︽ᠲᠠᠯ᠎ᠠ ᠨᠤᠲᠤᠭ ᠤᠨ ᠬᠦᠪᠡᠭᠦᠳ ᠦᠬᠢᠳ ᠰᠡᠳᠬᠢᠯ ᠨᠢᠭᠡᠳᠦᠨ ᠨᠠᠮ ᠢᠶᠠᠨ ᠬᠦᠷᠢᠶᠡᠯᠡᠵᠦ᠂ ᠦᠨᠳᠦᠰᠦᠲᠡᠨ ᠤ ᠪᠦᠯᠬᠦᠮᠳᠡᠯ ᠤᠨ ᠬᠢᠯᠠᠯᠵᠠᠭᠰᠠᠨ ᠠᠮᠵᠢᠯᠲᠠ ᠪᠠᠷ ᠤᠯᠤᠰ ᠤᠨ ᠪᠠᠶᠠᠷ ᠢᠶᠠᠨ ᠪᠡᠯᠭᠡᠯᠡᠬᠦ ︾ ᠭᠤᠤᠯ ᠰᠡᠳᠦᠪᠲᠦ ᠤᠷᠠᠨ ᠰᠠᠶᠢᠬᠠᠨ ᠤ ᠲᠤᠭᠯᠠᠯᠲᠠ ᠶᠠᠪᠤᠭᠳᠠᠭᠰᠠᠨ ᠪᠠᠶᠢᠨ᠎ᠠ
ᠨᠡᠶᠢᠲᠡᠯᠡᠭᠰᠡᠨ ᠴᠠᠭ᠄
2019/9/19
      ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠤᠬᠠᠭᠤᠯᠬᠤ ᠬᠦᠮᠦᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠪᠦᠬᠦ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠬᠦᠭᠵᠢᠯᠲᠡ ᠶᠢ ᠲᠦᠯᠬᠢᠨ ᠠᠬᠢᠭᠤᠯᠬᠤ ᠶᠢᠨ ᠲᠦᠯᠦᠭᠡ᠂ 9 ᠰᠠᠷ᠎ᠠ ᠶᠢᠨ16᠎ ᠤ ᠡᠳᠦᠷ᠂ ᠦᠪᠡᠷᠲᠡᠭᠡᠨ ᠵᠠᠰᠠᠬᠤ ᠤᠷᠤᠨ ᠤ 36 ᠳ᠋ᠤᠭᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠠᠷ᠎ᠠ ᠢ ᠳᠣᠬᠢᠶᠠᠯᠳᠤᠭᠤᠯᠤᠨ ᠶᠠᠪᠤᠭᠳᠠᠭᠤᠯᠤᠭᠰᠠᠨ᠂ ︽ᠲᠠᠯ᠎ᠠ ᠨᠤᠲᠤᠭ ᠤᠨ ᠬᠦᠪᠡᠭᠦᠳ ᠦᠬᠢᠳ ᠰᠡᠳᠬᠢᠯ ᠨᠢᠭᠡᠳᠦᠨ ᠨᠠᠮ ᠢᠶᠠᠨ ᠬᠦᠷᠢᠶᠡᠯᠡᠵᠦ᠂ ᠦᠨᠳᠦᠰᠦᠲᠡᠨ ᠤ ᠪᠦᠯᠬᠦᠮᠳᠡᠯ ᠤᠨ ᠬᠢᠯᠠᠯᠵᠠᠭᠰᠠᠨ ᠠᠮᠵᠢᠯᠲᠠ ᠪᠠᠷ ᠤᠯᠤᠰ ᠤᠨ ᠪᠠᠶᠠᠷ ᠢᠶᠠᠨ ᠪᠡᠯᠭᠡᠯᠡᠬᠦ  ︾ ᠭᠤᠤᠯ ᠰᠡᠳᠦᠪᠲᠦ ᠤᠷᠠᠨ ᠰᠠᠶᠢᠬᠠᠨ ᠤ ᠲᠤᠭᠯᠠᠯᠲᠠ ᠵᠡᠬᠦᠨ ᠬᠠᠳᠠᠪᠴᠢ ᠪᠤᠭᠤᠮᠲᠠ ᠳᠤ ᠠᠮᠵᠢᠯᠲᠠ ᠲᠠᠢ ᠶᠠᠪᠤᠭᠳᠠᠵᠠᠢ᠃ ᠵᠡᠭᠦᠨ ᠦᠵᠦᠮᠦᠴᠢᠨ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ᠂ ᠬᠠᠳᠠᠪᠴᠢ ᠪᠠᠯᠭᠠᠰᠤ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ᠂ ᠵᠡᠬᠦᠨ ᠬᠠᠲᠠᠪᠴᠢ ᠬᠢᠯᠢ ᠪᠠᠷ ᠤᠷᠤᠵᠤ ᠭᠠᠷᠬᠤ ᠶᠢ ᠰᠢᠯᠭᠠᠨ ᠪᠠᠶᠢᠴᠠᠭᠠᠬᠤ ᠦᠷᠲᠡᠭᠡ᠂ ᠬᠢᠯᠢ ᠶᠢᠨ ᠲᠤᠮᠢᠯᠠᠭᠰᠠᠨ ᠰᠠᠯᠪᠤᠷᠢ᠂ ᠵᠡᠭᠦᠨ ᠦᠵᠦᠮᠦᠴᠢᠨ ᠪᠤᠭᠤᠮᠲᠠ ᠵᠡᠷᠭᠡ ᠪᠠᠶᠢᠭᠤᠯᠭ᠎ᠠ ᠨᠢᠭᠡᠴᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠢᠭᠡᠳ ᠬᠠᠳᠠᠪᠴᠢ ᠪᠠᠯᠭᠠᠰᠤ ᠶᠢᠨ ᠬᠤᠯᠪᠤᠭᠠᠯᠠᠭᠰᠠᠨ ᠨᠠᠮ ᠤᠨ ᠠᠵᠢᠯ ᠤᠨ ᠵᠦᠪᠯᠡᠯ ᠤᠨ ᠡᠯ᠎ᠡ ᠪᠦᠷᠢᠯᠳᠦᠭᠦᠨ ᠨᠢᠭᠡᠴᠡ ᠶᠢᠨ ᠺᠠᠳ᠋ᠷ ᠠᠵᠢᠯᠲᠠᠨ ᠵᠢᠴᠢ ᠮᠠᠯᠴᠢᠨ ᠲᠦᠮᠡᠨ ᠬᠤᠷᠠᠨ ᠴᠤᠭᠯᠠᠷᠠᠵᠤ᠂ ᠬᠠᠮᠲᠤ ᠪᠠᠷ ᠲᠤᠭᠯᠠᠯᠲᠠ ᠶᠢ ᠰᠤᠨᠢᠷᠬᠠᠪᠠ᠃      ᠤᠷᠠᠨ ᠰᠠᠶᠢᠬᠠᠨ ᠤ ᠲᠤᠭᠯᠠᠯᠲᠠ ᠨᠢ ︽ ᠬᠤᠶᠠᠷ ᠮᠠᠷᠯᠠᠰ ᠠᠭᠤᠯᠠ︾ ᠬᠡᠬᠦ ᠡᠷᠡᠭᠲᠡᠢ ᠶᠢᠨ ᠭᠤᠴᠤᠯᠠᠯ ᠳᠠᠭᠤᠨ ᠤ ᠳᠤᠮᠳᠠ ᠬᠦᠰᠢᠭᠡ ᠪᠠᠨ ᠰᠡᠬᠦᠵᠦ᠂ ᠡᠷᠡᠭᠲᠡᠢ ᠶᠢᠨ ᠭᠤᠴᠤᠯᠠᠯ ᠳᠠᠭᠤᠤ  ︽ ᠡᠵᠢ ᠶᠢᠨ ᠲᠠᠯ᠎ᠠ ᠨᠤᠲᠤᠭ︾ ᠂ ︽ ᠭᠦᠨᠳᠦᠦᠷ︾᠂ ︽ ᠡᠬᠡ ᠤᠯᠤᠰ ᠲᠠᠭᠠᠨ ᠰᠢᠳᠤᠷᠭᠤ ᠪᠠᠷ ᠵᠢᠳᠬᠦᠨ᠎ᠡ︾᠂ ᠡᠮᠡᠭᠲᠡᠢ ᠶᠢᠨ ᠭᠤᠴᠤᠯᠠᠯ ᠳᠠᠭᠤᠤ ︽ᠨᠠᠷᠠᠨ ᠮᠠᠨᠳᠤᠬᠤ ᠨᠤᠲᠤᠭ︾᠂ ᠪᠦᠵᠢᠭ ︽ ᠲᠤᠷᠭᠤᠳ︾᠂ ᠠᠷᠠᠳ ᠤᠨ ᠬᠦᠭᠵᠢᠮ ᠤᠨ ᠨᠠᠶᠢᠷᠠᠯ ᠵᠡᠷᠭᠡ ᠡᠯᠪᠡᠭ ᠪᠠᠶᠠᠯᠢᠭ ᠠᠭᠤᠯᠭ᠎ᠠ ᠪᠦᠬᠦᠢ ᠲᠤᠭᠯᠠᠯᠲᠠ ᠨᠢ ᠦᠵᠡᠭᠴᠢᠳ ᠤᠨ ᠬᠠᠯᠭᠠᠤᠨ ᠬᠦᠷᠢᠶᠡᠯᠡᠯ ᠢ ᠤᠯᠵᠤ ᠪᠠᠶᠢᠯ᠎ᠠ᠃ ᠲᠤᠭᠯᠠᠯᠲᠠ ᠶᠢᠨ ᠬᠤᠭᠤᠴᠠᠭᠠᠨ ᠳᠤ  ᠵᠡᠭᠦᠨ ᠦᠵᠦᠮᠦᠴᠢᠨ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠠᠴᠠ ᠦᠵᠡᠭᠴᠢᠳ ᠲᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠦᠮᠦᠵᠢᠯ ᠤᠨ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠠᠢ᠃      ᠤᠶᠢᠯᠠᠭᠠᠭᠰᠠᠨ ᠢᠶᠠᠷ᠂ ᠲᠤᠰ ᠤᠳᠠᠭᠠᠨ ᠤ ᠤᠷᠠᠨ ᠰᠠᠶᠢᠬᠠᠨ ᠤ ᠲᠤᠭᠯᠠᠯᠲᠠ ᠶᠢ ᠵᠡᠭᠦᠨ ᠦᠵᠦᠮᠦᠴᠢᠨ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠪᠤᠯᠤᠨ ᠬᠠᠲᠠᠪᠴᠢ ᠪᠠᠯᠭᠠᠰᠤ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠬᠠᠮᠲᠤᠷᠠᠨ ᠡᠷᠬᠢᠯᠡᠵᠦ᠂ ᠦᠷᠭᠡᠨ ᠤᠯᠠᠨ ᠬᠢᠯᠢ ᠶᠢᠨ ᠳᠠᠷᠤᠭ᠎ᠠ ᠪᠠᠶᠢᠯᠳᠤᠭᠴᠢ ᠪᠠ ᠮᠠᠯᠴᠢᠨ ᠲᠦᠮᠡᠨ ᠲᠤᠭᠯᠠᠯᠲᠠ ᠳᠤ ᠤᠷᠤᠯᠴᠠᠵᠤ᠂ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠨᠢᠭᠲᠠᠷᠠᠯ ᠪᠦᠯᠬᠦᠮᠳᠡᠯ ᠢ ᠬᠠᠷᠠᠭᠤᠯᠵᠤ᠂  ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ70 ᠵᠢᠯ ᠤᠨ ᠤᠢ ᠶᠢ ᠪᠡᠯᠭᠡᠯᠡᠬᠦ ᠳᠤ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠦᠷᠢᠯᠳᠦᠬᠦᠯᠵᠦ ᠦᠭᠴᠡᠢ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号