ᠲᠤᠮᠳᠠᠳᠤ ᠮᠤᠩᠭᠤᠯ ᠤᠨ ᠲᠤᠰᠤᠨ ᠪᠤᠳᠤᠭ ᠤᠨ ᠵᠢᠷᠤᠭ ᠤᠨ ᠦᠵᠡᠰᠭᠦᠯᠡᠩ ᠶᠠᠪᠤᠭᠳᠠᠭᠰᠠᠨ ᠪᠠᠶᠢᠨ᠎ᠠ
ᠨᠡᠶᠢᠲᠡᠯᠡᠭᠰᠡᠨ ᠴᠠᠭ᠄
2019/8/20
      ᠲᠤᠮᠳᠠᠳᠤ ᠮᠤᠩᠭᠤᠯ ᠤᠨ ᠭᠠᠳᠠᠭᠠᠲᠤ ᠬᠠᠷᠢᠯᠴᠠᠭ᠎ᠠ ᠪᠠᠶᠢᠭᠤᠯᠤᠭᠰᠠᠨ 70 ᠵᠢᠯ   ᠤᠨ ᠤᠢ ᠶᠢ ᠪᠠᠶᠠᠷᠯᠠᠨ ᠪᠡᠯᠭᠡᠯᠡᠬᠦ ︿︿ᠠᠯᠲᠠᠨ ᠨᠠᠮᠤᠷ ᠤᠨ ᠦᠵᠦᠮᠦᠴᠢᠨ﹀﹀ ᠲᠤᠮᠳᠠᠳᠤ ᠮᠤᠩᠭᠤᠯ ᠤᠨ ᠲᠤᠰᠤᠨ ᠪᠤᠳᠤᠭ ᠤᠨ ᠵᠢᠷᠤᠭ ᠤᠨ ᠦᠵᠡᠰᠭᠦᠯᠡᠩ 8 ᠰᠠᠷ᠎ᠠ ᠶᠢᠨ13 ᠠᠴᠠ 8 ᠰᠠᠷᠠᠶᠢᠨ19 ᠪᠤᠯᠲᠠᠯ᠎ᠠ ᠦᠵᠦᠮᠦᠴᠢᠨ ᠮᠦᠽᠸᠢ ᠳᠤ ᠳᠡᠯᠭᠡᠭᠳᠡᠵᠡᠢ᠃      ᠡᠨᠡᠬᠦ ᠦᠵᠡᠰᠭᠦᠯᠡᠩ ᠳᠤ ᠮᠤᠩᠭᠤᠯ ᠤᠯᠤᠰ ᠤᠨ ᠰᠤᠶᠤᠯ ᠤᠨ ᠲᠡᠷᠢᠭᠦᠨ ᠤ ᠠᠵᠢᠯᠲᠠᠨ ᠶᠤ᠂ ᠪᠠᠳᠠᠷᠴᠢ ᠪᠠᠷ ᠲᠦᠯᠦᠭᠡᠯᠡᠭᠦᠯᠦᠭᠰᠡᠨ ᠳᠤᠯᠤᠭᠠᠨ ᠵᠢᠷᠤᠭᠠᠴᠢ ᠶᠢᠨ ᠲᠠᠪᠢ ᠭᠠᠷᠤᠢ ᠪᠦᠲᠦᠭᠡᠯ᠂ ᠰᠢᠯᠢ ᠶᠢᠨ ᠭᠤᠤᠯ ᠠᠶᠢᠮᠠᠭ ᠤᠨ ᠠᠪᠠᠭ᠎ᠠ ᠬᠤᠰᠢᠭᠤᠨ ᠤ ᠵᠢᠷᠤᠭᠠᠴᠢ ᠮᠧᠳᠡᠭ ᠤᠨ 20 ᠪᠦᠲᠦᠭᠡᠯ  ᠂ ᠵᠡᠭᠦᠨ ᠦᠵᠦᠮᠦᠴᠢᠨ ᠬᠤᠰᠢᠭᠤᠨ ᠤ ᠪᠤᠶᠠᠨᠳᠡᠯᠭᠡᠷ᠂ ᠴᠠᠭᠠᠨᠰᠤᠪᠤᠳ᠂ ᠲᠡᠭᠵᠢᠷᠡᠭᠦ᠂ ᠣᠳᠬᠤᠨᠪᠠᠶᠠᠷ᠂ ᠡᠷᠳᠡᠨᠢᠮᠦ᠋ᠩᠬᠡ ᠵᠡᠷᠭᠡ ᠵᠠᠯᠠᠭᠤ ᠵᠢᠷᠤᠭᠠᠴᠢᠳ ᠤᠨ ᠭᠤᠴᠢ  ᠭᠠᠷᠤᠢ ᠪᠦᠲᠦᠭᠡᠯ ᠳᠡᠯᠭᠡᠭᠳᠡᠭᠰᠡᠨ ᠪᠠᠶᠢᠨ᠎ᠠ᠃      ᠳᠡᠯᠭᠡᠭᠳᠡᠭᠰᠡᠨ ᠪᠦᠲᠦᠭᠡᠯ ᠤᠳ ᠲᠤ ᠨᠡᠭᠦᠳᠡᠯ ᠠᠬᠤᠢ᠂ ᠠᠭᠤᠯᠠ ᠤᠰᠤ᠂ ᠠᠮᠢᠲᠠᠨ ᠪᠠᠶᠢᠭᠠᠯᠢ  ᠶᠢᠨ  ᠵᠢᠷᠤᠭ ᠠᠴᠠ ᠭᠠᠳᠠᠨ᠎ᠠ ᠲᠡᠦᠬᠡᠨ ᠬᠦᠮᠦᠨ ᠤ ᠬᠦᠷᠦᠭ ᠵᠢᠷᠤᠭ ᠨᠢ ᠦᠵᠡᠰᠭᠦᠯᠡᠩ ᠤᠨ ᠴᠠᠷ ᠬᠦᠷᠢᠶ᠎ᠡ ᠶᠢ ᠲᠡᠯᠡᠵᠦ ᠤᠨᠴᠠᠯᠢᠭᠳᠠᠵᠠᠢ᠃                
 
ᠢᠷᠡᠯᠲᠡ᠄ ᠵᠡᠭᠦᠨ ᠦᠵᠦᠮᠦᠴᠢᠨ ᠤ ᠷᠠᠳᠢᠤ᠋ ᠲᠧᠯᠸᠢᠰ ᠬᠤᠷᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号