ᠪᠦᠬᠦ ᠨᠡᠶᠢᠭᠡᠮ ᠢᠶᠠᠷ ᠢᠶᠠᠨ ᠪᠠᠭᠰᠢ ᠶᠢ ᠬᠦᠨᠳᠦᠯᠡᠵᠦ᠂ ᠰᠤᠷᠭᠠᠨ ᠬᠥᠮᠦᠵᠢᠯ ᠢ ᠴᠢᠬᠤᠯᠠᠴᠢᠯᠠᠭᠰᠠᠨ ᠠᠭᠤᠷ | ᠠᠮᠢᠰᠬᠤᠯ ᠢ ᠪᠣᠶ ᠪᠣᠯᠭᠠᠵᠤ᠂ ᠥᠷᠭᠡᠨ ᠣᠯᠠᠨ ᠰᠤᠷᠭᠠᠨ ᠬᠥᠮᠦᠵᠢᠯ ᠤᠨ ᠠᠵᠢᠯᠲᠠᠨ ᠤ ᠠᠵᠢᠯ ᠤᠨ | ᠬᠠᠷᠢᠭᠤᠴᠠᠯᠭᠠᠲᠤ ᠰᠡᠳᠬᠢᠯᠭᠡ ᠪᠣᠯᠤᠨ ᠬᠠᠷᠢᠭᠤᠴᠠᠯᠭ᠎ᠠ ᠪᠠᠨ ᠴᠢᠨᠠᠭᠰᠢᠳᠠ ᠴᠢᠩᠭᠠᠳᠬᠠᠬᠤ ᠶᠢ ᠵᠣᠷᠢᠭᠵᠢᠭᠤᠯᠬᠤ ᠶᠢᠨ | ᠲᠥᠯᠥᠭᠡ᠂ 9 ᠰᠠᠷ᠎ᠠ ᠶᠢᠨ 9 ᠤ ᠡᠳᠦᠷ᠂ ᠮᠠᠨ ᠤ ᠬᠤᠰᠢᠭᠤ ᠭᠤᠴᠢᠨ ᠲᠠᠪᠤᠳᠡᠬᠢ ᠪᠠᠭᠰᠢ ᠶᠢᠨ ᠪᠠᠶᠠᠷ ᠢ ᠪᠡᠯᠭᠡᠯᠡᠬᠦ | ᠵᠢᠴᠢ ᠲᠡᠷᠢᠭᠦᠨ ᠤ ᠬᠠᠮᠲᠤ ᠨᠢᠭᠡᠴᠡ᠂ ᠲᠡᠷᠢᠭᠦᠨ ᠤ ᠬᠤᠪᠢ ᠬᠥᠮᠦᠨ ᠢ ᠰᠠᠶᠢᠰᠢᠶᠠᠨ ᠬᠥᠬᠢᠭᠦᠯᠬᠦ ᠶᠡᠭᠡ ᠬᠤᠷᠠᠯ | ᠬᠤᠷᠠᠯᠳᠤᠭᠤᠯᠪᠠ᠃ | ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠬᠢᠩᠭᠠᠨ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠲᠤ᠋ ᠪᠠᠭᠠᠲᠤᠷ᠂ ᠤᠯᠤᠰ | ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠰᠤᠮᠢᠶ᠎ᠠ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠶᠠᠩ ᠸᠧᠨ | ᠫᠦ᠋ ᠬᠤᠷᠠᠯ ᠳᠤ ᠣᠷᠣᠯᠴᠠᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ | ᠤᠨ ᠳᠠᠷᠤᠭ᠎ᠠ᠂ ᠳᠡᠳ᠋ ᠬᠤᠰᠢᠭᠤ ᠳᠠᠷᠤᠭ᠎ᠠ ᠰᠠᠷᠠᠭᠤᠯᠲᠤᠶᠠᠭ᠎ᠠ ᠬᠤᠷᠠᠯ ᠢ ᠡᠷᠭᠢᠯᠡᠪᠡ᠃ | ᠬᠤᠰᠢᠭᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ | ᠰᠤᠷᠭᠠᠭᠤᠯᠢ᠂ ᠬᠡᠦᠬᠡᠳ ᠤᠨ ᠴᠡᠴᠡᠷᠯᠢᠭ ᠵᠢᠴᠢ ᠬᠠᠷᠢᠶ᠎ᠠ ᠨᠢᠭᠡᠴᠡ ᠶᠢᠨ ᠭᠤᠤᠯ ᠬᠠᠷᠢᠭᠤᠴᠠᠯᠭᠠᠲᠠᠨ᠂ ᠬᠥᠬᠢᠭᠦᠯᠦᠯ | ᠬᠦᠷᠲᠡᠭᠰᠡᠨ ᠰᠢᠯᠢᠳᠡᠭ ᠬᠤᠪᠢ ᠬᠥᠮᠦᠨ ᠵᠢᠴᠢ ᠬᠡᠰᠡᠭ ᠪᠠᠭᠰᠢ ᠨᠠᠷ ᠬᠤᠷᠠᠯ ᠳᠤ ᠣᠷᠣᠯᠴᠠᠵᠠᠶ᠃ | ᠶᠠᠩ ᠸᠧᠨ ᠫᠦ᠋ ᠬᠤᠷᠠᠯ ᠳᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠵᠡᠭᠦᠨ ᠦᠵᠦᠮᠦᠴᠢᠨ | ᠬᠤᠰᠢᠭᠤᠨ ᠤ ᠬᠤᠷᠢᠶ᠎ᠠ᠂ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2019 | ᠣᠨ ᠤ ᠪᠦᠬᠦ ᠬᠤᠰᠢᠭᠤᠨ ᠤ ᠰᠤᠷᠭᠠᠨ ᠬᠥᠮᠦᠵᠢᠯ ᠤᠨ ᠠᠵᠢᠯ ᠤᠨ ᠲᠡᠷᠢᠭᠦᠨ ᠤ ᠬᠠᠮᠲᠤ ᠨᠡᠶᠢᠲᠡ᠂ ᠲᠡᠷᠢᠭᠦᠨ ᠤ | ᠬᠤᠪᠢ ᠬᠥᠮᠦᠨ ᠢ ᠰᠠᠶᠢᠰᠢᠶᠠᠨ ᠬᠥᠬᠢᠭᠦᠯᠬᠦ ᠲᠤᠬᠠᠢ ᠲᠣᠭᠲᠠᠭᠠᠯ︾ ᠢ ᠤᠩᠰᠢᠨ ᠨᠡᠶᠢᠲᠡᠯᠡᠵᠦ᠂ ᠬᠤᠷᠠᠯ ᠠᠴᠠ ᠮᠠᠨ | ᠤ ᠬᠤᠰᠢᠭᠤᠨ ᠤ 11 ᠲᠡᠷᠢᠭᠦᠨ ᠤ ᠬᠠᠮᠲᠤ ᠨᠢᠭᠡᠴᠡ ᠪᠠ 112 ᠰᠢᠯᠢᠳᠡᠭ ᠪᠠᠭᠰᠢ᠂ ᠠᠩᠭᠢ ᠶᠢᠨ ᠡᠷᠬᠢᠯᠡᠭᠴᠢ᠂ | ᠶᠣᠰᠣ ᠰᠤᠷᠲᠠᠬᠤᠨ ᠤ ᠬᠥᠮᠦᠵᠢᠯ ᠤᠨ ᠠᠵᠢᠯᠲᠠᠨ᠂ ᠰᠤᠷᠭᠠᠨ ᠬᠥᠮᠦᠵᠢᠯ ᠤᠨ ᠠᠵᠢᠯᠲᠠᠨ ᠤ ᠲᠥᠯᠥᠭᠡᠯᠡᠭᠴᠢ ᠶᠢ | ᠰᠠᠶᠢᠰᠢᠶᠠᠨ ᠬᠥᠬᠢᠭᠦᠯᠪᠡ᠃ | ᠬᠤᠷᠠᠯ ᠳᠤ᠂ ᠰᠤᠷᠭᠠᠨ ᠬᠥᠮᠦᠵᠢᠯ ᠤᠨ ᠠᠵᠢᠯ ᠤᠨ ᠰᠢᠯᠢᠳᠡᠭ ᠬᠤᠪᠢ ᠬᠥᠮᠦᠨ ᠤ ᠲᠥᠯᠥᠭᠡᠯᠡᠭᠴᠢ | ᠰᠡᠴᠡᠨᠲᠤᠶᠠᠭ᠎ᠠ᠂ ᠵᠤᠤ ᠯᠢ ᠬᠤᠸᠠ ᠣᠪᠣᠷ ᠢᠶᠠᠨ ᠢᠯᠡᠳᠬᠡᠨ ᠶᠠᠷᠢᠶ᠎ᠠ ᠲᠠᠯᠪᠢᠵᠠᠢ᠃ | ᠬᠢᠩᠭᠠᠨ᠂ ᠬᠤᠰᠢᠭᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ | ᠣᠷᠳᠣᠨ᠂ ᠤᠯᠤᠰ ᠲᠥᠷᠦ ᠶᠢᠨ ᠵᠥᠪᠯᠡᠯᠭᠡᠨ ᠢ ᠲᠥᠯᠥᠭᠡᠯᠡᠵᠦ᠂ ᠥᠷᠭᠡᠨ ᠣᠯᠠᠨ ᠪᠠᠭᠰᠢ᠂ ᠰᠤᠷᠭᠠᠨ ᠬᠥᠮᠦᠵᠢᠯ | ᠤᠨ ᠠᠵᠢᠯᠲᠠᠨ ᠪᠠ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠠᠬᠠᠮᠠᠳ ᠪᠠᠭᠰᠢ ᠨᠠᠷ ᠲᠤ | ᠪᠠᠶᠠᠷ ᠤᠨ ᠡᠳᠦᠷ ᠤᠨ ᠮᠡᠨᠳᠦᠴᠢᠯᠡᠯ ᠪᠠ ᠰᠠᠶᠢᠨ ᠰᠠᠶᠢᠬᠠᠨ ᠵᠥᠩᠨᠡᠯ ᠳᠡᠪᠰᠢᠭᠦᠯᠵᠡᠶ᠃ ᠡᠭᠦᠨ ᠤ ᠬᠠᠮᠲᠤ᠂ ᠮᠠᠨ ᠤ | ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠳᠤ ᠳᠥᠭᠦᠮ ᠳ᠋ᠦᠩᠨᠡᠯᠲᠡ ᠬᠢᠵᠡᠶ᠃ | ᠲᠡᠷᠡ ᠵᠢᠭᠠᠬᠤ ᠳᠠᠭᠠᠨ᠂ ᠣᠶᠢᠷ᠎ᠠ ᠶᠢᠨ ᠵᠢᠯ ᠳᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ | ᠰᠤᠷᠭᠠᠨ ᠬᠥᠮᠦᠵᠢᠯ ᠤᠨ ᠦᠶᠯᠡᠰ ᠢ ᠬᠠᠮᠤᠭ ᠤᠨ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠭᠠᠨ | ᠠᠳᠬᠤᠬᠤ ᠶᠢ ᠢᠮᠠᠭᠲᠠ ᠪᠠᠷᠢᠮᠲᠠᠯᠠᠵᠤ᠂ ᠨᠠᠮ ᠪᠠ ᠤᠯᠤᠰ ᠤᠨ ᠰᠤᠷᠭᠠᠨ ᠬᠥᠮᠦᠵᠢᠯ ᠤᠨ ᠴᠢᠭᠯᠡᠯᠲᠡ ᠲᠥᠷᠦ ᠶᠢᠨ | ᠪᠣᠳᠣᠯᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠦᠷᠢᠵᠢᠭᠤᠯᠵᠤ᠂ ᠰᠤᠷᠭᠠᠨ ᠬᠥᠮᠦᠵᠢᠯ ᠢ ᠡᠩ ᠲᠡᠷᠢᠭᠦᠨ | ᠳᠤ ᠬᠥᠭᠵᠢᠭᠦᠯᠬᠦ ᠣᠶᠢᠯᠠᠭᠠᠭᠳᠠᠬᠤᠨ ᠢ ᠪᠠᠷᠢᠮᠲᠠᠯᠠᠨ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ | ᠴᠢᠨᠠᠷ ᠢ ᠳᠡᠭᠡᠭᠰᠢᠯᠡᠭᠦᠯᠬᠦ ᠪᠠᠷ ᠭᠤᠤᠯᠳᠠᠯᠭ᠎ᠠ ᠪᠣᠯᠭᠠᠵᠤ᠂ ᠰᠤᠷᠭᠠᠨ ᠬᠥᠮᠦᠵᠢᠯ ᠤᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠰᠤᠷᠭᠠᠭᠤᠯᠢ ᠡᠷᠬᠢᠯᠡᠬᠦ ᠨᠥᠬᠦᠴᠡᠯ ᠢ ᠬᠦᠴᠦᠯᠡᠨ | ᠰᠠᠶᠢᠵᠢᠷᠠᠭᠤᠯᠵᠤ᠂ ᠪᠠᠭᠰᠢ ᠶᠢ ᠬᠦᠨᠳᠦᠳᠬᠡᠨ ᠰᠤᠷᠭᠠᠨ ᠬᠥᠮᠦᠵᠢᠯ ᠢ ᠴᠢᠬᠤᠯᠠᠴᠢᠯᠠᠬᠤ ᠨᠡᠶᠢᠭᠡᠮ ᠤᠨ ᠠᠭᠤᠷ | ᠠᠮᠢᠰᠬᠤᠯ ᠢ ᠴᠢᠷᠮᠠᠶᠢᠨ ᠪᠣᠶ ᠪᠣᠯᠭᠠᠵᠤ᠂ ᠪᠦᠬᠦ ᠬᠤᠰᠢᠭᠤᠨ ᠤ ᠰᠤᠷᠭᠠᠨ ᠬᠥᠮᠦᠵᠢᠯ ᠤᠨ ᠠᠵᠢᠯ ᠪᠠᠶᠠᠷᠯᠠᠭᠤᠰᠢᠲᠠᠶ | ᠠᠮᠵᠢᠯᠲᠠ ᠣᠯᠪᠠ ᠭᠡᠵᠡᠢ᠃ | ᠬᠢᠩᠭᠠᠨ᠂ ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠤᠨ ᠠᠵᠢᠯ ᠢ ᠬᠡᠷᠬᠢᠨ ᠰᠠᠶᠢᠲᠤᠷ ᠬᠢᠬᠦ ᠲᠤᠬᠠᠶ | ᠪᠣᠳᠠᠲᠠᠶ ᠱᠠᠭᠠᠷᠳᠠᠯᠭ᠎ᠠ ᠳᠤᠷᠠᠳᠴᠠᠶ᠃ | ᠲᠡᠷᠡ ᠱᠠᠭᠠᠷᠳᠠᠬᠤ ᠳᠠᠭᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠪᠠᠭᠰᠢ ᠶᠢᠨ | ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠶ᠃ ᠥᠷᠭᠡᠨ ᠣᠯᠠᠨ ᠪᠠᠭᠰᠢ ᠨᠠᠷ ᠤᠯᠤᠰ ᠣᠷᠣᠨ ᠪᠠ ᠦᠨᠳᠦᠰᠦᠲᠡᠨ ᠢᠶᠠᠨ | ᠰᠡᠳᠬᠢᠯ ᠳᠡᠭᠡᠨ ᠪᠣᠳᠣᠵᠤ᠂ ᠠᠷᠢᠭᠤᠨ ᠳᠠᠷᠬᠠᠨ ᠡᠭᠦᠷᠭᠡ ᠬᠠᠷᠢᠭᠤᠴᠠᠯᠭ᠎ᠠ ᠪᠠ ᠨᠡᠶᠢᠭᠡᠮ ᠤᠨ ᠬᠠᠷᠢᠭᠤᠴᠠᠯᠭ᠎ᠠ ᠶᠢ | ᠡᠭᠦᠷᠭᠡᠯᠡᠵᠦ᠂ ᠰᠤᠷᠤᠭᠴᠢᠳ ᠤᠨ ᠡᠷᠡᠭᠦᠯ ᠢᠶᠠᠷ ᠦᠰᠦᠨ ᠪᠣᠶᠢᠵᠢᠬᠤ ᠶᠢᠨ ᠵᠢᠯᠣᠭᠤᠳᠤᠭᠴᠢ ᠪᠠ ᠵᠠᠮ | ᠳᠠᠭᠠᠭᠤᠯᠤᠭᠴᠢ ᠪᠣᠯᠬᠤ ᠪᠠᠷ ᠴᠢᠷᠮᠠᠶᠢᠵᠤ᠂ ᠰᠤᠷᠤᠭᠴᠢᠳ ᠢ ᠡᠷᠡᠰ ᠪᠠᠲᠤ ᠬᠦᠰᠡᠯᠡᠩ ᠢᠲᠡᠭᠡᠯ ᠪᠢᠰᠢᠷᠡᠯ ᠲᠠᠢ᠂ ᠵᠥᠪ | ᠥᠷᠲᠡᠭ ᠤᠨ ᠬᠥᠭᠡᠭᠡᠴᠡᠯᠳᠦᠯ ᠲᠠᠢ᠂ ᠡᠷᠬᠢᠮ ᠳᠡᠭᠡᠲᠦ ᠶᠣᠰᠣ ᠰᠤᠷᠲᠠᠬᠤᠨ ᠬᠡᠪ ᠰᠤᠷᠲᠠᠯ ᠲᠠᠢ᠂ ᠪᠡᠶ᠎ᠡ ᠰᠡᠳᠬᠢᠯ ᠤᠨ | ᠡᠷᠡᠭᠦᠯ ᠴᠢᠭᠢᠷᠠᠭ ᠬᠡᠪ ᠴᠢᠨᠠᠷ ᠲᠠᠢ᠂ ᠴᠠᠭᠠᠷᠠᠭᠰᠠᠨ ᠴᠢᠳᠠᠪᠤᠷᠢ ᠲᠠᠢ᠂ ᠤᠯᠤᠰ ᠢᠶᠠᠨ ᠬᠠᠶᠢᠷᠠᠯᠠᠬᠤ᠂ ᠡᠷᠴᠢ ᠵᠣᠷᠢᠭ | ᠢᠶᠠᠨ ᠬᠥᠪᠴᠢᠯᠡᠬᠦ᠂ ᠦᠨᠡᠨ ᠢ ᠪᠠᠷᠢᠮᠲᠠᠯᠠᠬᠤ᠂ ᠬᠦᠴᠦᠯᠡᠨ ᠬᠢᠬᠦ ᠪᠣᠯᠭᠠᠨ ᠬᠥᠮᠦᠵᠢᠭᠦᠯᠬᠦ ᠬᠡᠷᠡᠭᠲᠡᠶ᠃ ᠪᠦᠬᠦ ᠲᠠᠯ᠎ᠠ ᠶᠢ | ᠪᠣᠳᠣᠯᠬᠢᠯᠠᠨ᠂ ᠵᠢᠭᠠᠨ ᠰᠤᠷᠭᠠᠬᠤ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠰᠤᠷᠭᠠᠨ ᠬᠥᠮᠦᠵᠢᠯ ᠤᠨ | ᠲᠡᠩᠴᠡᠭᠦᠷᠢᠲᠡᠢ ᠬᠥᠭᠵᠢᠯᠲᠡ ᠶᠢ ᠬᠦᠴᠦᠯᠡᠨ ᠠᠬᠢᠭᠤᠯᠵᠤ᠂ ᠰᠤᠷᠭᠠᠭᠤᠯᠢ ᠶᠢᠨ ᠬᠠᠮᠢᠶᠠᠷᠤᠯᠲᠠ ᠶᠢᠨ ᠬᠢᠷᠢ ᠲᠦᠪᠰᠢᠨ | ᠢ ᠬᠦᠴᠦᠯᠡᠨ ᠳᠡᠭᠡᠭᠰᠢᠯᠡᠭᠦᠯᠵᠦ᠂ ᠪᠠᠭᠰᠢ ᠶᠢᠨ ᠡᠩᠨᠡᠭᠡᠨ ᠤ ᠬᠢᠷᠢ ᠲᠦᠪᠰᠢᠨ ᠢ ᠴᠢᠷᠮᠠᠶᠢᠨ ᠳᠡᠭᠡᠭᠰᠢᠯᠡᠭᠦᠯᠦᠨ᠂ | ᠰᠤᠷᠭᠠᠭᠤᠯᠢ ᠶᠢᠨ ᠬᠦᠷᠢᠶᠡᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠬᠦᠴᠦᠯᠡᠨ | ᠰᠠᠶᠢᠵᠢᠷᠠᠭᠤᠯᠵᠤ᠂ ᠪᠦᠬᠦ ᠬᠤᠰᠢᠭᠤᠨ ᠤ ᠳᠡᠭᠡᠲᠦ ᠳᠣᠣᠷᠠᠳᠤ ᠱᠠᠲᠤᠨ ᠳᠤ ᠰᠤᠷᠭᠠᠨ ᠬᠥᠮᠦᠵᠢᠯ ᠢ ᠬᠠᠯᠠᠮᠵᠢᠯᠠᠬᠤ᠂ | ᠰᠤᠷᠭᠠᠨ ᠬᠥᠮᠦᠵᠢᠯ ᠢ ᠳᠡᠮᠵᠢᠬᠦ᠂ ᠰᠤᠷᠭᠠᠨ ᠬᠥᠮᠦᠵᠢᠯ ᠢ ᠬᠥᠭᠵᠢᠭᠦᠯᠬᠦ ᠬᠦᠴᠦᠷᠬᠡᠭ ᠶᠡᠭᠡ ᠬᠠᠮᠲᠦᠷᠠᠭᠰᠠᠨ | ᠬᠦᠴᠦ ᠶᠢ ᠪᠦᠷᠢᠯᠳᠦᠭᠦᠯᠬᠦ ᠬᠡᠷᠡᠭᠲᠡᠢ︔ ᠠᠭᠤᠷ ᠠᠮᠢᠰᠬᠤᠯ ᠢ ᠪᠤᠢ ᠪᠣᠯᠭᠠᠵᠤ᠂ ᠰᠤᠷᠭᠠᠭᠤᠯᠢ ᠶᠢᠨ ᠬᠦᠷᠢᠶᠡᠨ ᠤ | ᠣᠷᠴᠢᠨ ᠨᠥᠬᠦᠴᠡᠯ ᠢ ᠰᠢᠯᠢᠳᠡᠭᠵᠢᠭᠦᠯᠬᠦ ᠬᠡᠷᠡᠭᠲᠡᠶ᠃ ᠪᠦᠬᠦ ᠬᠤᠰᠢᠭᠤᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ | ᠬᠢᠨ ᠰᠤᠷᠭᠠᠨ ᠬᠥᠮᠦᠵᠢᠯ ᠤᠨ ᠦᠶᠯᠡᠰ ᠢ ᠶᠡᠬᠡᠪᠡᠷ ᠳᠠᠮᠵᠢᠵᠤ᠂ ᠰᠤᠷᠭᠠᠭᠤᠯᠢ ᠶᠢᠨ ᠬᠥᠭᠵᠢᠯᠲᠡ ᠶᠢᠨ ᠳᠤᠮᠳᠠᠬᠢ | ᠪᠣᠳᠠᠲᠠᠶ ᠠᠰᠠᠭᠤᠳᠠᠯ ᠢ ᠦᠨᠡᠨᠬᠦ ᠰᠢᠶᠳᠪᠦᠷᠢᠯᠡᠵᠦ᠂ ᠪᠠᠭᠰᠢ ᠶᠢ ᠬᠦᠨᠳᠦᠳᠬᠡᠨ ᠰᠤᠷᠭᠠᠨ ᠬᠥᠮᠦᠵᠢᠯ ᠢ | ᠴᠢᠬᠤᠯᠠᠴᠢᠯᠠᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠴᠢᠨᠠᠭᠰᠢᠳᠠ ᠪᠠᠳᠠᠷᠠᠭᠤᠯᠵᠤ᠂ ᠪᠣᠯᠪᠠᠰᠤᠨ | ᠰᠤᠷᠭᠠᠭᠤᠯᠢ ᠶᠢᠨ ᠬᠦᠷᠢᠶ᠎ᠡ᠂ ᠠᠮᠤᠷ ᠲᠦᠪᠰᠢᠨ ᠰᠤᠷᠭᠠᠭᠤᠯᠢ ᠵᠢᠴᠢ ᠣᠨᠴᠠᠯᠢᠭᠲᠤ ᠰᠤᠷᠭᠠᠭᠤᠯᠢ ᠶᠢᠨ ᠬᠦᠷᠢᠶ᠎ᠡ ᠶᠢ | ᠡᠭᠦᠳᠦᠨ ᠪᠠᠶᠢᠭᠤᠯᠬᠤ ᠬᠡᠷᠡᠭᠲᠡᠶ᠃ ᠪᠡᠶ᠎ᠡ ᠪᠠᠨ ᠵᠠᠰᠠᠵᠤ ᠵᠢᠱᠢᠶᠡᠴᠢ ᠪᠠᠭᠰᠢ ᠪᠣᠯᠬᠤ ᠪᠠᠷ ᠴᠢᠷᠮᠠᠶᠢᠬᠤ ᠬᠡᠷᠡᠭᠲᠡᠢ᠃ | ᠪᠠᠭᠰᠢ ᠪᠣᠯᠤᠭᠰᠠᠳ ᠵᠢᠭᠠᠨ ᠰᠤᠷᠭᠠᠯᠲᠠ ᠶᠢ ᠴᠢᠬᠤᠯᠠᠴᠢᠯᠠᠬᠤ ᠪᠠᠷ ᠪᠠᠷᠠᠬᠤ ᠦᠭᠡᠢ ᠨᠠᠩ ᠴᠤ ᠬᠦᠨᠳᠦ ᠬᠥᠩᠭᠡᠨ ᠢ | ᠴᠢᠬᠤᠯᠠᠴᠢᠯᠠᠬᠤ ᠬᠡᠷᠡᠭᠲᠡᠶ᠂ ᠬᠡᠯᠡᠵᠦ ᠰᠤᠷᠭᠠᠬᠤ ᠶᠢ ᠴᠢᠬᠤᠯᠠᠴᠢᠯᠠᠬᠤ ᠪᠠᠷ ᠪᠠᠷᠠᠬᠤ ᠦᠭᠡᠢ᠂ ᠪᠡᠶ᠎ᠡ ᠪᠠᠷ ᠢᠶᠠᠨ ᠵᠢᠭᠠᠨ | ᠰᠤᠷᠭᠠᠬᠤ ᠶᠢ ᠨᠠᠩ ᠴᠢᠬᠤᠯᠠᠴᠢᠯᠠᠬᠤ ᠬᠡᠷᠡᠭᠲᠡᠶ᠃ ᠬᠥᠮᠦᠨ ᠢ ᠬᠥᠮᠦᠵᠢᠭᠦᠯᠬᠦ ᠪᠠᠭᠰᠢ ᠪᠣᠯᠵᠤ᠂ ᠴᠠᠭ ᠦᠶ᠎ᠡ ᠲᠠᠢ | ᠵᠡᠷᠭᠡᠪᠡᠷ ᠤᠷᠤᠭᠰᠢᠯᠠᠭᠰᠠᠨ ᠪᠠᠭᠰᠢ ᠪᠣᠯᠵᠤ᠂ ᠳᠤᠷᠠᠲᠠᠶ᠎ᠠ ᠬᠥᠮᠦᠨ ᠤ ᠱᠠᠲᠤ ᠪᠣᠯᠬᠤ ᠪᠠᠭᠰᠢ ᠪᠣᠯᠬᠤ ᠬᠡᠷᠡᠭᠲᠡᠶ᠃ | ᠥᠷᠭᠡᠨ ᠣᠯᠠᠨ ᠪᠠᠭᠰᠢ ᠨᠠᠷ ᠢᠮᠠᠭᠲᠠ ᠥᠷᠥᠰᠢᠶᠡᠯ ᠬᠠᠶᠢᠷ᠎ᠠ ᠶᠢ ᠪᠠᠷᠢᠮᠲᠠᠯᠠᠵᠤ᠂ ᠰᠤᠷᠤᠭᠴᠢ ᠨᠢᠭᠡᠪᠦᠷᠢ ᠳᠤ ᠡᠷᠬᠡ | ᠲᠡᠭᠰᠢ ᠪᠠᠷ ᠬᠠᠨᠳᠤᠨ᠂ ᠮᠡᠳᠡᠯᠭᠡ ᠶᠢᠨ ᠡᠭᠦᠳᠡ ᠪᠠᠨ ᠨᠡᠭᠡᠭᠡᠵᠦ᠂ ᠢᠲᠡᠭᠡᠯ ᠢᠶᠠᠷ ᠢᠶᠠᠨ ᠰᠤᠷᠤᠭᠴᠢᠳ ᠤᠨ ᠥᠪᠡᠷ | ᠢ ᠢᠶᠠᠨ ᠬᠦᠨᠳᠦᠳᠬᠡᠬᠦ ᠰᠡᠳᠬᠢᠯᠭᠡ ᠶᠢ ᠪᠣᠶ ᠪᠣᠯᠭᠠᠵᠤ᠂ ᠬᠦᠨᠳᠦᠳᠬᠡᠯ ᠢᠶᠠᠷ ᠰᠤᠷᠤᠭᠴᠢᠳ ᠤᠨ ᠣᠶᠤᠨ ᠪᠢᠯᠢᠭ ᠢ | ᠰᠡᠩᠬᠡᠷᠡᠭᠦᠯᠵᠦ᠂ ᠰᠤᠷᠤᠭᠴᠢ ᠨᠢᠭᠡᠪᠦᠷᠢ ᠶᠢ ᠡᠷᠡᠭᠦᠯ ᠢᠶᠠᠷ ᠦᠰᠦᠨ ᠪᠣᠶᠢᠵᠢᠵᠤ᠂ ᠬᠥᠮᠦᠨ ᠤ ᠠᠮᠢᠳᠤᠷᠠᠯ ᠤᠨ ᠭᠡᠷᠡᠯ | ᠭᠢᠯᠪᠠᠭ᠎ᠠ ᠪᠠᠨ ᠰᠠᠴᠤᠷᠠᠭᠤᠯᠬᠤ ᠲᠣᠬᠢᠶᠠᠯ ᠲᠠᠢ ᠪᠣᠯᠭᠠᠬᠤ ᠪᠠᠷ ᠴᠢᠷᠮᠠᠶᠢᠬᠤ ᠬᠡᠷᠡᠭᠲᠡᠢ ᠭᠡᠵᠡᠢ᠃ | ᠰᠠᠷᠠᠭᠤᠯᠲᠤᠶᠠᠭ᠎ᠠ ᠳ᠋ᠦᠩᠨᠡᠯᠲᠡ ᠶᠢᠨ ᠶᠠᠷᠢᠶᠠᠨ ᠳᠠᠭᠠᠨ ᠵᠢᠭᠠᠭᠰᠠᠨ ᠨᠢ᠂ ᠪᠥᠬᠦ ᠬᠤᠰᠢᠭᠤᠨ ᠤ ᠥᠷᠭᠡᠨ | ᠣᠯᠠᠨ ᠰᠤᠷᠭᠠᠨ ᠬᠥᠮᠦᠵᠢᠯ ᠤᠨ ᠠᠵᠢᠯᠲᠠᠳ ᠬᠤᠶᠢᠰᠢᠳᠠ ᠶᠢᠨ ᠠᠵᠢᠯ ᠳᠤᠮᠳᠠ ᠪᠠᠨ ᠴᠠᠭ ᠦᠶ᠎ᠡ ᠲᠠᠢ ᠵᠡᠷᠭᠡᠪᠡᠷ | ᠤᠷᠤᠭᠰᠢᠯᠠᠵᠤ᠂ ᠵᠠᠮ ᠨᠡᠭᠡᠭᠡᠨ ᠰᠢᠨ᠎ᠡ ᠶᠢ ᠡᠭᠦᠳᠴᠦ᠂ ᠡᠭᠦᠷᠭᠡ ᠲᠤᠰᠢᠶᠠᠯ ᠢᠶᠠᠨ ᠭᠦᠶᠴᠡᠳᠬᠡᠨ᠂ ᠬᠤᠪᠢ ᠨᠡᠮᠡᠷᠢ | ᠦᠵᠡᠭᠦᠯᠵᠦ᠂ ᠴᠣ ᠰᠢᠨ᠎ᠡ ᠵᠣᠷᠢᠭ ᠰᠠᠨᠠᠭ᠎ᠠ ᠪᠠᠷ ᠪᠦᠬᠦ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠤᠨ | ᠰᠢᠨ᠎ᠡ ᠬᠠᠭᠤᠳᠠᠰᠤ ᠶᠢ ᠲᠠᠰᠤᠷᠠᠯᠲᠠ ᠥᠬᠡᠶ ᠪᠢᠴᠢᠭᠯᠡᠵᠦ᠂ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠶᠢ | ᠬᠦᠰᠡᠵᠦ ᠪᠠᠶᠢᠨ᠎ᠠ ᠭᠡᠵᠡᠶ᠃ | ᠬᠤᠷᠠᠯ ᠤᠨ ᠳᠠᠷᠠᠭ᠎ᠠ᠂ ᠶᠠᠩ ᠸᠧᠨ ᠫᠦ᠋᠂ ᠰᠠᠷᠠᠭᠤᠯᠲᠤᠶᠠᠭ᠎ᠠ ᠨᠠᠷ ᠬᠤᠰᠢᠭᠤ ᠰᠤᠷᠭᠠᠨ ᠬᠥᠮᠦᠵᠢᠯ ᠤᠨ | ᠲᠣᠪᠴᠢᠶᠠᠨ ᠤ ᠬᠢᠨ ᠲᠠᠢ ᠬᠠᠮᠲᠦ ᠬᠡᠰᠡᠭ ᠪᠠᠭᠰᠢ ᠶᠢᠨ ᠭᠡᠷ ᠲᠤ ᠬᠦᠷᠴᠦ ᠪᠠᠭᠰᠢ ᠶᠢᠨ ᠪᠠᠶᠠᠷ ᠤᠨ ᠪᠣᠯᠭᠤᠭᠠᠨ | ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠪᠠᠭᠰᠢ ᠶᠢᠨ ᠪᠠᠶᠠᠷ ᠤᠨ ᠮᠡᠨᠳᠦ ᠬᠦᠷᠭᠡᠨ᠂ ᠲᠡᠳᠡᠨ ᠤ ᠠᠮᠢᠳᠤᠷᠠᠯ ᠤᠨ | ᠪᠠᠶᠢᠳᠠᠯ᠂ ᠪᠡᠶ᠎ᠡ ᠮᠠᠬᠠᠪᠣᠳ ᠤᠨ ᠪᠠᠶᠢᠳᠠᠯ ᠢ ᠬᠠᠯᠠᠮᠵᠢᠯᠠᠨ ᠣᠶᠢᠯᠠᠭᠠᠵᠤ᠂ ᠮᠠᠨ ᠤ ᠬᠤᠰᠢᠭᠤᠨ ᠤ ᠰᠤᠷᠭᠠᠨ | ᠬᠥᠮᠦᠵᠢᠯ ᠤᠨ ᠠᠵᠢᠯ ᠦᠢᠯᠡᠰ ᠲᠤ ᠦᠵᠡᠭᠦᠯᠦᠭᠰᠡᠨ ᠴᠢᠷᠮᠠᠶᠢᠯᠭ᠎ᠠ ᠪᠣᠯᠤᠨ ᠬᠤᠪᠢ ᠨᠡᠮᠡᠷᠢ ᠳᠤ ᠲᠠᠯᠠᠷᠬᠠᠵᠤ ᠪᠠᠶᠢᠭ᠎ᠠ | ᠰᠡᠳᠬᠢᠯ ᠢᠶᠠᠨ ᠢᠯᠡᠳᠬᠡᠨ᠂ ᠳᠣᠬᠤᠨᠢᠭᠤᠯᠭ᠎ᠠ ᠶᠢᠨ ᠮᠥᠩᠭᠦ ᠶᠢ ᠭᠠᠷᠳᠠᠭᠤᠯᠵᠠᠢ᠃ | | | | | | | | |