︽ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ︾  ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠢᠨ ᠨᠡᠶᠢᠬᠡᠮ ᠲᠤᠭᠤᠷᠢᠭ ᠲᠤ ᠭᠦᠨᠵᠡᠭᠡᠶᠢᠷᠡᠨ ᠤᠬᠠᠭᠤᠯᠤᠨ ᠲᠠᠶᠢᠯᠪᠦᠷᠢᠯᠠᠭᠰᠠᠨ ᠪᠠᠶᠢᠨ᠎ᠠ
ᠨᠡᠶᠢᠲᠡᠯᠡᠭᠰᠡᠨ ᠴᠠᠭ᠄
2019/12/30
     12 ᠰᠠᠷ᠎ᠠ ᠶᠢᠨ 23 ᠤ ᠡᠳᠦᠷ᠂ ︽ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ︾  ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠢᠨ ᠤᠯᠢᠶᠠᠰᠤᠲᠠᠢ ᠪᠠᠯᠭᠠᠰᠤ ᠶᠢᠨ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠤᠬᠠᠭᠤᠯᠤᠨ ᠲᠠᠶᠢᠯᠪᠤᠷᠢᠯᠠᠯᠲᠠ ᠬᠢᠵᠦ᠂ ᠡᠯ᠎ᠡ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠪᠦᠷᠢᠯᠳᠦᠬᠦᠨ᠂ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ᠂ ᠰᠠᠭᠤᠭᠠᠯᠢ ᠠᠷᠠᠳ ᠤᠨ ᠲᠥᠯᠥᠭᠡᠯᠡᠭᠴᠢ᠂ ᠬᠡᠰᠡᠭ ᠨᠠᠮ ᠤᠨ ᠬᠤᠷᠢᠶᠠᠨ ᠤ ᠨᠠᠮ ᠤᠨ ᠡᠭᠦᠷ ᠤᠨ ᠱᠦᠵᠢ ᠬᠤᠷᠠᠯ ᠳᠤ ᠤᠷᠤᠯᠴᠠᠵᠠᠢ᠃      ᠬᠤᠷᠠᠯ ᠳᠡᠭᠡᠷ᠎ᠡ᠂ ᠬᠤᠰᠢᠭᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠡᠰᠢᠭᠦᠨ᠂ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠲᠡᠳ᠋ ᠫᠷᠦᠫᠧᠰᠰᠤᠷ ᠸᠧᠶ ᠹᠧᠩ ᠼᠠᠢ ︽ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠤᠶ᠎ᠠ︾ ᠭᠡᠰᠡᠨ  ᠭᠤᠤᠯ ᠰᠡᠳᠦᠪ ᠢᠶᠠᠷ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠳᠥᠷᠪᠡᠳᠦᠭᠡᠷ ᠪᠥᠬᠦᠳᠡ ᠬᠤᠷᠠᠯ ᠢ ᠬᠤᠷᠠᠯᠳᠤᠭᠤᠯᠬᠤ ᠴᠢᠬᠤᠯᠠ ᠶᠡᠭᠡ ᠲᠡᠤᠬᠡᠲᠦ ᠠᠴᠢ ᠬᠤᠯᠪᠣᠭᠳᠠᠯ᠂ ᠠᠷᠪᠠ ᠶᠢᠰᠦᠳᠦᠭᠡᠷ ᠬᠤᠭᠤᠴᠠᠭᠠᠨ ᠤ ᠳᠥᠷᠪᠡᠳᠦᠭᠡᠷ ᠪᠥᠬᠦᠳᠡ ᠬᠤᠷᠠᠯ ᠤᠨ ᠰᠢᠨ᠎ᠡ ᠪᠠᠶᠢᠷᠢᠯᠠᠭᠤᠯᠤᠯᠲᠠ ᠪᠠ ᠲᠣᠬᠢᠷᠠᠭᠤᠯᠤᠯᠲᠠ ᠂ ᠮᠠᠨ ᠤ ᠤᠯᠤᠰ ᠤᠨ ᠲᠥᠷᠦ ᠶᠢᠨ ᠪᠠᠶᠢᠭᠤᠯᠤᠯ ᠪᠠ ᠤᠯᠤᠰ ᠤᠨ ᠵᠠᠰᠠᠯᠲᠠ ᠶᠢᠨ ᠰᠢᠰᠲ᠋ᠧᠮ ᠤᠨ ᠠᠷᠪᠠᠨ ᠭᠤᠷᠪᠠᠨ ᠢᠯᠡᠳᠲᠡ ᠳᠠᠪᠠᠭᠤᠯᠢᠭ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂  ᠤᠯᠤᠰ ᠤᠨ ᠵᠠᠰᠠᠯᠲᠠ ᠶᠢᠨ ᠰᠢᠰᠲ᠋ᠧᠮ ᠪᠠ  ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠶᠡᠷᠦᠩᠬᠡᠶ ᠱᠠᠭᠠᠷᠳᠠᠯᠭ᠎ᠠ᠂ ᠶᠡᠷᠦᠩᠬᠡᠶ ᠬᠠᠷᠠᠯᠲᠠ᠂ ᠭᠤᠤᠯᠳᠠᠯᠭ᠎ᠠ ᠲᠠᠢ ᠡᠭᠦᠷᠭᠡ ᠵᠢᠴᠢ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠪᠥᠬᠦᠳᠡ ᠬᠤᠷᠠᠯ ᠠᠴᠠ ᠲᠣᠭᠲᠠᠭᠠᠭᠰᠠᠨ ᠡᠯ᠎ᠡ  ᠲᠦᠷᠦᠯ ᠤᠨ ᠬᠠᠷᠠᠯᠲᠠ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠵᠡᠷᠭᠡ ᠠᠭᠤᠯᠭ᠎ᠠ ᠶᠢᠨ ᠲᠤᠭᠤᠷᠢᠨ ᠳᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ ᠭᠦᠨᠵᠡᠭᠡᠶ ᠲᠠᠶᠢᠯᠪᠤᠷᠢᠯᠠᠯᠲᠠ ᠬᠢᠵᠡᠢ᠃  
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号