳᠡᠭᠡᠭᠰᠢᠯᠡᠭᠦᠯᠬᠦ ᠭᠡᠷᠡᠭᠲᠡᠢ ᠭᠡᠰᠡᠨ ᠪᠠᠶᠢᠨ᠎ᠠ᠃      ᠵᠡᠭᠦᠨ ᠬᠠᠳᠠᠪᠴᠢ ᠬᠢᠯᠢ ᠶᠢᠨ ᠪᠤᠭᠤᠮᠲᠠ ᠶᠢᠨ ᠲᠠᠯ᠎ᠠ ᠪᠠᠷ᠂ ᠬᠤᠷᠴᠠ ᠨᠦᠬᠦᠷ ᠠᠴᠠ ᠪᠤᠭᠤᠮᠲᠠ ᠪᠠᠷ ᠦᠩᠭᠡᠷᠡᠬᠦ ᠪᠠᠶᠢᠴᠠᠭᠠᠯᠲᠠ ᠶᠢᠨ ᠲᠠᠯ᠎ᠠ ᠪᠠᠷ ᠪᠠᠶᠢᠳᠠᠯ ᠢ ᠤᠶᠢᠯᠠᠭᠠᠭᠰᠠᠨ ᠤ ᠳᠠᠷᠠᠭ᠎ᠠ᠂ ᠭᠠᠳᠠᠭᠰᠢ ᠨᠡᠭᠡᠭᠡᠯᠲᠡ ᠶᠢ ᠲᠦᠷᠭᠡᠳᠬᠡᠵᠤ᠂ ᠪᠤᠭᠤᠮᠲᠠ ᠶᠢᠨ ᠰᠠᠭᠤᠷᠢ ᠲᠦᠬᠦᠭᠡᠷᠡᠮᠵᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠤᠨ᠂ ᠤᠷᠤᠨ ᠨᠤᠲᠤᠭ ᠤᠨ ᠠᠵᠤ ᠠᠬᠤᠢ ᠶᠢᠨ ᠲᠦᠷᠭᠡᠨ ᠬᠦᠭᠵᠢᠯᠲᠡ ᠶᠢ ᠳᠠᠰᠤᠷᠠᠯᠲᠠ ᠦᠭᠡᠢ ᠠᠬᠢᠭᠤᠯᠬᠤ ᠬᠡᠷᠡᠭᠲᠡᠢ ᠭᠡᠰᠡᠨ ᠪᠠᠶᠢᠨ᠎ᠠ᠃      25 ᠤ ᠡᠳᠦᠷ᠂ ᠬᠤᠷᠴᠠ ᠨᠦᠬᠦᠷ ᠡᠵᠢᠨᠠᠭᠤᠷ ᠳᠠᠪᠤᠰᠦᠨ ᠲᠠᠯᠠᠪᠠᠢ ᠳᠤ ᠬᠦᠷᠴᠦ᠂ ᠳᠠᠪᠤᠰᠦᠨ ᠲᠠᠯᠠᠪᠠᠢ ᠪᠠ ᠤᠶᠢᠷ᠎ᠠ ᠬᠠᠪᠢ ᠶᠢᠨ ᠤᠷᠴᠢᠨ ᠲᠤᠭᠤᠷᠢᠨ᠂ ᠳᠠᠪᠤᠰᠤᠨ ᠨᠠᠭᠤᠷ ᠤᠨ ᠠᠰᠢᠭᠯᠠᠯᠲᠠ᠂ ᠨᠠᠷᠢᠯᠢᠭ ᠳᠠᠪᠤᠰᠤ ᠦᠢᠯᠡᠳᠪᠦᠷᠢᠯᠡᠨ ᠪᠤᠷᠤᠯᠠᠭᠤᠯᠬᠤ ᠶᠠᠪᠤᠴᠠ ᠳᠤ ᠪᠠᠶᠢᠴᠠᠭᠠᠨ ᠰᠤᠳᠤᠯᠤᠯᠲᠠ ᠬᠢᠭᠰᠡᠨ ᠪᠠᠶᠢᠨ᠎ᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号