ᠵᠡᠭᠦᠨ ᠬᠠᠲᠠᠪᠴᠢ ᠪᠣᠭᠤᠮᠲᠠ ᠶᠢᠨ H986 ᠮᠠᠰᠢᠨ ᠲᠡᠷᠭᠡ ᠶᠢ ᠰᠢᠯᠭᠠᠨ ᠪᠠᠶᠢᠴᠠᠭᠠᠬᠤ ᠰᠢᠰᠲ᠋ᠧᠮ ᠪᠤᠭᠤᠮᠲᠠ ᠶᠢᠨ ᠶᠡᠷᠦᠩᠬᠡᠢ ᠵᠠᠬᠢᠷᠭ᠎ᠠ ᠶᠢᠨ ᠰᠢᠯᠭᠠᠨ ᠪᠠᠶᠢᠴᠠᠭᠠᠯᠲᠠ ᠶᠢ ᠠᠮᠵᠢᠯᠳᠠᠲᠠᠢ ᠥᠩᠭᠡᠷᠡᠭᠦᠯᠦᠭᠰᠡᠨ ᠪᠠᠶᠢᠨ᠎ᠠ
ᠨᠡᠶᠢᠲᠡᠯᠡᠭᠰᠡᠨ ᠴᠠᠭ᠄
2019/12/30
      12 ᠰᠠᠷ᠎ᠠ ᠶᠢᠨ 19 ᠤ ᠡᠳᠦᠷ᠂ ᠵᠡᠭᠦᠨ ᠬᠠᠲᠠᠪᠴᠢ ᠪᠣᠭᠤᠮᠲᠠ ᠶᠢᠨ H986 ᠮᠠᠰᠢᠨ ᠲᠡᠷᠭᠡ ᠶᠢ ᠰᠢᠯᠭᠠᠨ ᠪᠠᠶᠢᠴᠠᠭᠠᠬᠤ ᠰᠢᠰᠲ᠋ᠧᠮ  ᠪᠣᠭᠤᠮᠲᠠ ᠶᠢᠨ ᠶᠡᠷᠦᠩᠬᠡᠢ ᠵᠠᠬᠢᠷᠭ᠎ᠠ ᠶᠢᠨ ᠰᠢᠯᠭᠠᠨ ᠪᠠᠶᠢᠴᠠᠭᠠᠯᠲᠠ ᠶᠢ ᠠᠮᠵᠢᠯᠲᠠ  ᠲᠠᠢ ᠥᠩᠭᠡᠷᠡᠭᠡᠵᠦ᠂ ᠵᠢᠩᠬᠢᠨᠢ ᠪᠠᠷ ᠠᠵᠢᠯᠯᠠᠵᠤ ᠡᠬᠢᠯᠡᠭᠰᠡᠨ ᠪᠠᠶᠢᠨ᠎ᠠ᠃ ᠲᠣᠰ ᠲᠥᠬᠦᠭᠡᠷᠦᠮᠵᠢ ᠨᠢ ᠰᠢᠨ᠎ᠡ ᠬᠡᠯᠪᠡᠷᠢ ᠶᠢᠨ ᠳᠠᠮᠵᠢᠭᠤᠯᠬᠤ ᠲᠣᠨᠣᠭᠯᠠᠯ ᠢ ᠬᠡᠷᠡᠭᠯᠡᠨ ᠮᠠᠰᠢᠨ ᠲᠡᠷᠭᠡ ᠶᠢ ᠰᠢᠷᠪᠢᠯᠲᠡ ᠶᠢᠨ  ᠵᠠᠮ ᠢᠶᠠᠷ ᠥᠩᠭᠡᠷᠡᠭᠦᠯᠦᠨ ᠪᠥᠬᠦ ᠲᠠᠯ᠎ᠠ ᠪᠠᠷ ᠰᠢᠯᠭᠠᠨ ᠪᠠᠶᠢᠴᠠᠭᠠᠵᠤ ᠂ ᠨᠡᠪᠲᠡᠯᠬᠦ ᠴᠢᠨᠠᠷ ᠢᠶᠠᠷ ᠴᠢᠩᠭ᠎ᠠ᠂ ᠬᠠᠶᠢᠨ ᠬᠡᠮᠵᠢᠬᠦ ᠭᠢᠷᠠᠬᠠᠶ ᠬᠡᠮᠵᠢᠶ᠎ᠡ ᠥᠨᠳᠥᠷ᠂ ᠵᠢᠷᠤᠭ ᠳᠦᠷᠰᠦ ᠶᠢᠨ ᠶᠠᠰᠤ ᠴᠢᠨᠠᠷ ᠰᠢᠯᠢᠳᠡᠭ ᠵᠡᠷᠭᠡ ᠣᠨᠴᠠᠯᠢᠭ ᠲᠠᠢ ᠪᠠᠶᠢᠵᠤ᠂ ᠪᠣᠭᠤᠮᠲᠠ ᠶᠢᠨ ᠰᠢᠯᠭᠠᠨ ᠪᠠᠶᠢᠴᠠᠭᠠᠬᠤ ᠠᠵᠢᠯ ᠳᠤ ᠴᠢᠬᠤᠯᠠ ᠦᠢᠯᠡᠳᠦᠯ ᠦᠵᠡᠭᠦᠯᠪᠡ᠃ ᠲᠣᠰ ᠰᠢᠰᠲ᠋ᠧᠮ ᠤᠨ ᠵᠢᠩᠬᠢᠨᠢ ᠪᠠᠷ ᠠᠵᠢᠯᠯᠠᠵᠤ ᠡᠬᠢᠯᠡᠭᠰᠡᠨ ᠨᠢ ᠨᠢᠭᠤᠴᠠ ᠪᠠᠷ ᠠᠷᠠᠯᠵᠢᠶᠠᠯᠠᠬᠤ ᠬᠠᠤᠯᠢ ᠪᠤᠰᠤ ᠠᠵᠢᠯᠯᠠᠭ᠎ᠠ ᠳᠤ ᠴᠣᠬᠢᠯᠲᠠ ᠥᠭᠴᠦ ᠰᠦᠷᠳᠡᠭᠦᠯᠦᠯ ᠪᠣᠯᠵᠤ ᠴᠢᠳᠠᠬᠤ ᠪᠠᠷ ᠪᠠᠷᠠᠬᠤ ᠦᠭᠡᠢ ᠨᠠᠩ ᠴᠤ ᠪᠣᠭᠤᠮᠲᠠ ᠥᠩᠭᠡᠷᠡᠬᠦ ᠬᠤᠷᠳᠤᠴᠠ ᠶᠢ ᠲᠦᠷᠭᠡᠳᠬᠡᠵᠦ᠂   ᠪᠠᠶᠢᠴᠠᠭᠠᠨ ᠢᠯᠡᠷᠡᠭᠦᠯᠬᠦ ᠨᠣᠷᠮ᠎ᠠ ᠶᠢ ᠳᠡᠭᠡᠭᠰᠢᠯᠡᠭᠦᠯᠵᠦ᠂ ᠵᠡᠭᠦᠨ ᠦᠵᠦᠮᠦᠴᠢᠨ ᠬᠤᠰᠢᠭᠤᠨ ᠤ ᠪᠣᠭᠤᠮᠲᠠ  ᠶᠢᠨ ᠴᠢᠩᠭ᠎ᠠ ᠬᠢᠨᠠᠨ ᠬᠠᠮᠢᠶᠠᠷᠤᠯᠲᠠ ᠶᠢ ᠪᠡᠶᠡᠯᠡᠭᠦᠯᠦᠨ᠂ ᠥᠨᠳᠥᠷ ᠪᠦᠲᠦᠮᠵᠢᠲᠡᠶ ᠪᠠᠷ ᠪᠣᠭᠤᠮᠲᠠ ᠥᠩᠭᠡᠷᠡᠭᠦᠯᠬᠦ ᠶᠢ ᠦᠨᠡᠨ ᠬᠦ ᠪᠡᠶᠡᠯᠡᠭᠦᠯᠵᠡᠶ᠃      H986 ᠮᠠᠰᠢᠨ ᠲᠡᠷᠭᠡ ᠶᠢ ᠰᠢᠯᠭᠠᠨ ᠪᠠᠶᠢᠴᠠᠭᠠᠬᠤ ᠰᠢᠰᠲ᠋ᠧᠮ ᠢ ᠤᠭᠰᠠᠷᠠᠵᠤ ᠲᠤᠷᠰᠢᠨ ᠠᠵᠢᠯᠯᠠᠭᠤᠯᠤᠭᠠᠳ ᠨᠢᠭᠡᠯᠬᠡᠨ ᠡᠳᠦᠷ ᠪᠤᠯᠤᠮᠠᠭᠴᠠ ᠲᠣᠰ ᠰᠢᠰᠲ᠋ᠧᠮ ᠢ ᠠᠰᠢᠭᠯᠠᠵᠤ ᠬᠠᠶᠠᠭᠳᠠᠮᠠᠯ ᠵᠡᠰ᠂  ᠰᠦᠨ ᠲᠠᠯᠬ᠎ᠠ ᠵᠡᠷᠭᠡ 4 ᠤᠳᠠᠭᠠᠨ ᠤ ᠡᠳ᠋ ᠪᠣᠳᠠᠰ  ᠢ ᠨᠢᠭᠤᠴᠠ ᠪᠠᠷ ᠠᠷᠠᠯᠵᠢᠶᠠᠯᠠᠭᠰᠠᠨ ᠬᠠᠤᠯᠢ ᠪᠤᠰᠤ ᠠᠵᠢᠯᠯᠠᠭ᠎ᠠ ᠶᠢ ᠢᠯᠡᠷᠡᠭᠦᠯᠵᠦ᠂ ᠪᠣᠭᠤᠮᠲᠠ ᠪᠠᠷ ᠣᠷᠤᠭᠤᠯᠵᠤ ᠭᠠᠷᠭᠠᠬᠤ ᠠᠷᠠᠯᠵᠢᠶᠠᠨ ᠤ ᠡᠮᠬᠢ ᠵᠢᠷᠤᠮ ᠢ ᠪᠦᠲᠦᠮᠵᠢᠲᠡᠶ ᠬᠠᠮᠠᠭᠠᠯᠠᠭᠰᠠᠨ  ᠪᠠᠶᠢᠨ᠎ᠠ᠃ ᠡᠨᠡᠬᠦ ᠲᠣᠨᠤᠭ ᠲᠥᠬᠦᠭᠡᠷᠦᠮᠵᠢ ᠨᠢ  ᠪᠣᠭᠤᠮᠲᠠ ᠶᠢᠨ ᠬᠢᠨᠠᠨ ᠬᠠᠮᠢᠶᠠᠷᠬᠤ ᠶᠢ ᠴᠢᠩᠭᠠᠳᠬᠠᠬᠤ᠂ ᠡᠳ᠋ ᠪᠠᠷᠠᠭ᠎ᠠ ᠶᠢᠨ  ᠭᠦᠢᠯᠭᠡᠭᠡ ᠶᠢ ᠵᠢᠷᠤᠮᠵᠢᠭᠤᠯᠬᠤ᠂ ᠪᠣᠭᠤᠮᠲᠠ ᠥᠩᠭᠡᠷᠡᠬᠦ ᠬᠤᠷᠳᠤᠴᠠ ᠶᠢ ᠲᠦᠷᠭᠡᠳᠬᠡᠬᠦ ᠵᠡᠷᠭᠡ ᠲᠠᠯ᠎ᠠ ᠪᠠᠷ ᠢᠯᠡᠷᠬᠡᠶ ᠦᠢᠯᠡᠳᠦᠯ ᠦᠵᠡᠭᠦᠯᠵᠦ᠂ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠳᠤ ᠬᠤᠪᠢ ᠨᠡᠮᠡᠷᠢ ᠦᠵᠡᠭᠦᠯᠪᠡ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号