ᠮᠠᠨ ᠤ ᠬᠤᠰᠢᠭᠤ ᠵᠡᠭᠦᠨ ᠬᠠᠳᠠᠪᠴᠢ ᠪᠤᠭᠤᠮᠲᠠ ᠳᠠᠬᠢ ᠦᠪᠡᠷᠲᠡᠭᠡᠨ ᠵᠠᠰᠠᠬᠤ ᠤᠷᠤᠨ ᠤ ᠭᠤᠤᠯᠳᠠᠯᠭ᠎ᠠ  ᠲᠠᠢ ᠨᠡᠭᠡᠭᠡᠨ ᠬᠦᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠤᠷᠤᠨ ᠤ ᠬᠡᠷᠡᠭᠵᠢᠭᠦᠯᠬᠦ ᠲᠦᠰᠦᠯ ᠢ ᠬᠢᠨᠠᠨ ᠰᠢᠯᠭᠠᠬᠤ ᠬᠤᠷᠠᠯ ᠬᠤᠷᠠᠯᠳᠤᠭᠰᠠᠨ ᠪᠠᠶᠢᠨ᠎ᠠ
ᠨᠡᠶᠢᠲᠡᠯᠡᠭᠰᠡᠨ ᠴᠠᠭ᠄
2019/11/18
      11 ᠰᠠᠷ᠎ᠠ   ᠶᠢᠨ14 ᠤ ᠡᠳᠦᠷ᠂ ᠮᠠᠨ ᠤ ᠬᠤᠰᠢᠭᠤ ᠵᠡᠭᠦᠨ ᠬᠠᠳᠠᠪᠴᠢ ᠪᠤᠭᠤᠮᠲᠠ ᠳᠠᠬᠢ ᠦᠪᠡᠷᠲᠡᠭᠡᠨ ᠵᠠᠰᠠᠬᠤ ᠤᠷᠤᠨ ᠤ ᠭᠤᠤᠯᠳᠠᠯᠭ᠎ᠠ ᠲᠠᠢ ᠨᠡᠭᠡᠭᠡᠨ ᠬᠦᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠤᠷᠤᠨ ᠤ ᠬᠡᠷᠡᠭᠵᠢᠭᠦᠯᠬᠦ  ᠲᠦᠰᠦᠯ ᠢ ᠬᠢᠨᠠᠨ ᠰᠢᠯᠭᠠᠬᠤ ᠰᠠᠭᠤᠳᠠᠯ ᠤᠨ ᠬᠤᠷᠠᠯ ᠬᠤᠷᠠᠯᠳᠤᠵᠤ᠂ ᠵᠡᠭᠦᠨ ᠬᠠᠲᠠᠪᠴᠢ ᠪᠤᠭᠤᠮᠲᠠ ᠳᠠᠬᠢ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠣᠷᠣᠨ ᠤ ᠬᠡᠷᠡᠭᠵᠢᠭᠦᠯᠬᠦ ᠲᠥᠰᠦᠯ ᠢ ᠨᠠᠶᠢᠷᠠᠭᠤᠯᠤᠨ ᠪᠢᠴᠢᠭᠰᠡᠨ ᠪᠠᠶᠢᠳᠠᠯ ᠢ ᠲᠠᠬᠢᠨᠲᠠ ᠰᠤᠨᠤᠰᠴᠠᠢ ᠃ ᠬᠤᠰᠢᠭᠤ ᠨᠠᠮ ᠤᠨ ᠬᠤᠷᠢᠶᠠᠨ ᠤ ᠱᠦᠵᠢ ᠯᠢ ᠶᠥᠩ ᠱᠧᠩ ᠬᠤᠷᠠᠯ ᠳᠤ ᠤᠷᠤᠯᠴᠠᠨ᠂  ᠳᠡᠳ᠋ ᠬᠤᠰᠢᠭᠤ ᠳᠠᠷᠤᠭ᠎ᠠ ᠬᠦᠭᠵᠢᠯᠲᠥ ᠬᠤᠷᠠᠯ ᠢ ᠡᠷᠬᠢᠯᠡᠵᠠᠢ᠃      ᠬᠤᠷᠠᠯ ᠳᠤ ᠲᠤᠰᠬᠠᠢ ᠮᠡᠷᠭᠡᠵᠢᠯᠲᠡᠨ ᠠᠴᠠ ᠵᠡᠭᠦᠨ ᠬᠠᠳᠠᠪᠴᠢ ᠪᠤᠭᠤᠮᠲᠠ ᠳᠠᠬᠢ ᠦᠪᠡᠷᠲᠡᠭᠡᠨ ᠵᠠᠰᠠᠬᠤ ᠤᠷᠤᠨ ᠤ ᠭᠤᠤᠯᠳᠠᠯᠭ᠎ᠠ ᠲᠠᠢ ᠨᠡᠭᠡᠭᠡᠨ ᠬᠦᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠤᠷᠤᠨ ᠤ ᠬᠡᠷᠡᠭᠵᠢᠭᠦᠯᠬᠦ  ᠲᠦᠰᠦᠯ ᠢ ᠨᠠᠶᠢᠷᠠᠭᠤᠯᠤᠨ ᠪᠢᠴᠢᠬᠦ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠵᠦ᠂ ᠬᠤᠷᠠᠯ ᠳᠤ ᠤᠷᠤᠯᠴᠠᠭᠰᠠᠨ ᠡᠯ᠎ᠡ ᠰᠠᠯᠠᠭ᠎ᠠ ᠮᠦᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ︽ᠲᠦᠰᠦᠯ︾  ᠤᠨ ᠲᠤᠭᠤᠷᠢᠨ ᠳᠤ᠂ ᠲᠤᠰ ᠲᠤᠰ ᠤᠨ ᠬᠦᠷᠢᠶ᠎ᠠ ᠴᠠᠷᠠᠨ ᠠᠴᠠ ᠵᠠᠰᠠᠪᠤᠷᠢᠯᠠᠬᠤ ᠰᠠᠨᠠᠯ ᠰᠠᠨᠠᠭᠤᠯᠤᠮᠵᠢ ᠪᠠᠨ ᠳᠤᠷᠠᠳᠴᠠᠢ᠃      ᠯᠢ ᠶᠥᠩ ᠱᠧᠩ  ᠶᠠᠷᠢᠶ᠎ᠠ ᠲᠠᠯᠪᠢᠵᠠᠢ᠃ ᠲᠡᠷᠡ ᠴᠢᠬᠤᠯᠴᠢᠯᠠᠭᠰᠠᠨ ᠨᠢ᠂  ᠡᠯ᠎ᠡ ᠰᠠᠯᠠᠭ᠎ᠠ ᠮᠦᠴᠢᠷ ᠨᠢ ᠡᠷᠬᠡᠪᠰᠢ ᠠᠮᠢ ᠠᠬᠤᠢ ᠶᠢ ᠤᠷᠢᠳᠠᠪᠡᠷ ᠪᠤᠳᠤᠯᠬᠢᠯᠠᠵᠤ᠂  ᠪᠤᠬᠢᠷᠳᠤᠯ ᠦᠭᠡᠢ ᠬᠦᠭᠵᠢᠯᠲᠡ ᠪᠠᠷ  ᠤᠳᠤᠷᠢᠳᠤᠮᠵᠢ ᠪᠤᠯᠭᠠᠭᠰᠠᠨ ᠴᠢᠨᠠᠷ ᠰᠠᠶᠢᠲᠠᠢ ᠬᠦᠭᠵᠢᠯᠲᠡ ᠶᠢᠨ ᠰᠡᠳᠬᠢᠬᠦᠢ ᠪᠠᠷ᠂ ᠮᠠᠨ ᠤ ᠬᠤᠰᠢᠭᠤᠨ ᠤ ᠪᠤᠳᠠᠲᠤ ᠪᠠᠶᠢᠳᠠᠯ ᠲᠠᠢ ᠨᠡᠶᠢᠴᠡᠭᠰᠡᠨ ᠰᠠᠨᠠᠯ ᠰᠠᠨᠠᠭᠤᠯᠭ᠎ᠠ ᠳᠤᠷᠠᠳᠬᠤ ᠬᠡᠷᠡᠭᠲᠡᠢ᠃ ᠡᠯ᠎ᠡ ᠰᠠᠯᠠᠭ᠎ᠠ ᠮᠦᠴᠢᠷ ᠨᠢ ᠡᠷᠬᠡᠪᠰᠢ ᠠᠵᠢᠯ ᠤᠨ ᠡᠭᠦᠷᠭᠡ ᠬᠠᠷᠢᠭᠤᠴᠠᠯᠭ᠎ᠠ ᠪᠠᠨ  ᠨᠠᠷᠢᠯᠢᠭᠵᠢᠭᠤᠯᠤᠨ᠂ ᠳᠡᠭᠡᠭᠰᠢ ᠮᠡᠳᠡᠭᠦᠯᠬᠦ ᠴᠠᠭ ᠬᠤᠭᠤᠴᠠᠭ᠎ᠠ ᠪᠠᠨ ᠲᠤᠳᠤᠷᠬᠠᠶᠢᠯᠠᠵᠤ᠂ ᠯᠠᠪᠳᠠᠭᠤᠨ ᠪᠠᠲᠤᠲᠠᠢ ᠪᠠᠷ ᠳᠦᠯᠬᠢᠨ ᠠᠬᠢᠭᠤᠯᠵᠤ᠂ ᠵᠡᠭᠦᠨ ᠬᠠᠳᠠᠪᠴᠢ ᠪᠤᠭᠤᠮᠲᠠ ᠳᠠᠬᠢ ᠦᠪᠡᠷᠲᠡᠭᠡᠨ ᠵᠠᠰᠠᠬᠤ ᠤᠷᠤᠨ ᠤ ᠭᠤᠤᠯᠳᠠᠯᠭ᠎ᠠ ᠲᠠᠢ ᠨᠡᠭᠡᠭᠡᠨ  ᠬᠦᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠤᠷᠤᠨ ᠤ ᠳᠡᠭᠡᠭᠰᠢ ᠮᠡᠳᠡᠭᠦᠯᠬᠦ ᠠᠵᠢᠯ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ᠃  ᠡᠯ᠎ᠡ ᠬᠠᠷᠢᠭᠤᠴᠠᠵᠤ ᠪᠠᠶᠢᠭ᠎ᠠ ᠪᠠᠶᠢᠭᠤᠯᠭ᠎ᠠ ᠨᠢᠭᠡᠴᠡ ᠨᠢ ᠡᠷᠬᠡᠪᠰᠢ ᠨᠠᠶᠢᠷᠠᠭᠤᠯᠤᠨ ᠪᠢᠴᠢᠵᠤ ᠪᠠᠶᠢᠭ᠎ᠠ ᠪᠠᠶᠢᠭᠤᠯᠭ᠎ᠠ ᠲᠠᠢ ᠬᠠᠷᠢᠯᠴᠠᠨ ᠵᠤᠬᠢᠴᠠᠯᠳᠤᠬᠤ ᠪᠠᠨ ᠴᠢᠩᠭᠠᠳᠬᠠᠵᠤ᠂ ᠤᠯᠠᠨ ᠤ ᠳᠤᠷᠠᠳᠤᠭᠰᠠᠨ ᠰᠠᠨᠠᠯ ᠰᠠᠨᠠᠭᠤᠯᠭ᠎ᠠ ᠶᠢ ᠭᠦᠢᠴᠡᠳ ᠰᠢᠩᠭᠡᠭᠡᠨ ᠠᠪᠴᠤ᠂ ᠤᠯᠠᠮ ᠨᠢᠭᠡ ᠠᠯᠬᠤᠮ ᠵᠠᠰᠠᠪᠤᠷᠢ ᠤᠷᠤᠭᠤᠯᠤᠨ ᠲᠡᠭᠦᠯᠳᠡᠷᠵᠢᠭᠦᠯᠵᠦ᠂      ︽ᠲᠦᠰᠦᠯ︾ ᠤᠨ ᠬᠤᠰᠢᠭᠤᠴᠢ ᠴᠢᠨᠠᠷ᠂ ᠰᠢᠨᠵᠢᠯᠡᠬᠦ ᠤᠬᠠᠭᠠᠨᠴᠢ ᠴᠢᠨᠠᠷ ᠪᠤᠯᠤᠨ ᠪᠤᠯᠤᠮᠵᠢᠳᠤ ᠴᠢᠨᠠᠷ ᠢ ᠳᠡᠭᠡᠭᠰᠢᠯᠡᠭᠦᠯᠵᠦ᠂ ᠠᠶᠢᠮᠠᠭ᠂ ᠦᠪᠡᠷᠲᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠲᠤ ᠮᠡᠳᠡᠭᠦᠯᠵᠦ ᠬᠢᠨᠠᠨ ᠳᠤᠭᠲᠠᠭᠠᠯᠭᠠᠬᠤ ᠠᠯᠬᠤᠴᠠ ᠪᠠᠨ ᠲᠦᠷᠭᠡᠳᠬᠡᠬᠦ ᠬᠡᠷᠡᠭᠲᠠᠢ ᠭᠡᠵᠡᠢ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号