ᠳᠤᠮᠳᠠᠳᠤ ᠤᠯᠤᠰ ᠤᠨ ᠡᠪ ᠬᠠᠮᠲᠦ ᠵᠠᠯᠠᠭᠤᠴᠤᠳ ᠤᠨ ᠡᠪᠯᠡᠯ ᠤᠨ ᠵᠡᠭᠦᠨ ᠦᠵᠦᠮᠦᠴᠢᠨ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠠᠵᠢᠯ ᠤᠨ ᠵᠦᠪᠯᠡᠯ ᠵᠢᠩᠬᠢᠨᠢ ᠪᠠᠷ ᠪᠠᠶᠢᠭᠤᠯᠤᠭᠳᠠᠭᠰᠠᠨ ᠪᠠᠶᠢᠨ᠎ᠠ
ᠨᠡᠶᠢᠲᠡᠯᠡᠭᠰᠡᠨ ᠴᠠᠭ᠄
2019/9/16
      ᠪᠥᠬᠦ ᠬᠤᠰᠢᠭᠤᠨ ᠤ ᠳᠤᠮᠳᠠᠳᠤ ᠰᠤᠷᠭᠠᠭᠤᠯᠢ ᠶᠢᠨ ᠡᠪ ᠬᠠᠮᠲᠤ ᠵᠠᠯᠠᠭᠤᠴᠤᠳ ᠤᠨ ᠡᠪᠯᠡᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠶᠡᠬᠡᠪᠡᠷ ᠲᠦᠯᠬᠢᠨ ᠠᠬᠢᠭᠤᠯᠵᠤ᠂ ᠡᠪᠯᠡᠯ ᠰᠤᠷᠭᠠᠨ ᠬᠦᠮᠦᠵᠢᠯ ᠤᠨ ᠬᠠᠮᠵᠢᠯᠴᠠᠬᠤ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠤᠨ᠂ ᠰᠤᠷᠭᠠᠭᠤᠯᠢ ᠶᠢᠨ ᠡᠪ ᠬᠠᠮᠲᠤ ᠵᠠᠯᠠᠭᠤᠴᠤᠳ ᠤᠨ ᠡᠪᠯᠡᠯ᠂ ᠪᠠᠭᠠᠴᠤᠳ ᠤᠨ ᠬᠤᠰᠢᠭᠤᠴᠢ ᠠᠩᠭᠢ ᠶᠢᠨ ᠥᠭᠡᠷᠡᠴᠢᠯᠡᠯᠲᠡ ᠶᠢ ᠡᠯ᠎ᠡ ᠳᠤᠮᠳᠠᠳᠤ ᠪᠠᠭ᠎ᠠ ᠰᠤᠷᠭᠠᠭᠤᠯᠢ  ᠲᠡᠶᠢᠰᠢ ᠦᠷᠭᠡᠳᠬᠡᠬᠦ ᠶᠢ ᠲᠦᠷᠭᠡᠳᠬᠡᠨ ᠠᠬᠢᠭᠤᠯᠬᠤ ᠶᠢᠨ ᠲᠥᠯᠥᠭᠡ᠂ 9 ᠰᠠᠷ᠎ᠠ ᠶᠢᠨ 11 ᠤ ᠡᠳᠦᠷ᠂ ᠳᠤᠮᠳᠠᠳᠤ ᠤᠯᠤᠰ ᠤᠨ ᠡᠪ ᠬᠠᠮᠲᠦ ᠵᠠᠯᠠᠭᠤᠴᠤᠳ ᠤᠨ ᠡᠪᠯᠡᠯ ᠤᠨ ᠵᠡᠭᠦᠨ ᠦᠵᠦᠮᠦᠴᠢᠨ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠠᠵᠢᠯ ᠤᠨ ᠵᠦᠪᠯᠡᠯ ᠵᠢᠩᠬᠢᠨᠢ ᠪᠠᠷ ᠪᠠᠶᠢᠭᠤᠯᠤᠭᠳᠠᠭᠰᠠᠨ ᠪᠥᠭᠡᠳ ᠫᠠᠶᠢᠰᠠ ᠰᠡᠬᠦᠬᠦ ᠶᠣᠰᠣᠯᠠᠯ ᠶᠠᠪᠤᠭᠤᠯᠪᠠ᠃ ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠤᠰᠢᠭᠤ ᠡᠪᠯᠡᠯ ᠤᠨ ᠬᠤᠷᠢᠶ᠎ᠠ᠂ ᠰᠤᠷᠭᠠᠨ ᠬᠥᠮᠦᠵᠢᠯ ᠤᠨ ᠲᠣᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ ᠪᠦᠬᠦ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ  ᠤᠨ ᠨᠠᠮ ᠤᠨ ᠡᠭᠦᠷ᠂ ᠡᠪᠯᠡᠯ ᠤᠨ ᠵᠤᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠶᠤᠰᠤᠯᠠᠯ ᠳᠤ ᠣᠷᠣᠯᠴᠠᠵᠠᠶ᠃      ᠶᠣᠰᠣᠯᠠᠯ ᠳᠡᠭᠡᠷ᠎ᠡ᠂ ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠤᠰᠢᠭᠤ ᠰᠤᠷᠭᠠᠨ ᠬᠥᠮᠦᠵᠢᠯ ᠤᠨ ᠲᠣᠪᠴᠢᠶᠠᠨ ᠤ ᠬᠠᠷᠢᠭᠤᠴᠠᠯᠭᠠᠲᠠᠨ ᠬᠠᠮᠲᠤ ᠪᠠᠷ ᠫᠠᠶᠢᠰᠠ ᠶᠢ ᠰᠡᠬᠦᠵᠦ ᠂  ᠬᠤᠰᠢᠭᠤ ᠰᠤᠷᠭᠠᠨ ᠬᠥᠮᠦᠵᠢᠯ ᠤᠨ ᠲᠣᠪᠴᠢᠶ᠎ᠠ᠂ ᠡᠪᠯᠡᠯ ᠤᠨ ᠬᠤᠷᠢᠶ᠎ᠠ ᠶᠢᠨ ᠬᠠᠷᠢᠭᠤᠴᠠᠯᠭᠠᠲᠠᠨ ᠠᠴᠠ ᠲᠤᠰ ᠲᠤᠰ ᠶᠠᠷᠢᠶ᠎ᠠ ᠲᠠᠯᠪᠢᠵᠠᠢ᠃      ᠳᠤᠮᠳᠠᠳᠤ ᠤᠯᠤᠰ ᠤᠨ ᠡᠪ ᠬᠠᠮᠲᠦ ᠵᠠᠯᠠᠭᠤᠴᠤᠳ ᠤᠨ ᠡᠪᠯᠡᠯ ᠤᠨ ᠵᠡᠭᠦᠨ ᠦᠵᠦᠮᠦᠴᠢᠨ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠠᠵᠢᠯ ᠤᠨ ᠵᠦᠪᠯᠡᠯ ᠪᠠᠶᠢᠭᠤᠯᠤᠭᠳᠠᠭᠰᠠᠨ ᠨᠢ ᠰᠢᠨ᠎ᠡ ᠪᠠᠶᠢᠳᠠᠯ ᠳᠣᠤᠷ᠎ᠠ ᠡᠪᠯᠡᠯ ᠰᠤᠷᠭᠠᠨ ᠬᠥᠮᠦᠵᠢᠯ ᠤᠨ ᠬᠠᠮᠵᠢᠯᠴᠠᠭ᠎ᠠ ᠶᠢ ᠴᠢᠩᠭᠠᠳᠬᠠᠬᠤ ᠠᠵᠢᠯ ᠳᠤ ᠰᠠᠨᠠᠭᠠᠴᠢᠯᠠᠭ᠎ᠠ ᠠᠴᠠ ᠪᠠᠨ ᠵᠣᠬᠢᠴᠠᠬᠤ ᠲᠤᠯᠭᠠᠮ᠎ᠠ ᠱᠠᠭᠠᠷᠳᠠᠯᠭ᠎ᠠ ᠪᠣᠯᠬᠤ ᠪᠥᠭᠡᠳ ᠪᠥᠬᠦ ᠬᠤᠰᠢᠭᠤᠨ ᠤ ᠰᠤᠷᠭᠠᠭᠤᠯᠢ ᠶᠢᠨ ᠡᠪ ᠬᠠᠮᠲᠤ ᠵᠠᠯᠠᠭᠤᠴᠤᠳ ᠤᠨ ᠡᠪᠯᠡᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠬᠦᠴᠦᠲᠡᠶ ᠠᠬᠢᠭᠤᠯᠬᠤ ᠠᠰᠢᠭᠲᠠᠢ ᠰᠦᠪᠡᠭᠴᠢᠯᠡᠯᠲᠡ ᠪᠣᠯᠤᠨ᠎ᠠ᠂ ᠮᠦᠨᠴᠦ ᠡᠪ ᠬᠠᠮᠲᠤ ᠵᠠᠯᠠᠭᠤᠴᠤᠳ ᠤᠨ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠰᠤᠷᠤᠭᠴᠢ ᠡᠪᠯᠡᠯ ᠤᠨ ᠭᠡᠰᠢᠭᠦᠨ ᠤ ᠲᠠᠲᠠᠬᠤ ᠬᠦᠴᠦᠨ᠂ ᠨᠢᠭᠲᠠᠷᠠᠭᠤᠯᠬᠤ ᠬᠦᠴᠦᠨ ᠢ ᠦᠨᠡᠨᠬᠦ ᠴᠢᠩᠭᠠᠳᠬᠠᠵᠤ᠂ ᠥᠷᠭᠡᠨ ᠣᠯᠠᠨ  ᠰᠤᠷᠤᠭᠴᠢ ᠡᠪᠯᠡᠯ ᠤᠨ ᠭᠡᠰᠢᠭᠦᠨ ᠢ ᠵᠣᠬᠢᠶᠠᠨ ᠪᠠᠶᠢᠭᠤᠯᠬᠤ᠂ ᠬᠥᠲᠥᠯᠥᠨ ᠵᠢᠯᠣᠭᠤᠳᠬᠤ᠂ ᠦᠶᠯᠡᠴᠢᠯᠡᠬᠦ ᠶᠢ ᠰᠠᠶᠢᠲᠤᠷ ᠭᠦᠶᠴᠡᠳᠬᠡᠬᠦ ᠴᠢᠬᠤᠯᠠ ᠠᠴᠢᠶᠠᠯᠠᠪᠤᠷᠢ ᠪᠤᠯᠤᠨ᠎ᠠ᠃ ᠡᠨᠡ ᠨᠢ ᠮᠠᠨ ᠤ ᠬᠤᠰᠢᠭᠤᠨ ᠤ ᠡᠪ ᠬᠠᠮᠲᠤ ᠵᠠᠯᠠᠭᠤᠴᠤᠳ ᠤᠨ ᠡᠪᠯᠡᠯ ᠤᠨ ᠠᠵᠢᠯ ᠢ ᠪᠥᠬᠦ ᠲᠠᠯ᠎ᠠ ᠪᠠᠷ ᠬᠥᠭᠵᠢᠶᠡᠨᠲᠡᠶ ᠪᠣᠯᠭᠠᠵᠤ᠂ ᠰᠤᠷᠭᠠᠭᠤᠯᠢ ᠶᠢᠨ ᠡᠪᠯᠡᠯ ᠤᠨ ᠵᠤᠬᠢᠶᠠᠨ ᠪᠠᠶᠢᠭᠤᠯᠤᠯᠲᠠ ᠪᠠ ᠡᠪᠯᠡᠯ ᠤᠨ ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠤᠨ᠂ ᠪᠥᠬᠦ ᠬᠤᠰᠢᠭᠤᠨ ᠤ ᠰᠤᠷᠭᠠᠭᠤᠯᠢ ᠶᠢᠨ ᠡᠪ ᠬᠠᠮᠲᠤ ᠵᠠᠯᠠᠭᠤᠴᠤᠳ ᠤᠨ ᠡᠪᠯᠡᠯ ᠤᠨ ᠠᠵᠢᠯ ᠤᠨ ᠰᠢᠨ᠎ᠡ ᠪᠠᠶᠢᠳᠠᠯ ᠳᠣᠤᠷ᠎ᠠ ᠥᠷᠨᠢᠩᠭᠦᠶ ᠬᠥᠭᠵᠢᠬᠦ ᠶᠢ ᠠᠬᠢᠭᠤᠯᠬᠤ ᠳᠤ ᠢᠳᠡᠪᠬᠢᠲᠡᠢ ᠠᠬᠢᠭᠤᠯᠬᠤ ᠦᠶᠯᠡᠳᠦᠯ ᠦᠵᠡᠭᠦᠯᠬᠦ ᠨᠢ ᠯᠠᠪᠲᠠᠶ ᠶᠤᠮ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号