12ᠰᠠᠷ᠎ᠠ ᠶᠢᠨ 28᠂29 ᠤ ᠡᠳᠦᠷ᠂ ︽ᠵᠢᠷᠭᠠᠯᠠᠩᠲᠤ ᠲᠠᠯ᠎ᠠ ᠨᠤᠲᠤᠭ · ᠰᠢᠯᠢ ᠶᠢᠨ ᠭᠤᠤᠯ︾ ᠮᠤᠩᠭᠤᠯ | ᠪᠦᠬᠡ ᠶᠢᠨ ᠴᠦᠷᠬᠦᠯᠡᠭᠡ ᠪᠠᠷᠢᠯᠳᠤᠭᠠᠨ ᠵᠢᠴᠢ ᠵᠡᠭᠦᠨ ᠦᠵᠦᠮᠦᠴᠢᠨ ᠬᠤᠰᠢᠭᠤᠨ ᠤ ᠠᠷᠪᠠᠨ ᠭᠤᠷᠪᠠᠳᠤᠭᠠᠷ | ᠤᠳᠠᠭᠠᠨ ᠤ ︽ᠮᠦᠩᠭᠦᠨ ᠡᠪᠦᠯ ᠤᠨ ᠦᠵᠦᠮᠦᠴᠢᠨ︾ ᠤᠨ ᠬᠦᠴᠦᠲᠦ 256 ᠪᠦᠬᠡ ᠶᠢᠨ ᠪᠠᠷᠢᠯᠳᠤᠭᠠᠨ | ᠤᠯᠢᠶᠠᠰᠦᠲᠠᠢ ᠪᠠᠯᠭᠠᠰᠦᠨ ᠤ ᠲᠠᠮᠢᠷ ᠤᠨ ᠤᠷᠳᠤᠨ ᠳᠤ ᠠᠮᠵᠢᠯᠲᠠ ᠲᠠᠢ ᠶᠠᠪᠤᠭᠳᠠᠭᠰᠠᠨ ᠪᠠᠶᠢᠨ᠎ᠠ ᠃ | ᠲᠤᠰ ᠤᠳᠠᠭᠠᠨ ᠤ ᠪᠦᠬᠡ ᠶᠢᠨ ᠪᠠᠷᠢᠯᠳᠤᠭᠠᠨ ᠳᠤ ᠪᠦᠬᠦ ᠤᠷᠤᠨ ᠤ ᠡᠯ᠎ᠡ ᠠᠶᠢᠮᠠᠭ ᠬᠤᠳᠠ᠂ ᠬᠤᠰᠢᠭᠤ | ᠨᠤᠲᠤᠭ ᠠᠴᠠ ᠬᠦᠷᠦᠯᠴᠡᠨ ᠢᠷᠡᠭᠰᠡᠨ 256 ᠪᠦᠬᠡ ᠵᠤᠳᠤᠭᠯᠠᠵᠤ᠂ ᠬᠤᠶᠠᠷ ᠡᠳᠦᠷ ᠤᠨ ᠬᠤᠷᠴᠠ ᠰᠢᠷᠦᠭᠦᠨ | ᠦᠷᠢᠰᠦᠯᠳᠦᠭᠡᠨ ᠢᠶᠠᠷ ᠳᠠᠮᠵᠢᠨ ᠤᠯᠠᠭᠠᠨᠬᠠᠳᠠ ᠬᠤᠳᠠ ᠶᠢᠨ ᠪᠠᠭᠠᠷᠢᠨ ᠪᠠᠷᠠᠭᠤᠨ ᠬᠤᠰᠢᠭᠤ ᠪᠠᠷ ᠨᠤᠲᠤᠭᠲᠠᠢ᠂ | ᠮᠢᠩᠭᠠᠨ ᠪᠦᠬᠡ ᠶᠢᠨ ᠮᠠᠩᠯᠠᠢ ᠭᠡᠭᠡᠷᠡᠬᠦ ᠲᠡᠷᠢᠭᠦᠯᠡᠵᠦ᠂ ᠶᠡᠭᠡ ᠠᠪᠤᠷᠭᠤ ᠪᠠᠶᠠᠷᠪᠠᠭᠠᠲᠤᠷ ᠳᠤᠯᠤᠭ᠎ᠠ ᠳᠠᠪᠠᠨ ᠳᠡᠳ᠋ᠯᠡᠵᠡᠢ᠃ | ᠤᠯᠠᠭᠠᠨᠬᠠᠳᠠ ᠬᠤᠲᠠ ᠶᠢᠨ ᠪᠠᠭᠠᠷᠢᠨ ᠪᠠᠷᠠᠭᠤᠨ ᠬᠤᠰᠢᠭᠤ ᠪᠠᠷ ᠨᠤᠲᠤᠭᠲᠠᠢ᠂ 512 ᠪᠦᠬᠡ ᠶᠢᠨ ᠮᠠᠩᠯᠠᠢ | ᠴᠢᠩᠵᠤᠷᠢᠭᠲᠤ ᠪᠤᠯᠤᠨ ᠰᠠᠮᠠᠢ ᠰᠤᠮᠤ ᠪᠠᠷ ᠨᠤᠲᠤᠭᠲᠠᠢ 512 ᠪᠦᠬᠡ ᠶᠢᠨ ᠮᠠᠩᠯᠠᠢ ᠰᠠᠴᠡᠨᠪᠢᠯᠢᠭ ᠳᠡᠭᠡᠷ᠎ᠡ | ᠳᠦᠷᠪᠡ ᠳᠤ ᠳᠡᠪᠢᠨ᠂ ᠠᠷᠦ ᠬᠤᠷᠴᠢᠨ ᠤ ᠮᠦᠩᠬᠡᠳᠦ᠋ᠭᠦᠷᠡᠩ᠂ ᠠᠪᠠᠭ᠎ᠠ ᠶᠢᠨ ᠴᠢᠳᠠᠷᠪᠠᠯ᠂ ᠠᠮᠢᠨᠪᠦ᠋ᠬᠡ᠂ ᠬᠦᠯᠦᠨ | ᠪᠤᠶᠢᠷ ᠤᠨ ᠪᠤᠯᠤᠳᠪᠠᠭᠠᠲᠤᠷ ᠨᠠᠷ ᠳᠡᠭᠡᠷ᠎ᠡ ᠨᠠᠢᠮᠠ ᠳᠤ ᠲᠤᠳᠤᠷᠠᠭᠰᠠᠨ ᠪᠠᠶᠢᠨ᠎ᠠ᠃ | ᠬᠤᠰᠢᠭᠤ ᠨᠠᠮ ᠤᠨ ᠬᠤᠷᠢᠶᠠᠨ ᠤ ᠱᠦᠵᠢ ᠯᠢ ᠶᠦᠩ ᠱᠧᠩ᠂ ᠬᠤᠰᠢᠭᠤ ᠨᠠᠮ ᠤᠨ ᠬᠤᠷᠢᠶ᠎ᠠ ᠶᠢᠨ ᠳᠡᠳ᠋ | ᠱᠦᠵᠢ᠂ ᠵᠠᠰᠠᠭ ᠤᠨ ᠤᠷᠳᠤᠨ ᠤ ᠬᠤᠰᠢᠭᠤ ᠳᠠᠷᠤᠭ᠎ᠠ ᠬᠢᠩᠭᠠᠨ ᠵᠡᠷᠭᠡ ᠤᠳᠤᠷᠢᠳᠤᠯᠭ᠎ᠠ ᠨᠠᠷ ᠠᠴᠠ ᠳᠡᠭᠡᠷ᠎ᠡ | ᠨᠠᠢᠮᠠ ᠳᠤ ᠲᠤᠳᠤᠷᠠᠭᠰᠠᠨ ᠪᠦᠬᠡᠴᠦᠳ ᠲᠤ ᠱᠠᠩᠨᠠᠯ ᠭᠠᠷᠳᠠᠭᠤᠯᠵᠠᠢ᠃ | ᠲᠤᠰ ᠤᠳᠠᠭᠠᠨ ᠤ ︽ᠵᠢᠷᠭᠠᠯᠠᠩᠲᠤ ᠲᠠᠯ᠎ᠠ ᠨᠤᠲᠤᠭ · ᠰᠢᠯᠢ ᠶᠢᠨ ᠭᠤᠤᠯ︾ ᠮᠤᠩᠭᠤᠯ ᠪᠦᠬᠡ ᠶᠢᠨ | ᠴᠦᠷᠬᠦᠯᠡᠭᠡ ᠪᠠᠷᠢᠯᠳᠤᠭᠠᠨ ᠵᠢᠴᠢ ᠵᠡᠭᠦᠨ ᠦᠵᠦᠮᠦᠴᠢᠨ ᠬᠤᠰᠢᠭᠤᠨ ᠤ ᠠᠷᠪᠠᠨ ᠭᠤᠷᠪᠠᠳᠤᠭᠠᠷ ᠤᠳᠠᠭᠠᠨ ᠤ ︽ | ᠮᠦᠩᠭᠦᠨ ᠡᠪᠦᠯ ᠤᠨ ᠦᠵᠦᠮᠦᠴᠢᠨ︾ ᠬᠦᠴᠦᠲᠦ ᠪᠦᠬᠡ ᠶᠢᠨ ᠪᠠᠷᠢᠯᠳᠤᠭᠠᠨ ᠢ ᠦᠪᠦᠷ ᠮᠤᠩᠭᠤᠯ ᠤᠨ ᠷᠠᠳᠢᠣ᠋ | ᠲᠧᠯᠸᠢᠰ ᠬᠤᠷᠢᠶ᠎ᠠ ᠶᠢᠨ ᠤᠳᠤᠨ ᠲᠧᠯᠸᠢᠰ᠂ ᠤᠳᠤᠨ ᠰᠦᠯᠵᠢᠶ᠎ᠡ ᠰᠢᠭᠤᠳ ᠳᠠᠮᠵᠢᠭᠤᠯᠤᠨ ᠬᠦᠷᠭᠡᠵᠡᠢ᠃ | | | | | | | | | | | | | | | | | | | | | | | | | | | | | | | | | | | | | | | | | | | | | | | | | | | | | | | | | | | | | | | | | | | | | | | | | |