ᠥᠪᠥᠷ ᠮᠣᠩᠭᠤᠯ ᠤᠨ ︽ᠨᠢᠭᠡ ᠪᠦᠰᠡ ᠨᠢᠭᠡ ᠵᠠᠮ᠂ ᠭᠡᠷᠡᠯᠲᠦ ᠠᠶᠠᠯᠠᠯ︾ ᠤᠨ ᠮᠣᠩᠭᠤᠯ ᠤᠯᠤᠰ  ᠲᠠᠬᠢ ᠠᠵᠢᠯᠯᠠᠭ᠎ᠠ ᠮᠣᠩᠭᠤᠯ ᠤᠯᠤᠰ ᠤᠨ ᠰᠦᠬᠡᠪᠠᠭᠠᠲᠤᠷ ᠠᠶᠢᠮᠠᠭ ᠤᠨ ᠴᠠᠭᠠᠨ ᠬᠠᠷᠠᠩ ᠡᠪᠡᠳᠴᠢᠲᠡᠨ  ᠳᠤ ᠭᠡᠷᠡᠯ ᠭᠡᠭᠡ ᠠᠪᠴᠢᠷᠠᠭᠰᠠᠨ ᠪᠠᠶᠢᠨ᠎ᠠ
ᠨᠡᠶᠢᠲᠡᠯᠡᠭᠰᠡᠨ ᠴᠠᠭ᠄
2019/9/23
      9 ᠰᠠᠷ᠎ᠠ ᠶᠢᠨ 19 ᠤ ᠡᠳᠦᠷ᠂ ︽ᠥᠪᠥᠷ ᠮᠣᠩᠭᠤᠯ ᠤᠨ ︿ᠨᠢᠭᠡ ᠪᠦᠰᠡ ᠨᠢᠭᠡ ᠵᠠᠮ  ᠂  ᠭᠡᠷᠡᠯᠲᠦ ᠠᠶᠠᠯᠠᠯ﹀ ᠮᠣᠩᠭᠤᠯ ᠤᠯᠤᠰ ᠲᠠᠬᠢ ᠠᠵᠢᠯᠯᠠᠭ᠎ᠠ︾ ᠰᠦᠬᠡᠪᠠᠭᠠᠲᠤᠷ ᠠᠶᠢᠮᠠᠭ ᠤᠨ ᠴᠠᠭᠠᠨ ᠬᠠᠷᠠᠩ ᠡᠪᠡᠳᠴᠢᠲᠡᠨ ᠳᠤ ᠦᠨ᠎ᠡ ᠲᠥᠯᠥᠪᠦᠷᠢ ᠦᠭᠡᠢ ᠪᠠᠷ ᠬᠠᠷᠠᠭ᠎ᠠ ᠣᠷᠣᠭᠤᠯᠬᠤ ᠮᠡᠰᠡ ᠵᠠᠰᠠᠯ ᠤᠨ ᠡᠬᠢᠯᠡᠯᠲᠡ ᠶᠢᠨ ᠶᠣᠰᠣᠯᠠᠯ ᠵᠡᠭᠦᠨ ᠦᠵᠦᠮᠦᠴᠢᠨ ᠬᠤᠰᠢᠭᠤᠨ ᠤ ᠡᠮᠨᠡᠯᠭᠡ ᠶᠢᠨ ᠬᠤᠷᠢᠶ᠎ᠠ ᠳᠤ ᠶᠠᠪᠤᠭᠳᠠᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠢᠲᠠᠨ ᠤ ᠨᠡᠶᠢᠭᠡᠮᠯᠢᠭ᠂ ᠰᠢᠯᠢ ᠶᠢᠨ ᠭᠤᠣᠯ ᠠᠶᠢᠮᠠᠭ ᠤᠨ ᠤᠯᠠᠭᠠᠨ ᠵᠠᠭᠠᠯᠮᠠᠢᠲᠠᠨ  ᠤ ᠨᠡᠶᠢᠭᠡᠮᠯᠢᠭ᠂ ᠮᠣᠩᠭᠤᠯ ᠤᠯᠤᠰ ᠤᠨ ᠰᠦᠬᠡᠪᠠᠭᠠᠲᠤᠷ ᠠᠶᠢᠮᠠᠭ ᠤᠨ ᠤᠯᠠᠭᠠᠨ ᠵᠠᠭᠠᠯᠮᠠᠢᠲᠠᠨ ᠤ ᠨᠡᠶᠢᠭᠡᠮᠯᠢᠭ᠂ ᠴᠤᠤ ᠵᠢᠤᠢ ᠨᠢᠳᠦᠨ ᠡᠮᠨᠡᠯᠭᠡ ᠶᠢᠨ ᠬᠤᠷᠢᠶᠠᠨ ᠤ ᠬᠤᠯᠪᠣᠭᠳᠠᠯ ᠪᠦᠬᠦᠢ ᠬᠥᠮᠦᠰ ᠵᠢᠴᠢ ᠵᠡᠭᠦᠨ ᠦᠵᠦᠮᠦᠴᠢᠨ ᠬᠤᠰᠢᠭᠤᠨ ᠤ ᠨᠠᠮ ᠵᠠᠰᠠᠭ ᠤᠨ ᠤᠳᠤᠷᠢᠳᠤᠯᠭ᠎ᠠ ᠪᠣᠯᠣᠨ ᠡᠮᠴᠢ ᠰᠤᠪᠢᠯᠠᠭᠴᠢ᠂ ᠡᠪᠡᠳᠴᠢᠲᠡᠨ ᠪᠠ ᠭᠡᠷ ᠤᠨ ᠬᠦᠮᠦᠰ ᠂ ᠵᠡᠭᠦᠨ ᠦᠵᠦᠮᠦᠴᠢᠨ ᠬᠤᠰᠢᠭᠤᠨ ᠤ ᠲᠤᠯᠭ᠎ᠠ ᠬᠠᠶᠢᠷ᠎ᠠ ᠬᠠᠯᠠᠮᠵᠢ ᠶᠢᠨ ᠬᠤᠯᠪᠤᠭ᠎ᠠ ᠶᠢᠨ ᠰᠠᠶᠢᠨ ᠳᠤᠷᠠᠴᠤᠤᠯ ᠶᠣᠰᠣᠯᠠᠯ ᠳᠤ ᠣᠷᠣᠯᠴᠠᠵᠠᠶ᠃      ᠣᠶᠢᠯᠠᠭᠠᠭᠰᠠᠨ ᠢᠶᠠᠷ᠂ ᠡᠨᠡ ᠤᠳᠠᠭᠠᠨ ᠤ ᠮᠡᠰᠡ ᠵᠠᠰᠠᠯ ᠤᠨ ᠠᠵᠢᠯᠯᠠᠭ᠎ᠠ ᠠᠴᠠ ᠡᠮᠦᠨᠡᠬᠡᠨ᠂ ᠵᠡᠭᠦᠨ ᠦᠵᠦᠮᠦᠴᠢᠨ ᠬᠤᠰᠢᠭᠤᠨ ᠤ ᠤᠯᠠᠭᠠᠨ ᠵᠠᠭᠠᠯᠮᠠᠢᠲᠠᠨ ᠤ ᠨᠡᠶᠢᠭᠡᠮᠯᠢᠭ ᠨᠢ ᠭᠠᠳᠠᠭᠠᠳᠤ ᠶᠢ ᠲᠤᠰᠠᠯᠠᠬᠤ ᠡᠮᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠵᠤ᠂ ᠮᠣᠩᠭᠤᠯ ᠤᠯᠤᠰ ᠤᠨ ᠰᠦᠬᠡᠪᠠᠭᠠᠲᠤᠷ ᠠᠶᠢᠮᠠᠭ ᠲᠤ ᠬᠦᠷᠴᠦ᠂ ᠰᠦᠬᠡᠪᠠᠭᠠᠲᠤᠷ ᠠᠶᠢᠮᠠᠭ ᠤᠨ ᠤᠯᠠᠭᠠᠨ ᠵᠠᠭᠠᠯᠮᠠᠢᠲᠠᠨ ᠤ ᠨᠡᠶᠢᠭᠡᠮᠯᠢᠭ ᠤᠨ ᠬᠠᠮᠵᠢᠯᠴᠠᠭ᠎ᠠ ᠳᠣᠤᠷ᠎ᠠ ᠲᠤᠬᠠᠶ ᠶᠢᠨ ᠭᠠᠵᠠᠷ ᠤᠨ 350 ᠭᠠᠷᠤᠶ ᠴᠠᠭᠠᠨ ᠬᠠᠷᠠᠩ ᠡᠪᠡᠳᠴᠢᠲᠡᠨ ᠳᠤ ᠮᠡᠰᠡ ᠵᠠᠰᠠᠯ ᠠᠴᠠ ᠡᠮᠦᠨᠡᠬᠢ ᠰᠢᠭᠰᠢᠨ ᠪᠠᠶᠢᠴᠠᠭᠠᠯᠲᠠ ᠬᠢᠵᠦ ᠥᠭᠴᠡᠶ᠃ 9 ᠰᠠᠷ᠎ᠠ ᠶᠢᠨ 18 ᠤ ᠡᠳᠦᠷ ᠠᠴᠠ ᠡᠬᠢᠯᠡᠨ᠂ ᠮᠣᠩᠭᠤᠯ ᠤᠯᠤᠰ ᠤᠨ ᠰᠦᠬᠡᠪᠠᠭᠠᠲᠤᠷ ᠠᠶᠢᠮᠠᠭ ᠠᠴᠠ ᠢᠷᠡᠭᠰᠡᠨ 38 ᠨᠢᠳᠤᠨ ᠤ ᠴᠠᠭᠠᠨ ᠬᠠᠷᠠᠩ ᠡᠪᠡᠳᠴᠢᠲᠡᠨ ᠳᠤ ᠨᠢᠭᠡᠨᠲᠡ ᠦᠨ᠎ᠡ ᠲᠦᠯᠦᠪᠦᠷᠢ ᠦᠭᠡᠢ ᠪᠠᠷ ᠬᠠᠷᠠᠭ᠎ᠠ ᠣᠷᠣᠭᠤᠯᠬᠤ ᠮᠡᠰᠡ ᠵᠠᠰᠠᠯ ᠢ ᠠᠮᠵᠢᠯᠲᠠ ᠲᠠᠢ ᠬᠢᠵᠦ ᠥᠭᠭᠦᠭᠰᠡᠨ ᠪᠠᠶᠢᠨ᠎ᠠ᠃      ᠵᠡᠭᠦᠨ ᠦᠵᠦᠮᠦᠴᠢᠨ ᠬᠤᠰᠢᠭᠤ ᠨᠢ ᠮᠣᠩᠭᠤᠯ ᠤᠯᠤᠰ ᠤᠨ ᠰᠦᠬᠡᠪᠠᠭᠠᠲᠤᠷ ᠠᠶᠢᠮᠠᠭ ᠲᠠᠢ ᠠᠭᠤᠯᠠ ᠤᠰᠤ  ᠪᠠᠷ ᠢᠶᠠᠨ ᠵᠠᠯᠭᠠᠯᠳᠤᠵᠤ᠂ ᠰᠣᠶᠣᠯ ᠢᠷᠭᠡᠨᠰᠢᠯ ᠢᠶᠠᠷ ᠠᠭᠤᠰᠤᠯᠴᠠᠵᠤ᠂ ᠨᠥᠬᠦᠷᠰᠡᠭ ᠶᠠᠪᠤᠯᠴᠠᠭ᠎ᠠ ᠪᠠᠨ ᠪᠠᠲᠤᠯᠠᠭᠰᠠᠭᠠᠷ ᠢᠷᠡᠵᠡᠢ᠃ ᠬᠤᠶᠢᠰᠢᠳᠠ ︽ᠳᠤᠮᠳᠠᠳᠤ ᠮᠣᠩᠭᠤᠯ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 70 ᠵᠢᠯ ᠤᠨ ᠣᠢ ᠶᠢ ᠳᠤᠷᠠᠰᠬᠠᠬᠤ ᠠᠵᠢᠯᠯᠠᠭ᠎ᠠ ᠶᠢᠨ ᠲᠥᠯᠥᠪᠯᠡᠭᠡ︾  ᠶᠤᠰᠤᠭᠠᠷ᠂ ︽ᠨᠢᠭᠡ ᠪᠦᠰᠡ ᠨᠢᠭᠡ ᠵᠠᠮ ·  ᠭᠡᠷᠡᠯᠲᠦ ᠠᠶᠠᠯᠠᠯ︾ ᠤᠨ ᠮᠣᠩᠭᠤᠯ ᠤᠯᠤᠰ ᠲᠠᠬᠢ ᠠᠵᠢᠯᠯᠠᠭᠠᠨ ᠤ ᠠᠪᠤᠷᠠᠨ ᠲᠤᠰᠠᠯᠠᠬᠤ ᠬᠡᠪᠴᠢᠶ᠎ᠡ ᠶᠢ ᠥᠷᠭᠡᠳᠬᠡᠵᠦ᠂ ᠡᠨᠡᠬᠦ ︽ᠨᠢᠭᠡ ᠬᠦᠮᠦᠨ ᠳᠤ ᠬᠠᠷᠠᠭ᠎ᠠ ᠤᠷᠤᠭᠤᠯᠤᠭᠰᠠᠨ ᠢᠶᠠᠷ ᠭᠡᠷ ᠪᠦᠯᠢ ᠨᠢ ᠪᠠᠶᠠᠷ ᠬᠥᠷ ᠲᠠᠢ᠂ ᠬᠤᠲᠠᠯᠠ ᠤᠯᠠᠨ ᠢᠶᠠᠷ ᠢᠶᠠᠨ ᠪᠠᠶᠠᠨ ᠵᠢᠷᠭᠠᠯ ᠲᠠᠢ︾ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠪᠣᠯᠣᠨ᠎ᠠ᠃      ᠶᠣᠰᠣᠯᠠᠯ ᠳᠡᠭᠡᠷ᠎ᠡ ᠮᠣᠩᠭᠤᠯ ᠤᠯᠤᠰ ᠤᠨ ᠰᠦᠬᠡᠪᠠᠭᠠᠲᠤᠷ ᠠᠶᠢᠮᠠᠭ ᠤᠨ ᠤᠯᠠᠭᠠᠨ ᠵᠠᠭᠠᠯᠮᠠᠢᠲᠠᠨ ᠤ ᠨᠡᠶᠢᠭᠡᠮᠯᠢᠭ ᠤᠨ ᠬᠠᠷᠢᠭᠤᠴᠠᠯᠭᠠᠳᠠᠨ ᠠᠴᠠ ᠬᠠᠮᠢᠶ᠎ᠠ ᠪᠦᠬᠦᠢ ᠬᠦᠮᠦᠰ ᠲᠤ ᠮᠣᠩᠭᠤᠯ ᠤᠯᠤᠰ ᠤᠨ ᠤᠯᠠᠭᠠᠨ ᠵᠠᠭᠠᠯᠮᠠᠢᠲᠠᠨ ᠤ ᠨᠡᠶᠢᠭᠡᠮᠯᠢᠭ ᠪᠠᠶᠢᠭᠤᠯᠤᠭᠳᠠᠭᠰᠠᠨ 80 ᠵᠢᠯ ᠤᠨ ᠣᠢ ᠶᠢᠨ ᠠᠯᠲᠠᠨ ᠮᠧᠲᠯ ᠪᠣᠯᠣᠨ ᠮᠣᠩᠭᠤᠯ ᠤᠯᠤᠰ ᠤᠨ ᠰᠦᠬᠡᠪᠠᠭᠠᠲᠤᠷ ᠠᠶᠢᠮᠠᠭ ᠤᠨ ᠤᠯᠠᠭᠠᠨ ᠵᠠᠭᠠᠯᠮᠠᠢᠲᠠᠨ ᠤ ᠨᠡᠶᠢᠭᠡᠮᠯᠢᠭ ᠪᠠᠶᠢᠭᠤᠯᠤᠭᠳᠠᠭᠰᠠᠨ 60 ᠵᠢᠯ ᠤᠨ ᠣᠢ ᠶᠢᠨ ᠨᠡᠷ᠎ᠡ ᠬᠦᠨᠳᠦᠲᠦ ᠲᠡᠮᠳᠡᠭ ᠢ ᠭᠠᠷᠳᠠᠭᠤᠯᠵᠣ᠂ ᠰᠦᠬᠡᠪᠠᠭᠠᠲᠤᠷ ᠠᠶᠢᠮᠠᠭ ᠤᠨ ᠴᠠᠭᠠᠨ ᠬᠠᠷᠠᠩ ᠡᠪᠡᠳᠴᠢᠲᠡᠨ  ᠳᠤ ᠭᠡᠷᠡᠯ ᠭᠡᠭᠡ ᠠᠪᠴᠢᠷᠠᠭᠰᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠢᠲᠠᠨ ᠤ ᠨᠡᠶᠢᠭᠡᠮᠯᠢᠭ ᠤᠨ ᠬᠢᠨ ᠪᠣᠯᠣᠨ ᠡᠮᠴᠢ ᠰᠤᠪᠢᠯᠠᠭᠴᠢᠳ ᠲᠤ ᠴᠢᠩ ᠰᠡᠳᠬᠢᠯ ᠤᠨ ᠲᠠᠯᠠᠷᠬᠠᠯ ᠢᠶᠠᠨ ᠢᠯᠡᠳᠬᠡᠵᠡᠶ᠃      ᠮᠣᠩᠭᠤᠯ ᠤᠯᠤᠰ ᠤᠨ ᠰᠦᠬᠡᠪᠠᠭᠠᠲᠤᠷ ᠠᠶᠢᠮᠠᠭ ᠤᠨ ᠤᠯᠠᠭᠠᠨ ᠵᠠᠭᠠᠯᠮᠠᠢᠲᠠᠨ ᠤ ᠨᠡᠶᠢᠭᠡᠮᠯᠢᠭ ᠤᠨ ᠳᠠᠷᠤᠭ᠎ᠠ ᠰᠣᠳᠨᠠᠮᠴᠡᠷᠡᠩ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠬᠡᠬᠤᠲᠠ ᠠᠴᠠ ᠨᠢᠳᠤᠨ ᠤ ᠡᠮᠨᠡᠯᠭᠡ ᠶᠢᠨ ᠶᠡᠷᠥᠩᠬᠡᠢ ᠬᠤᠷᠢᠶᠠᠨ ᠤ ᠡᠮᠴᠢ ᠮᠡᠷᠭᠡᠵᠢᠯᠲᠡᠨ ᠨᠦᠭᠦᠳ ᠬᠦᠷᠦᠯᠴᠡᠨ ᠢᠷᠡᠵᠦ ᠮᠠᠨ ᠤ ᠠᠶᠢᠮᠠᠭ ᠤᠨ ᠢᠷᠭᠡᠳ ᠲᠤ  ᠨᠢᠳᠤᠨ ᠤ ᠪᠣᠯᠣᠷ ᠰᠣᠯᠢᠬᠤ ᠬᠠᠭᠠᠯᠭ᠎ᠠ ᠶᠢ ᠠᠮᠵᠢᠯᠲᠠ ᠲᠠᠢ ᠬᠢᠵᠦ᠂ ᠥᠨᠥᠳᠥᠷ ᠰᠦᠬᠡᠪᠡᠭᠠᠲᠤᠷ ᠠᠴᠠ ᠬᠦᠷᠦᠯᠴᠡᠨ ᠢᠷᠡᠭᠰᠡᠨ ᠠᠬᠠᠮᠠᠳ ᠨᠠᠰᠤᠳᠠᠳ ᠮᠠᠨᠢ ᠳᠠᠬᠢᠨ ᠠᠮᠢᠳᠤᠷᠠᠯ ᠢ ᠬᠠᠷᠠᠵᠤ ᠭᠡᠷ ᠪᠦᠯᠢ  ᠳᠤᠨᠢ᠂ ᠬᠠᠮᠲᠦ ᠶᠠᠪᠤᠵᠤ ᠪᠠᠶᠢᠭ᠎ᠠ ᠪᠢᠳᠡᠨ ᠳᠤ ᠨᠤᠲᠤᠭ ᠤᠨ ᠵᠣᠨ ᠣᠯᠠᠨ ᠳᠤ ᠮᠠᠰᠢ ᠪᠠᠶᠠᠷ ᠪᠠᠶᠠᠰᠤᠯ ᠢ  ᠠᠪᠴᠢᠷᠠᠵᠤ ᠪᠠᠶᠢᠭ᠎ᠠ ᠳᠤ ᠲᠤᠶᠢᠯ ᠤᠨ ᠪᠠᠶᠠᠷᠲᠠᠢ ᠪᠠᠶᠢᠨ᠎ᠠ᠂ ᠪᠢᠳᠡᠨ ᠤ ᠡᠨᠡ ᠬᠦᠮᠦᠡᠯᠢᠭ ᠤᠨ ᠠᠵᠢᠯ ᠢ ᠬᠠᠮᠲᠦᠷᠠᠨ ᠵᠣᠬᠢᠶᠠᠨ ᠪᠠᠶᠢᠭᠤᠯᠬᠤ ᠳᠤ ᠭᠦᠨ ᠲᠤᠰᠠᠯᠠᠯᠴᠠᠭ᠎ᠠ ᠦᠵᠡᠭᠦᠯᠦᠭᠰᠡᠨ ᠵᠡᠭᠦᠨ ᠦᠵᠦᠮᠦᠴᠢᠨ ᠬᠤᠰᠢᠭᠤᠨ ᠤ ᠤᠯᠠᠭᠠᠨ ᠵᠠᠭᠠᠯᠮᠠᠢ ᠶᠢᠨ ᠨᠡᠶᠢᠭᠡᠮᠯᠢᠭ ᠤᠨ ᠤᠳᠤᠷᠢᠳᠤᠯᠭ᠎ᠠ ᠬᠠᠮᠲᠦ ᠣᠯᠠᠨ ᠳᠤ ᠲᠠᠯᠠᠷᠬᠠᠯ ᠢᠶᠠᠨ ᠢᠯᠡᠷᠬᠡᠶᠢᠯᠡᠶ᠎ᠡ᠂ ᠮᠦᠨ ᠰᠦᠬᠡᠪᠡᠭᠠᠲᠤᠷ ᠠᠶᠢᠮᠠᠭ ᠲᠤ ᠬᠦᠷᠦᠯᠴᠡᠨ ᠣᠴᠢᠵᠤ ᠠᠵᠢᠯᠯᠠᠭᠰᠠᠨ ᠰᠢᠯᠢ ᠶᠢᠨ ᠭᠤᠣᠯ ᠠᠶᠢᠮᠠᠭ ᠤᠨ ᠨᠢᠳᠤᠨ ᠤ ᠡᠮᠨᠡᠯᠭᠡ ᠶᠢᠨ ᠡᠮᠴᠢ ᠮᠡᠷᠭᠡᠵᠢᠯᠲᠡᠨ ᠳᠤ ᠪᠠᠰᠠ ᠲᠠᠯᠠᠷᠬᠠᠯ ᠢᠶᠠᠨ ᠢᠯᠡᠷᠬᠡᠶᠢᠯᠡᠶ᠎ᠡ᠂ ᠪᠢᠳᠡ ᠡᠨᠡ ᠳᠥᠰᠥᠯ ᠤᠨ ᠪᠤᠳᠠᠲᠦ ᠦᠷ᠎ᠡ ᠳ᠋ᠦᠩ ᠢ ᠬᠠᠷᠠᠵᠤ᠂ ᠥᠨᠥᠳᠥᠷ ᠮᠡᠰᠡ ᠵᠠᠰᠠᠯ ᠬᠢᠯᠭᠡᠭᠡᠳ ᠮᠠᠷᠭᠠᠰᠢ ᠨᠢ ᠬᠠᠷᠠᠭ᠎ᠠ ᠨᠢ ᠣᠷᠤᠵᠤ ᠪᠠᠶᠢᠭ᠎ᠠ ᠡᠨᠡ ᠰᠠᠶᠢᠬᠠᠨ ᠪᠠᠶᠠᠷ ᠪᠠᠶᠠᠰᠤᠯ ᠢ ᠬᠠᠷᠠᠭᠠᠳ ᠰᠡᠳᠬᠢᠯ ᠮᠠᠰᠢᠨ ᠥᠨᠳᠥᠷ ᠪᠠᠶᠢᠨ᠎ᠠ᠂ ᠢᠩᠬᠢᠭᠡᠳ ᠮᠣᠩᠭᠤᠯ ᠠᠬᠠᠨ ᠳᠡᠭᠦᠰ ᠲᠡᠭᠡᠨ᠂ ᠪᠢᠳᠡᠨ ᠳᠤ ᠳᠤᠰᠠᠯᠠᠵᠤ ᠪᠠᠶᠢᠭ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ  ᠤᠨ ᠤᠳᠤᠷᠢᠳᠤᠯᠭ᠎ᠠ ᠤᠳ ᠲᠠᠭᠠᠨ ᠭᠦᠨ ᠲᠠᠯᠠᠷᠬᠠᠯ  ᠢᠶᠠᠨ ᠳᠡᠪᠰᠢᠭᠦᠯᠵᠦ ᠪᠠᠶᠢᠬᠤ ᠪᠠᠨ ᠢᠯᠡᠳᠭᠡᠭᠰᠡᠨ ᠪᠠᠶᠢᠨ᠎ᠠ᠃      ᠡᠬᠢᠯᠡᠯᠲᠡ ᠶᠢᠨ ᠶᠣᠰᠣᠯᠠᠯ ᠤᠨ ᠳᠠᠷᠠᠭ᠎ᠠ ᠶᠣᠰᠤᠯᠠᠯ ᠳᠤ ᠣᠷᠤᠯᠴᠠᠭᠰᠠᠳ ᠮᠣᠩᠭᠤᠯ ᠤᠯᠤᠰ  ᠤᠨ ᠨᠢᠳᠤᠨ ᠤ ᠴᠠᠭᠠᠨ ᠬᠠᠷᠠᠩ ᠡᠪᠡᠳᠴᠢᠲᠡᠨ ᠢ ᠲᠣᠬᠤᠨᠢᠭᠤᠯᠵᠤ᠂ ᠪᠡᠶ᠎ᠡ ᠪᠠᠷ ᠢᠶᠠᠨ ᠡᠪᠡᠳᠴᠢᠲᠡᠨ ᠤ ᠨᠢᠳᠦᠨ ᠪᠦᠲᠡᠭᠡᠯᠭᠡ ᠶᠢ ᠨᠢ ᠠᠪᠴᠤ ᠥᠭᠴᠡᠶ᠃ ᠮᠡᠰᠡ ᠵᠠᠰᠠᠯ ᠢᠶᠠᠷ ᠳᠠᠮᠵᠢᠨ  ᠬᠠᠷᠠᠭ᠎ᠠ ᠤᠷᠤᠭᠰᠠᠨ ᠮᠣᠩᠭᠤᠯ ᠤᠯᠤᠰ ᠤᠨ ᠰᠦᠬᠡᠪᠠᠭᠠᠲᠤᠷ ᠠᠶᠢᠮᠠᠭ ᠤᠨ 76 ᠲᠠᠢ ᠠᠳᠢᠶ᠎ᠠ ᠨᠠᠰᠤᠲᠠᠨ ᠠᠯᠢ ᠬᠡᠳᠦ᠋ᠨ ᠪᠡᠯᠡᠳᠬᠡᠭᠰᠡᠨ ᠵᠠᠬᠢᠳᠠᠯ ᠢᠶᠠᠨ ᠨᠢᠭᠡ ᠨᠢᠭᠡ ᠪᠠᠷ ᠤᠩᠰᠢᠵᠤ ᠂ ᠳᠤᠮᠳᠠᠳᠤ ᠤᠯᠤᠰ ᠤᠨ ᠠᠷᠠᠳ ᠲᠦᠮᠡᠨ ᠪᠣᠯᠤᠨ ᠡᠮᠴᠢ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠢᠯᠡᠳᠬᠡᠵᠦ ᠪᠠᠶᠢᠯ᠎ᠠ᠃      ᠣᠶᠢᠷ᠎ᠠ ᠶᠢᠨ ᠵᠢᠯ ᠤᠨ ᠲᠤᠷᠰᠢ᠂ ᠵᠡᠭᠦᠨ ᠦᠵᠦᠮᠦᠴᠢᠨ ᠬᠤᠰᠢᠭᠤ ᠮᠣᠩᠭᠤᠯ ᠤᠯᠤᠰ ᠤᠨ ᠬᠥᠷᠰᠢ ᠵᠡᠷᠭᠡᠯᠡᠳᠡᠭᠡ ᠭᠠᠵᠠᠷ ᠤᠷᠤᠨ ᠲᠠᠢ ᠠᠵᠤ ᠠᠬᠤᠶ᠂ ᠰᠣᠶᠣᠯ᠂ ᠰᠤᠷᠭᠠᠨ ᠬᠥᠮᠦᠵᠢᠯ ᠪᠣᠯᠤᠨ ᠡᠮ ᠡᠮᠨᠡᠯᠭᠡ ᠵᠡᠷᠭᠡ ᠡᠯ᠎ᠡ ᠲᠠᠯ᠎ᠠ ᠪᠠᠷ ᠰᠣᠯᠢᠯᠴᠠᠭ᠎ᠠ ᠬᠠᠮᠲᠤᠷᠠᠯᠴᠠᠭ᠎ᠠ ᠪᠠᠨ ᠲᠠᠰᠤᠷᠠᠯᠲᠠ ᠦᠭᠡᠢ ᠴᠢᠩᠭᠠᠳᠬᠠᠵᠤ ᠢᠷᠡᠵᠡᠢ  ᠃ ᠲᠣᠰ ᠤᠳᠠᠭ᠎ᠠ ᠥᠷᠨᠢᠭᠦᠯᠦᠭᠰᠡᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠨᠢ ᠬᠤᠶᠠᠷ ᠤᠯᠤᠰ ᠤᠨ ᠠᠷᠠᠳ ᠲᠦᠮᠡᠨ ᠤ ᠨᠥᠬᠦᠷᠯᠡᠯ  ᠢ ᠨᠠᠩ ᠭᠦᠨᠵᠡᠭᠡᠶᠢᠷᠡᠭᠦᠯᠵᠦ᠂ ᠮᠣᠩᠭᠤᠯ ᠤᠯᠤᠰ  ᠤᠨ ᠡᠪᠡᠳᠴᠢᠲᠡᠨ ᠤ ᠬᠦᠴᠢᠷᠳᠡᠯ ᠢ ᠰᠢᠶᠳᠪᠦᠷᠢᠯᠡᠵᠦ ᠥᠭᠭᠦᠭᠰᠡᠨ ᠢᠶᠠᠷ ᠪᠠᠷᠠᠬᠤ ᠦᠭᠡᠢ ᠡᠨᠡ ᠨᠢ ᠮᠥᠨ ᠴᠦ ᠳᠤᠮᠳᠠᠳᠤ ᠮᠣᠩᠭᠤᠯ ᠤᠨ ᠭᠠᠳᠠᠭᠠᠲᠤ ᠬᠠᠷᠢᠯᠴᠠᠭ᠎ᠠ ᠪᠠᠶᠢᠭᠤᠯᠤᠭᠰᠠᠨ 70 ᠵᠢᠯ ᠤᠨ ᠤᠢ ᠳᠤ ᠪᠡᠯᠡᠭ ᠪᠠᠷᠢᠵᠤ ᠪᠠᠶᠢᠭ᠎ᠠ ᠶᠠᠪᠤᠳᠠᠯ ᠪᠣᠯᠤᠨ᠎ᠠ᠃      ᠰᠣᠷᠪᠤᠯᠵᠢᠯᠠᠭ᠎ᠠ᠄ ᠵᠡᠭᠦᠨ ᠦᠵᠦᠮᠦᠴᠢᠨ ᠬᠤᠰᠢᠭᠤᠨ ᠤ ᠤᠯᠠᠭᠠᠨ ᠵᠠᠭᠠᠯᠮᠠᠢᠲᠠᠨ ᠤ ᠨᠡᠶᠢᠭᠡᠮᠯᠢᠭ ᠤᠨ ᠪᠠᠶᠢᠩᠭᠤ ᠶᠢᠨ ᠳᠡᠳ᠋ ᠳᠠᠷᠤᠭ᠎ᠠ ᠴᠤᠭᠰᠠᠶᠢᠨ ᠠᠴᠠ ᠵᠡᠭᠦᠨ ᠦᠵᠦᠮᠦᠴᠢᠨ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠨᠢ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠨ ᠪᠤᠳᠠᠲᠠᠢ ᠪᠠᠶᠢᠷᠢᠯᠠᠭᠤᠯᠤᠯᠲᠠ ᠪᠠᠷ ᠮᠣᠩᠭᠤᠯ ᠳᠤᠮᠳᠠᠳᠤ ᠶᠢᠨ ᠭᠠᠳᠠᠭᠠᠲᠤ ᠬᠠᠷᠢᠯᠴᠠᠭ᠎ᠠ ᠪᠠᠶᠢᠭᠤᠯᠤᠭᠰᠠᠨ70 ᠵᠢᠯ ᠤᠨ ᠣᠢ ᠶᠢ ᠳᠤᠷᠠᠰᠬᠠᠬᠤ ᠠᠵᠢᠯᠯᠠᠭ᠎ᠠ ᠶᠢᠨ ᠪᠦᠷᠢᠯᠳᠦᠭᠦᠨ ᠪᠣᠯᠭᠠᠵᠤ ᠡᠨᠡ ᠠᠵᠢᠯᠯᠠᠭ᠎ᠠ ᠶᠢ ᠶᠠᠪᠤᠭᠳᠠᠭᠤᠯᠤᠭᠰᠠᠨ᠂ ᠬᠤᠶᠢᠰᠢᠲᠠ ᠨᠢᠭᠡ ᠪᠦᠰᠡ ᠵᠠᠮ ᠨᠢᠭᠡ ᠳᠥᠰᠥᠯ ᠤᠨ ᠳᠠᠭᠠᠤ ᠮᠣᠩᠭᠤᠯ ᠤᠯᠤᠰ ᠤᠨ ᠵᠡᠭᠦᠨ ᠪᠦᠰᠡ ᠨᠤᠲᠤᠭ ᠲᠤ ᠬᠡᠤᠬᠡᠳ ᠤᠨ ᠲᠥᠷᠥᠯᠬᠢ ᠶᠢᠨ ᠵᠢᠷᠦᠬᠡᠨ ᠡᠪᠡᠳᠴᠢᠨ ᠤ ᠵᠠᠰᠠᠯ ᠪᠣᠯᠣᠨ ᠰᠤᠷᠤᠭᠴᠢᠳ ᠤᠨ ᠬᠠᠷᠠᠭ᠎ᠠ ᠰᠣᠯᠢᠷ᠂ ᠣᠶᠢᠷ᠎ᠠ ᠬᠠᠷᠠᠭ᠎ᠠ ᠶᠢ ᠡᠮᠴᠢᠯᠡᠨ ᠵᠠᠰᠠᠬᠤ  ᠬᠠᠯᠠᠮᠵᠢ ᠳᠤᠰᠠᠯᠠᠮᠵᠢ ᠶᠢᠨ ᠠᠵᠢᠯᠯᠠᠭ᠎ᠠ ᠶᠢ ᠥᠷᠨᠢᠭᠦᠯᠬᠦ ᠪᠣᠯᠣᠨ᠎ᠠ ᠭᠡᠰᠡᠨ ᠪᠠᠶᠢᠨ᠎ᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号