ᠵᠡᠭᠦᠨ ᠦᠵᠦᠮᠦᠴᠢᠨ ᠬᠤᠰᠢᠭᠤᠨ ᠤ ᠮᠤᠩᠭᠤᠯ ᠦᠨᠳᠦᠰᠦᠲᠡᠨ ᠤ ᠬᠤᠶᠠᠳᠤᠭᠠᠷ ᠪᠠᠭ᠎ᠠ ᠰᠤᠷᠭᠠᠭᠤᠯᠢ ᠶᠢᠨ ︽ᠠᠯᠲᠠᠨ ᠳᠦᠷᠦᠭᠡ︾ ᠨᠠᠶᠢᠷᠠᠯ ᠳᠠᠭᠤᠨ ᠤ ᠠᠩᠭᠢ ᠶᠢᠨ ᠲᠠᠪᠤᠳᠤᠭᠠᠷ ᠤᠳᠠᠭᠠᠨ ᠤ ᠬᠠᠷᠢᠭᠤ ᠮᠡᠳᠡᠭᠦᠯᠦᠯᠲᠡ ᠶᠢᠨ ᠲᠤᠭᠯᠠᠯᠲᠠ ᠶᠠᠪᠤᠭᠳᠠᠭᠰᠠᠨ ᠪᠠᠶᠢᠨ᠎ᠠ
ᠨᠡᠶᠢᠲᠡᠯᠡᠭᠰᠡᠨ ᠴᠠᠭ᠄
2019/12/19
      12 ᠰᠠᠷ᠎ᠠ ᠶᠢᠨ 16 ᠤ ᠡᠳᠦᠷ᠂ ᠵᠡᠭᠦᠨ ᠦᠵᠦᠮᠦᠴᠢᠨ ᠬᠤᠰᠢᠭᠤᠨ ᠤ ᠮᠤᠩᠭᠤᠯ ᠦᠨᠳᠦᠰᠦᠲᠡᠨ ᠤ ᠬᠤᠶᠠᠳᠤᠭᠠᠷ ᠪᠠᠭ᠎ᠠ ᠰᠤᠷᠭᠠᠭᠤᠯᠢ ᠶᠢᠨ ᠬᠡᠤᠬᠡᠳ ᠪᠠᠭᠠᠴᠤᠳ ᠤᠨ ᠢᠶᠠᠨ ᠠᠪᠢᠶᠠᠰ ᠪᠢᠯᠢᠭ ᠢᠶᠠᠷ ᠤᠶᠠᠩᠭᠠᠷᠠᠭᠰᠠᠨ ︽ᠠᠯᠲᠠᠨ ᠳᠦᠷᠦᠭᠡ︾ ᠨᠠᠶᠢᠷᠠᠯ ᠳᠠᠭᠤᠨ ᠤ ᠠᠩᠭᠢ ᠶᠢᠨ ᠲᠠᠪᠤᠳᠤᠭᠠᠷ ᠤᠳᠠᠭᠠᠨ ᠤ ᠬᠠᠷᠢᠭᠤ ᠮᠡᠳᠡᠭᠦᠯᠦᠯᠲᠡ ᠶᠢᠨ ᠲᠤᠭᠯᠠᠯᠲᠠ ᠨᠢ ᠨᠠᠶᠢᠷᠠᠯ ᠬᠦᠭᠵᠢᠮ ︽ᠵᠢᠷᠭᠠᠯᠠᠩᠲᠦ ᠲᠠᠯ᠎ᠠ ᠨᠤᠲᠤᠭ︾ ᠤᠨ ᠳᠤᠮᠳᠠ ᠬᠦᠰᠢᠭᠡ ᠪᠠᠨ ᠰᠡᠬᠦᠵᠦ᠂ ᠤᠳᠬ᠎ᠠ ᠲᠡᠭᠦᠯᠳᠡᠷ  ᠶᠠᠪᠤᠭᠳᠠᠯ᠎ᠠ᠃      ᠵᠡᠭᠦᠨ ᠦᠵᠦᠮᠦᠴᠢᠨ ᠬᠤᠰᠢᠭᠤᠨ ᠤ ᠮᠤᠩᠭᠤᠯ ᠦᠨᠳᠦᠰᠦᠲᠡᠨ ᠤ ᠬᠤᠶᠠᠳᠤᠭᠠᠷ ᠪᠠᠭ᠎ᠠ ᠰᠤᠷᠭᠠᠭᠤᠯᠢ  ᠨᠢ ᠬᠡᠤᠬᠡᠳ ᠪᠠᠭᠠᠴᠤᠳ ᠤᠨ ᠢᠶᠠᠨ ᠭᠤᠸ᠎ᠠ ᠰᠠᠶᠢᠬᠠᠨ ᠤ ᠰᠤᠷᠭᠠᠨ ᠬᠦᠮᠦᠵᠢᠯ ᠢ ᠬᠦᠨᠳᠦᠳᠬᠡᠨ ᠠᠳᠬᠤᠵᠤ᠂ ᠴᠢᠳᠠᠪᠤᠷᠢ ᠪᠠᠨ ᠬᠦᠮᠦᠵᠢᠭᠦᠯᠬᠦ ᠳᠠᠪᠴᠠᠩ ᠬᠠᠩᠭᠠᠨ᠂ ᠳᠠᠭᠤᠣ ᠤᠷᠠᠯᠢᠭ ᠤᠨ ᠤᠷᠮ᠎ᠠ ᠵᠣᠷᠢᠭ ᠢ ᠨᠢ ᠳᠠᠶᠢᠴᠢᠯᠠᠵᠤ᠂ ᠤᠷᠮᠠᠰᠢᠭᠤᠯᠤᠨ ᠵᠤᠷᠢᠭᠵᠢᠭᠤᠯᠬᠤ ᠵᠣᠷᠢᠯᠭ᠎ᠠ ᠪᠠᠷ 2015 ᠣᠨ ᠳᠤ ︽ᠠᠯᠲᠠᠨ ᠳᠦᠷᠦᠭᠡ︾ ᠨᠠᠶᠢᠷᠠᠯ ᠳᠠᠭᠤᠨ ᠤ ᠠᠩᠭᠢ ᠶᠢ ᠡᠭᠦᠰᠬᠡᠨ ᠪᠠᠶᠢᠭᠤᠯᠤᠭᠰᠠᠨ ᠶᠤᠮ᠃      ᠰᠤᠷᠤᠭᠴᠢᠳ ᠲᠠᠭᠠᠨ ᠨᠡᠩ ᠲᠤᠰᠬᠠᠢ ᠮᠡᠷᠭᠡᠵᠢᠯ ᠤᠨ ᠪᠤᠯᠪᠠᠰᠤᠷᠠᠯ ᠬᠦᠷᠲᠡᠭᠡᠬᠦ ᠶᠢᠨ ᠲᠤᠯᠠᠳᠠ᠂ ᠡᠨᠡ ᠵᠢᠯ ᠵᠡᠭᠦᠨ ᠦᠵᠦᠮᠦᠴᠢᠨ ᠬᠤᠰᠢᠭᠤᠨ ᠤ ᠮᠤᠩᠭᠤᠯ ᠦᠨᠳᠦᠰᠦᠲᠡᠨ ᠤ ᠬᠤᠶᠠᠳᠤᠭᠠᠷ ᠪᠠᠭ᠎ᠠ ᠰᠤᠷᠭᠠᠭᠤᠯᠢ ᠨᠢ ᠮᠤᠩᠭᠤᠯ ᠣᠯᠣᠰ ᠤᠨ ᠰᠤᠶᠤᠯ ᠤᠨ ᠲᠡᠷᠢᠭᠦᠨ ᠤ ᠠᠵᠢᠯᠲᠠᠨ᠂ ᠠᠯᠲᠠᠨ ᠭᠠᠳᠠᠰᠤ ᠣᠳᠣᠨᠲᠣ᠂ ︽ᠳᠡᠭᠷᠢ ᠡᠵᠢ ᠮᠢᠨᠢ ᠦᠷᠦᠰᠢᠶᠡ︾᠂ ︽ᠨᠠᠷᠠᠨ ᠮᠠᠨᠳᠤᠬᠤ ᠨᠤᠲᠤᠭ︾᠂ ︽ᠦᠯᠡᠮᠵᠢ ᠶᠢᠨ ᠰᠠᠶᠢᠬᠠᠨ ᠬᠤᠷᠸ᠎ᠠ︾ ᠵᠡᠷᠭᠡ ᠤᠯᠠᠨ ᠰᠠᠶᠢᠬᠠᠨ ᠤᠷᠠᠨ ᠪᠦᠲᠦᠭᠡᠯ ᠲᠠᠢ᠂ ᠬᠥᠭᠵᠢᠮ ᠤᠨ ᠵᠣᠬᠢᠶᠠᠯᠴᠢ ᠱ᠊·ᠪᠠᠲᠤᠰᠠᠶᠢᠬᠠᠨ ᠢ ᠤᠷᠢᠨ ᠬᠤᠶᠠᠷ ᠰᠠᠷ᠎ᠠ ᠶᠢᠨ ᠬᠤᠭᠤᠴᠠᠭ᠎ᠠ ᠲᠠᠢ ᠳᠠᠭᠤᠣ ᠭᠦᠭᠵᠢᠮ ᠤᠨ ᠪᠤᠯᠪᠠᠰᠤᠷᠠᠯ ᠲᠠᠰᠬᠠᠯ ᠬᠢᠯᠭᠡᠵᠡᠢ᠃      ᠬᠤᠶᠠᠷ ᠰᠠᠷ᠎ᠠ ᠶᠢᠨ ᠪᠤᠯᠪᠠᠰᠤᠷᠠᠯ ᠢᠶᠠᠷ ᠳᠠᠮᠵᠢᠨ ᠰᠤᠷᠤᠭᠴᠢᠳ ᠤᠨ ᠮᠡᠷᠭᠡᠵᠢᠯ ᠤᠨ ᠲᠦᠪᠰᠢᠨ ᠢᠯᠡᠳᠲᠡ ᠳᠡᠭᠡᠭᠰᠢᠯᠡᠵᠦ᠂  ᠰᠤᠷᠤᠭᠴᠢᠳ ᠵᠢᠯᠤᠭᠤᠲᠤᠭᠴᠢ ᠪᠠᠭᠰᠢ ᠲᠠᠢ ᠪᠠᠨ ᠬᠠᠮᠲᠦ ᠨᠠᠶᠢᠷᠠᠯ ᠬᠥᠭᠵᠢᠮ ︽ ᠵᠠᠯᠠᠭᠤᠰ ᠤᠨ ᠵᠢᠪᠬᠤᠭ᠎ᠠ︾  ᠂ ︽ᠰᠠᠶᠢᠬᠠᠨ ᠳ᠋ᠠ︾᠂ ︽ ᠡᠭᠦᠯᠡᠨ ᠪᠣᠷᠤ︾᠂  ᠪᠠᠭ᠎ᠠ ᠨᠠᠶᠢᠷᠠᠯ ᠳᠠᠭᠤᠣ ︽ ᠰᠣᠨᠢᠨ ᠵᠢᠭᠠᠯ︾᠂ ︽ᠮᠢᠨᠣ ᠮᠣᠩᠭᠤᠯ ᠰᠤᠷᠭᠠᠭᠤᠯᠢ︾᠂ ︽ ᠬᠡᠤᠬᠡᠳ ᠤᠳ ᠳᠠᠭᠤᠯᠠᠵᠤ ᠪᠠᠶᠢᠨ᠎ᠠ︾᠂ ᠨᠠᠶᠢᠷᠠᠯ ᠳᠠᠭᠤᠣ ︽ᠡᠬᠡ ᠤᠷᠤᠨ︾᠂ ︽ᠡᠬᠡ ᠤᠷᠤᠨ ᠲᠠᠢ ᠪᠠᠨ ᠪᠢ︾ ᠵᠡᠷᠭᠡ ᠭᠤᠴᠤ ᠰᠠᠶᠢᠬᠠᠨ ᠤᠷᠠᠨ ᠪᠦᠲᠦᠭᠡᠯ᠂ ᠣᠶᠠᠩᠭᠠᠯᠢᠭ ᠰᠠᠶᠢᠬᠠᠨ ᠳᠠᠭᠤᠤ ᠬᠦᠭᠵᠢᠮ ᠢ ᠪᠠᠭᠰᠢ᠂ ᠭᠡᠷ ᠤᠨ ᠠᠬᠠᠮᠠᠳ ᠲᠠᠭᠠᠨ ᠡᠷᠭᠦᠨ ᠪᠠᠷᠢᠵᠤ ᠰᠤᠨᠢᠷᠬᠠᠭᠤᠯᠪᠠ᠃      ᠲᠤᠭᠯᠠᠯᠲᠠ ᠨᠢ ᠨᠠᠶᠢᠷᠠᠯ ᠳᠠᠭᠤᠣ ︽ᠳᠤᠮᠳᠠᠳᠤ ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠶᠢᠨ ᠳᠠᠭᠤᠣ︾ ᠶᠢᠨ ᠳᠤᠮᠳᠠ ᠠᠮᠵᠢᠯᠲᠠ ᠲᠠᠢ ᠦᠨᠳᠦᠷᠯᠡᠵᠦ᠂ ᠨᠠᠶᠢᠷᠠᠯ ᠳᠠᠭᠤᠨ ᠤ ᠠᠩᠭᠢ ᠶᠢᠨ ᠬᠤᠶᠠᠷ ᠰᠠᠷ᠎ᠠ ᠶᠢᠨ ᠪᠤᠯᠪᠠᠰᠤᠷᠠᠯ ᠪᠠᠭᠰᠢ᠂ ᠭᠡᠷ ᠤᠨ ᠠᠬᠠᠮᠠᠳ ᠤᠨ ᠬᠠᠷᠠᠭ᠎ᠠ ᠰᠤᠨᠤᠷ ᠢ ᠨᠢ ᠪᠠᠶᠠᠰᠬᠠᠵᠤ᠂ ᠦᠨᠳᠦᠷ ᠦᠨᠡᠯᠡᠯᠲᠡ ᠶᠢ ᠣᠯᠣᠭᠰᠠᠨ ᠪᠠᠶᠢᠨ᠎ᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号