ᠵᠡᠭᠦᠨ ᠦᠵᠦᠮᠦᠴᠢᠨ ᠬᠤᠰᠢᠭᠤ ᠠᠭᠤᠤ ᠶᠡᠭᠡ ᠤᠳᠤᠷᠢᠳᠤᠭᠴᠢ ᠮᠠᠤ ᠲᠡᠷᠢᠭᠦᠯᠡᠭᠴᠢ ᠶᠢᠨ ᠮᠡᠨᠳᠦᠯᠡᠭᠰᠡᠨ125 ᠵᠢᠯ ᠤᠨ ᠤᠢ ᠶᠢ ᠳᠤᠷᠠᠰᠬᠠᠬᠤ ᠬᠤᠪᠢᠰᠬᠠᠯᠲᠦ ᠲᠠᠭᠤᠤ ᠳᠠᠭᠤᠯᠠᠬᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2019/1/3
     12ᠰᠠᠷ᠎ᠠ ᠶᠢᠨ26᠎ ᠤ ᠡᠳᠦᠷ ᠤᠨ ᠤᠷᠤᠢ᠂ ᠵᠡᠭᠦᠨ ᠦᠵᠦᠮᠦᠴᠢᠨ ᠬᠤᠰᠢᠭᠤᠨ ᠤ ᠨᠡᠶᠢᠭᠡᠮ ᠤᠨ ᠵᠤᠬᠢᠶᠠᠨ ᠪᠠᠶᠢᠭᠤᠯᠤᠯᠲᠠᠨ ᠤ ᠬᠤᠯᠪᠤᠭᠠᠲᠦ ᠨᠠᠮ ᠤᠨ ᠡᠭᠦᠷ ᠠᠴᠠ ᠭᠤᠤᠯᠯᠠᠨ ᠡᠷᠬᠢᠯᠡᠭᠰᠡᠨ ︽ ᠤᠭ ᠰᠠᠨᠠᠭ᠎ᠠ ᠪᠠᠨ ᠦᠯᠦ ᠤᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠲᠦ ᠴᠢᠭᠡᠵᠢᠯᠡᠬᠦ︾ ᠵᠤᠷᠢᠭ ᠰᠠᠨᠠᠭ᠎ᠠ ᠶᠢ ᠲᠤᠤᠱᠯᠠᠭᠤᠯᠵᠤ᠂ ᠠᠭᠤᠤ ᠶᠡᠭᠡ ᠤᠳᠤᠷᠢᠳᠤᠭᠴᠢ ᠮᠠᠤ ᠲᠡᠷᠢᠭᠦᠯᠡᠭᠴᠢ ᠶᠢᠨ ᠮᠡᠨᠳᠦᠯᠡᠭᠰᠡᠨ 125 ᠵᠢᠯ ᠤᠨ ᠤᠢ ᠶᠢ ᠳᠤᠷᠠᠰᠬᠠᠬᠤ ᠬᠤᠪᠢᠰᠬᠠᠯᠲᠦ ᠳᠠᠭᠤᠤ ᠳᠠᠭᠤᠯᠠᠬᠤ ᠠᠵᠢᠯᠯᠠᠭ᠎ᠠ ᠦᠨᠳᠤᠰᠦᠲᠡᠨ ᠤ ᠬᠡᠤᠬᠡᠳ ᠤᠨ ᠴᠡᠴᠡᠷᠯᠢᠭ ᠤᠨ ᠬᠦᠳᠡᠯᠭᠡᠭᠡᠨ ᠤ ᠲᠢᠩᠬᠢᠮ ᠳᠤ ᠶᠠᠪᠤᠭᠳᠠᠵᠤ᠂ ᠬᠠᠮᠢᠶ᠎ᠠ ᠪᠦᠬᠦᠢ ᠪᠠᠶᠢᠭᠤᠯᠭ᠎ᠠ ᠶᠢᠨ ᠤᠳᠤᠷᠢᠳᠤᠯᠭ᠎ᠠ ᠵᠢᠴᠢ ᠨᠡᠶᠢᠭᠡᠮ ᠤᠨ ᠵᠤᠬᠢᠶᠠᠨ ᠪᠠᠶᠢᠭᠤᠯᠤᠯᠲᠠ ᠶᠢᠨ 3 ᠨᠠᠮ ᠤᠨ ᠡᠭᠦᠷ᠂7 ᠨᠡᠶᠢᠭᠡᠮᠯᠢᠭ ᠤᠨ ᠬᠠᠷᠢᠭᠤᠴᠠᠯᠭᠠᠲᠠ ᠪᠠ ᠭᠡᠰᠢᠭᠦᠳ ᠨᠡᠶᠢᠲᠡ 100 ᠭᠠᠷᠤᠢ ᠬᠦᠮᠦᠰ ᠤᠷᠤᠯᠴᠠᠵᠠᠢ᠃      ᠠᠵᠢᠯᠯᠠᠭ᠎ᠠ ᠨᠢ ︽ᠬᠦᠨᠳᠦᠳᠦ ᠬᠠᠶᠢᠷᠠᠳᠦ ᠮᠠᠤ ᠲᠡᠷᠢᠭᠦᠯᠡᠭᠴᠢ︾ ᠭᠡᠬᠦ ︽ᠱᠠᠭ᠎ᠠ ᠡᠷᠳᠡᠨᠢ︾ ᠨᠡᠶᠢᠭᠡᠮᠯᠢᠭ ᠤᠨ ᠬᠠᠮᠲᠤ ᠤᠯᠠᠨ ᠤ ᠳᠠᠭᠤᠯᠠᠭᠰᠠᠨ ᠬᠠᠮᠲᠤ ᠶᠢᠨ ᠳᠠᠭᠤᠤ ᠪᠠᠷ ᠬᠦᠰᠢᠭᠡ ᠪᠠᠨ ᠰᠡᠭᠦᠵᠦ᠂ ︽ᠰᠠᠶᠢᠬᠠᠨ ᠳ᠋ᠠ︾᠂ ︽ᠬᠦᠳᠡᠭᠡ ᠲᠠᠯ᠎ᠠ ᠳᠤ ᠮᠦᠩᠬᠡ ᠶᠢᠨ ᠨᠠᠷᠠ ᠮᠠᠨᠳᠦᠯ᠎ᠠ︾᠂ ︽ᠠᠷᠠᠳ ᠤᠨ ᠴᠡᠷᠢᠭ ᠨᠠᠮ ᠳᠠᠭᠠᠨ ᠰᠢᠳᠤᠷᠭᠤ︾᠂ ︽ᠨᠢᠭᠡᠨ ᠪᠠᠳᠠᠭ ᠰᠤᠷᠭᠠᠯ ᠦᠭᠡ︾ ᠵᠡᠷᠭᠡ ᠤᠯᠠᠨ ᠤ ᠲᠠᠨᠢᠯ ᠳᠠᠰᠦᠯ ᠪᠤᠯᠤᠭᠰᠠᠨ ᠳᠠᠭᠤᠤ ᠪᠦᠵᠢᠭ ᠢᠶᠠᠷ ᠠᠭᠤᠤ ᠲᠡᠷᠢᠭᠦᠯᠡᠭᠴᠢ ᠮᠠᠤ ᠽᠧ ᠳ᠋ᠦᠩ ᠤᠨ ᠠᠯᠳᠠᠷ ᠭᠠᠪᠢᠶ᠎ᠠ ᠶᠢ ᠮᠠᠭᠲᠠᠨ ᠳᠠᠭᠤᠯᠠᠵᠤ᠂ ᠮᠦᠷᠦᠭᠡᠳᠦᠨ ᠳᠤᠷᠠᠰᠴᠦ ᠪᠠᠶᠢᠭ᠎ᠠ ᠰᠡᠳᠬᠢᠯᠭᠡ ᠪᠠᠨ ᠢᠯᠡᠳᠭᠡᠭᠰᠡᠨ ᠪᠠᠶᠢᠨ᠎ᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠤᠬᠠᠭᠤᠯᠬᠤ ᠭᠡᠯᠲᠡᠰ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号