ᠭᠤᠴᠢᠨ ᠲᠠᠪᠤᠳᠡᠬᠢ ᠪᠠᠭᠰᠢ ᠶᠢᠨ ᠪᠠᠶᠠᠷ ᠢ ᠳᠣᠬᠢᠶᠠᠯᠳᠤᠭᠤᠯᠤᠨ᠂ 9 ᠰᠠᠷ᠎ᠠ ᠶᠢᠨ 8 ᠤ ᠡᠳᠦᠷ᠂ ᠬᠤᠰᠢᠭᠤ | ᠮᠤᠩᠭᠤᠯ ᠳᠤᠮᠳᠠᠳᠤ ᠰᠤᠷᠭᠠᠭᠤᠯᠢ ᠭᠤᠴᠢᠨ ᠲᠠᠪᠤᠳᠡᠬᠢ ᠪᠠᠭᠰᠢ ᠶᠢᠨ ᠪᠠᠶᠠᠷ ᠢ ᠪᠡᠯᠭᠡᠯᠡᠬᠦ ᠠᠵᠢᠯᠯᠠᠭ᠎ᠠ ᠥᠷᠨᠢᠭᠦᠯᠵᠦ᠂ | ᠬᠤᠰᠢᠭᠤ ᠰᠤᠷᠭᠠᠨ ᠬᠦᠮᠦᠵᠢᠯ ᠤᠨ ᠲᠣᠪᠴᠢᠶ᠎ᠠ᠂ ᠠᠵᠢᠯᠴᠢᠨ ᠤ ᠶᠡᠷᠥᠩᠬᠡᠢ ᠡᠪᠯᠡᠯ ᠵᠢᠴᠢ ᠡᠯ᠎ᠡ ᠰᠤᠷᠭᠠᠭᠤᠯᠢ ᠶᠢᠨ | ᠬᠠᠷᠢᠭᠤᠴᠠᠯᠭᠠᠳᠠᠨ ᠪᠣᠯᠣᠨ ᠬᠤᠰᠢᠭᠤ ᠮᠣᠩᠭᠤᠯ ᠳᠤᠮᠳᠠᠳᠤ ᠰᠤᠷᠭᠠᠭᠤᠯᠢ ᠶᠢᠨ ᠪᠦᠬᠦ ᠪᠠᠭᠰᠢ ᠠᠵᠢᠯᠲᠠᠨ ᠂ ᠭᠡᠷ ᠤᠨ | ᠠᠬᠠᠮᠠᠳ ᠤᠨ ᠲᠥᠯᠦᠭᠡᠯᠡᠭᠴᠢ ᠠᠵᠢᠯᠯᠠᠭᠠᠨ ᠳᠤ ᠣᠷᠤᠯᠴᠠᠵᠠᠢ᠃ | ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠬᠤᠰᠢᠭᠤ ᠰᠤᠷᠭᠠᠨ ᠬᠦᠮᠦᠵᠢᠯ ᠤᠨ | ᠲᠣᠪᠴᠢᠶᠠᠨ ᠤ ᠬᠦᠴᠦᠲᠡᠢ ᠳᠡᠮᠵᠢᠯᠭᠡ ᠪᠠ ᠰᠤᠷᠭᠠᠭᠤᠯᠢ ᠶᠢᠨ ᠤᠳᠤᠷᠢᠳᠬᠤ ᠪᠠᠭ ᠤᠨ ᠤᠳᠤᠷᠢᠳᠤᠯᠭ᠎ᠠ ᠳᠣᠣᠷ᠎ᠠ᠂ | ᠣᠶᠢᠷ᠎ᠠ ᠶᠢᠨ ᠵᠢᠯ ᠳᠤ ᠬᠤᠰᠢᠭᠤ ᠮᠣᠩᠭᠤᠯ ᠳᠤᠮᠳᠠᠳᠤ ᠰᠤᠷᠭᠠᠭᠤᠯᠢ ᠶᠢᠨ ᠡᠯ᠎ᠡ ᠲᠠᠯ᠎ᠠ ᠶᠢᠨ ᠠᠵᠢᠯ ᠲᠤᠩ ᠠᠮᠵᠢᠯᠲᠠ | ᠲᠠᠢ ᠠᠬᠢᠵᠤ ᠢᠷᠡᠭᠰᠡᠨ ᠪᠢᠯᠡ᠃ ᠣᠨᠴᠠᠭᠠᠶᠢᠯᠠᠨ 2019 ᠣᠨ ᠤ ᠳᠡᠭᠡᠲᠦ ᠳᠤᠮᠳᠠᠳᠤ ᠳᠤ ᠳᠠᠪᠰᠢᠬᠤ | ᠰᠢᠯᠭᠠᠯᠲᠠ ᠳᠤ ᠬᠤᠰᠢᠭᠤ ᠮᠣᠩᠭᠤᠯ ᠳᠤᠮᠳᠠᠳᠤ ᠰᠤᠷᠭᠠᠭᠤᠯᠢ ᠨᠢ ᠣᠷᠣᠯᠴᠠᠭᠰᠠᠨ ᠬᠦᠮᠦᠨ ᠢᠶᠠᠷ ᠬᠠᠮᠤᠭ ᠣᠯᠠᠨ | ᠪᠦᠭᠡᠳ ᠪᠦᠬᠦ ᠠᠶᠢᠮᠠᠭ ᠲᠤ ᠲᠠᠪᠤᠳᠤᠭᠠᠷ ᠲᠤ ᠵᠢᠭᠰᠠᠭᠠᠭᠳᠠᠭᠰᠠᠨ ᠰᠢᠯᠢᠳᠡᠭ ᠬᠢᠷᠢ ᠪᠦᠲᠦᠮᠵᠢ ᠶᠢ ᠡᠭᠦᠳᠦᠨ᠂ | ᠭᠤᠣᠯᠳᠠᠯᠭ᠎ᠠ ᠲᠠᠢ ᠥᠨᠳᠥᠷ ᠳᠤᠮᠳᠠᠳᠤ ᠳᠤ ᠰᠢᠯᠭᠠᠵᠤ ᠤᠷᠤᠭᠰᠠᠨ ᠰᠤᠷᠤᠭᠴᠢ ᠶᠢᠨ ᠲᠤᠭ᠎ᠠ ᠲᠡᠤᠬᠡᠨ ᠰᠢᠨ᠎ᠡ | ᠲᠡᠮᠳᠡᠭᠯᠡᠯ ᠢ ᠡᠭᠦᠳᠴᠠᠢ᠃ ᠪᠦᠬᠦ ᠪᠠᠭᠰᠢ ᠠᠵᠢᠯᠲᠠᠳ ᠤᠨ ᠤᠷᠤᠭᠰᠢ ᠳᠠᠪᠰᠢᠬᠤ ᠵᠣᠷᠢᠭ ᠰᠠᠨᠠᠭ᠎ᠠ ᠶᠢ ᠦᠷᠭᠦᠯᠵᠢᠯᠡᠨ | ᠪᠠᠳᠠᠷᠠᠭᠤᠯᠬᠤ ᠶᠢᠨ ᠲᠥᠯᠦᠭᠡ᠂ ᠠᠵᠢᠯᠯᠠᠭᠠᠨ ᠳᠤ ᠬᠤᠰᠢᠭᠤ ᠰᠤᠷᠭᠠᠨ ᠬᠦᠮᠦᠵᠢᠯ ᠤᠨ ᠲᠣᠪᠴᠢᠶ᠎ᠠ ᠠᠴᠠ 2019 | ᠣᠨ ᠤ ᠳᠡᠭᠡᠲᠦ ᠳᠤᠮᠳᠠᠳᠤ ᠳᠤ ᠳᠠᠪᠰᠢᠬᠤ ᠰᠢᠯᠭᠠᠯᠲᠠ ᠳᠤ ᠰᠢᠯᠢᠳᠡᠭ ᠬᠢᠷᠢ ᠪᠦᠲᠦᠮᠵᠢ ᠡᠭᠦᠳᠦᠭᠰᠡᠨ 40 | ᠪᠠᠭᠰᠢ ᠶᠢ ᠰᠠᠶᠢᠰᠢᠶᠠᠨ ᠬᠥᠬᠢᠭᠦᠯᠵᠦ᠂ ᠬᠤᠰᠢᠭᠤ ᠠᠵᠢᠯᠴᠢᠨ ᠤ ᠶᠡᠷᠥᠩᠬᠡᠢ ᠡᠪᠯᠡᠯ ᠠᠴᠠ ᠪᠠᠰᠠ ᠨᠠᠮ ᠵᠠᠰᠠᠭ ᠤᠨ | ᠬᠠᠶᠢᠷ᠎ᠠ ᠬᠠᠯᠠᠮᠵᠢ ᠶᠢ ᠬᠦᠷᠲᠡᠭᠡᠨ᠂ ᠬᠤᠰᠢᠭᠤ ᠮᠤᠩᠭᠤᠯ ᠳᠤᠮᠳᠠᠳᠤ ᠰᠤᠷᠭᠠᠭᠤᠯᠢ ᠶᠢᠨ ᠪᠦᠬᠦ ᠪᠠᠭᠰᠢ ᠠᠵᠢᠯᠲᠠᠨ ᠳᠤ | ᠭᠤᠷᠪᠠᠨ ᠲᠦᠮᠡ ᠭᠠᠷᠦᠢ ᠲᠥᠭᠦᠷᠢᠭ ᠤᠨ ᠳᠣᠬᠤᠨᠢᠭᠤᠯᠭ᠎ᠠ ᠶᠢᠨ ᠪᠤᠳᠠᠰ ᠪᠡᠯᠡᠭᠯᠡᠵᠡᠢ᠃ | ᠲᠤᠰ ᠤᠳᠠᠭᠠᠨ ᠤ ᠪᠠᠭᠰᠢ ᠶᠢᠨ ᠪᠠᠶᠠᠷ ᠢ ᠪᠡᠯᠭᠡᠯᠡᠬᠦ ᠠᠵᠢᠯᠯᠠᠭ᠎ᠠ ᠳᠠᠭᠠᠨ ᠬᠤᠰᠢᠭᠤ ᠮᠤᠩᠭᠤᠯ ᠳᠤᠮᠳᠠᠳᠤ | ᠰᠤᠷᠭᠠᠭᠤᠯᠢ ᠨᠢ ᠰᠤᠷᠭᠠᠭᠤᠯᠢ ᠶᠢᠨ ᠲᠡᠤᠬᠡᠨ ᠭᠡᠷᠡᠯ ᠵᠢᠷᠤᠭ ᠤᠨ ᠦᠵᠡᠭᠦᠯᠦᠯᠭᠡ᠂ ᠪᠠᠭᠰᠢᠨᠠᠷ ᠤᠨ ᠭᠠᠷ ᠤᠲᠠᠰᠤᠨ ᠤ | ᠭᠡᠷᠡᠯ ᠵᠢᠷᠤᠭ ᠤᠨ ᠤᠷᠤᠯᠳᠤᠭᠠᠨ᠂ ᠤᠯᠠᠭᠠᠨ ᠬᠡᠪᠢᠰ ᠤᠨ ᠶᠣᠰᠤᠯᠠᠯ᠂ ᠪᠠᠭᠰᠢ ᠠᠵᠢᠯᠲᠠᠳ ᠤᠨ ᠤᠷ᠎ᠠ ᠠᠪᠢᠶᠠᠰ ᠤᠨ | ᠦᠵᠡᠭᠦᠯᠦᠯᠭᠡ᠂ ᠱᠠᠩᠨᠠᠯ ᠣᠯᠭᠤᠬᠤ ᠶᠣᠰᠤᠯᠠᠯ ᠵᠡᠷᠭᠡ ᠰᠢᠷᠢᠰ ᠠᠵᠢᠯᠯᠠᠭ᠎ᠠ ᠶᠢ ᠳᠣᠬᠢᠷᠠᠭᠤᠯᠵᠠᠢ᠃ |