ᠲᠤᠬᠠᠶᠢᠯᠠᠭᠰᠠᠨ ᠠᠵᠢᠯ ᠤᠨ ᠥᠭᠡᠷᠡᠴᠢᠯᠡᠯᠲᠡ ᠬᠢᠭᠰᠡᠨ ᠠᠴᠠ ᠨᠠᠰᠢ᠂ᠵᠡᠭᠦᠨ ᠦᠵᠦᠮᠦᠴᠢᠨ ᠪᠣᠭᠤᠮᠲᠠ | ᠤᠤᠯ ᠤᠨ ᠪᠠᠶᠢᠭᠰᠠᠨ ︽ᠪᠠᠷᠠᠭ᠎ᠠ ᠪᠠᠨ ᠲᠣᠰᠣᠭᠰᠠᠨ ᠤ ᠰᠡᠭᠦᠯᠡᠷ ᠪᠤᠭᠤᠮᠲᠠ ᠳᠤ ᠮᠡᠳᠡᠭᠦᠯᠬᠦ︾ ᠵᠠᠭᠪᠤᠷ ᠢ ︽ | ᠤᠷᠢᠳᠴᠢᠯᠠᠨ ᠡᠷᠡᠮᠡᠯᠵᠡᠯᠡᠨ ᠮᠡᠳᠡᠭᠦᠯᠵᠦ᠂ ᠲᠡᠭᠡᠭᠡᠪᠦᠷᠢᠯᠡᠨ ᠬᠦᠷᠭᠡᠭᠡᠳ ᠰᠢᠯᠭᠠᠨ ᠶᠠᠪᠤᠭᠤᠯᠬᠤ︾ ᠵᠠᠭᠪᠤᠷ ᠪᠣᠯᠭᠠᠨ | ᠥᠭᠡᠷᠡᠴᠢᠯᠡᠪᠡ᠃ ᠥᠭᠡᠷᠡᠴᠢᠯᠡᠯᠲᠡ ᠶᠢᠨ ᠠᠬᠢᠴᠠ ᠶᠢ ᠳᠠᠭᠠᠯᠳᠤᠨ᠂ 2019 ᠣᠨ ᠳᠤ ᠵᠡᠭᠦᠨ ᠦᠵᠦᠮᠦᠴᠢᠨ | ᠪᠣᠭᠤᠮᠲᠠ ᠳᠤ ᠮᠡᠳᠡᠭᠦᠯᠬᠦ ᠬᠠᠭᠤᠳᠠᠰᠤ ᠶᠢᠨ ᠬᠡᠮᠵᠢᠶ᠎ᠡ ᠢᠯᠡᠳᠲᠡ ᠨᠡᠮᠡᠭᠳᠡᠵᠦ᠂ ᠠᠩᠬ᠎ᠠ ᠤᠳᠠᠭ᠎ᠠ ᠲᠦᠮᠡ ᠶᠢ | ᠳᠠᠪᠠᠵᠠᠢ᠃ ᠲᠦᠷᠦᠭᠦᠤ 11 ᠰᠠᠷ᠎ᠠ ᠳᠤ ᠬᠦᠯᠢᠶᠡᠨ ᠠᠪᠴᠤ ᠰᠢᠢᠳᠪᠤᠷᠢᠯᠡᠭᠰᠡᠨ ᠪᠣᠭᠤᠮᠲᠠ ᠳᠤ ᠮᠡᠳᠡᠭᠦᠯᠬᠦ | ᠬᠠᠭᠤᠳᠠᠰᠤ ᠶᠢᠨ ᠬᠡᠮᠵᠢᠶ᠎ᠡ 13091 ᠬᠤᠪᠢ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.2 ᠳᠠᠬᠢᠨ | ᠨᠡᠮᠡᠭᠳᠡᠵᠡᠶ᠂ ᠡᠭᠦᠨ ᠤ ᠳᠣᠲᠣᠷ᠎ᠠ ᠭᠠᠳᠠᠭᠠᠳᠤ ᠠᠴᠠ ᠣᠷᠣᠭᠤᠯᠬᠤ ᠪᠣᠭᠤᠮᠲᠠ ᠳᠤ ᠮᠡᠳᠡᠭᠦᠯᠬᠦ ᠬᠠᠭᠤᠳᠠᠰᠤ 12325 | ᠬᠤᠪᠢ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 1.7 ᠳᠠᠬᠢᠨ ᠨᠡᠮᠡᠭᠳᠡᠵᠡᠶ᠃ | ᠲᠣᠰ ᠪᠣᠭᠤᠮᠲᠠ ᠥᠩᠭᠡᠷᠡᠬᠦ ᠵᠠᠭᠪᠤᠷ ᠢ ᠬᠡᠷᠡᠭᠵᠢᠭᠦᠯᠦᠭᠰᠡᠨ ᠨᠢ ᠠᠵᠤ ᠠᠬᠤᠶᠢᠯᠠᠯ ᠤᠨ ᠪᠣᠭᠤᠮᠲᠠ ᠥᠩᠭᠡᠷᠡᠬᠦ | ᠴᠠᠭ ᠢ ᠶᠡᠭᠡ ᠪᠠᠷ ᠪᠣᠭᠤᠨᠢᠰᠬᠠᠵᠤ᠂ ᠭᠠᠳᠠᠭᠠᠳᠤ ᠠᠴᠠ ᠣᠷᠣᠭᠤᠯᠬᠤ ᠳᠤᠮᠳᠠᠴᠢ ᠪᠣᠭᠤᠮᠲᠠ ᠥᠩᠭᠡᠷᠡᠬᠦ ᠴᠠᠭ ᠢ 1. | 03 ᠴᠠᠭ ᠪᠣᠯᠭᠠᠵᠤ᠂ ᠠᠳᠠᠯᠢ ᠬᠤᠭᠤᠴᠠᠭᠠᠨ ᠤ ᠬᠢ ᠠᠴᠠ 92.9 % ᠪᠣᠭᠤᠨᠢᠰᠬᠠᠪᠠ︔ ᠭᠠᠳᠠᠭᠠᠳᠤ ᠳᠤ | ᠭᠠᠷᠭᠠᠬᠤ ᠪᠣᠭᠤᠮᠲᠠ ᠥᠩᠭᠡᠷᠡᠬᠦ ᠴᠠᠭ 0.88 ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 1.1 % | ᠪᠣᠭᠤᠨᠢᠰᠴᠤ᠂ ᠠᠵᠤ ᠠᠬᠤᠶᠢᠯᠠᠯ ᠤᠨ ᠬᠦᠷᠲᠡᠮᠵᠢ ᠶᠢᠨ ᠲᠥᠷᠥᠭᠳᠡᠯ ᠤᠯᠠᠮ ᠨᠢᠭᠡ ᠠᠯᠬᠤᠮ ᠳᠡᠭᠡᠭᠰᠢᠯᠡᠪᠡ᠃ |