ᠮᠣᠩᠭᠤᠯ ᠤᠯᠤᠰ ᠤᠨ ᠬᠡᠨᠲᠡᠶ ᠠᠶᠢᠮᠠᠭ ᠤᠨ ᠳᠠᠷᠬᠠᠨ ᠰᠤᠮᠤ ᠶᠢᠨ ᠬᠢᠨ ᠮᠠᠨ ᠤ ᠬᠤᠰᠢᠭᠤᠨ ᠲᠣᠭᠤᠷᠢᠨ ᠰᠤᠷᠤᠯᠴᠠᠭᠰᠠᠨ ᠪᠠᠶᠢᠨ᠎ᠠ
ᠨᠡᠶᠢᠲᠡᠯᠡᠭᠰᠡᠨ ᠴᠠᠭ᠄
2019/9/29
      ᠣᠶᠢᠷ᠎ᠠ ᠳᠤ᠂ ᠮᠣᠩᠭᠤᠯ ᠤᠯᠤᠰ ᠤᠨ ᠬᠡᠨᠲᠡᠶ ᠠᠶᠢᠮᠠᠭ ᠤᠨ ᠳᠠᠷᠬᠠᠨ ᠰᠤᠮᠤ ᠶᠢᠨ ᠲᠣᠭᠤᠷᠢᠨ ᠰᠤᠷᠤᠯᠴᠠᠵᠤ ᠰᠣᠯᠢᠯᠴᠠᠭ᠎ᠠ ᠥᠷᠨᠢᠭᠦᠯᠬᠦ ᠪᠦᠯᠬᠦᠮ ᠤᠨ ᠬᠢᠨ ᠮᠠᠨ ᠤ ᠬᠤᠰᠢᠭᠤᠨ ᠳᠤ ᠢᠷᠡᠵᠦ ᠬᠠᠳᠠᠪᠴᠢ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠪᠣᠯᠣᠨ ᠮᠠᠨ ᠤ ᠬᠤᠰᠢᠭᠤᠨ ᠤ ᠣᠳᠣ ᠦᠶ᠎ᠡ ᠶᠢᠨ ᠮᠠᠯ ᠠᠵᠤ ᠠᠬᠤᠶ ᠶᠢᠨ ᠵᠢᠱᠢᠶ᠎ᠡ ᠦᠵᠡᠭᠦᠯᠬᠦ ᠴᠡᠭ ᠪᠠ ᠠᠷᠠᠳ ᠤᠨ ᠵᠠᠩ ᠵᠠᠩᠰᠢᠯ᠂ ᠰᠣᠶᠣᠯ ᠤᠨ ᠪᠠᠶᠢᠭᠤᠯᠤᠯᠲᠠ ᠶᠢᠨ ᠡᠯ᠎ᠡ ᠵᠢᠱᠢᠶ᠎ᠡ ᠦᠵᠡᠭᠦᠯᠬᠦ ᠴᠡᠭ ᠲᠤ ᠭᠦᠨᠵᠡᠭᠡᠶᠢᠷᠡᠨ᠎ᠡ 3 ᠡᠳᠦᠷ ᠤᠨ ᠬᠤᠭᠤᠴᠠᠭ᠎ᠠ ᠲᠠᠢ ᠲᠤᠭᠤᠷᠢᠨ ᠰᠤᠷᠤᠯᠴᠠᠯᠭ᠎ᠠ ᠪᠠ ᠰᠤᠯᠢᠯᠴᠠᠭ᠎ᠠ ᠥᠷᠨᠢᠭᠦᠯᠵᠡᠢ᠃  ᠬᠠᠳᠠᠪᠴᠢ ᠪᠠᠯᠭᠠᠰᠤ ᠶᠢᠨ ᠨᠠᠮ ᠵᠠᠰᠠᠭ ᠤᠨ ᠬᠠᠮᠢᠶ᠎ᠠ ᠪᠦᠬᠦᠢ ᠬᠠᠷᠢᠭᠤᠴᠠᠯᠭᠠᠳᠠᠳ ᠬᠠᠮᠲᠦ ᠲᠣᠭᠤᠷᠢᠨ ᠪᠠᠶᠢᠴᠠᠭᠠᠵᠠᠢ᠃      ᠡᠨᠡ ᠬᠤᠭᠤᠴᠠᠭᠠᠨ ᠳᠤ᠂ ᠮᠣᠩᠭᠤᠯ ᠤᠯᠤᠰ ᠤᠨ ᠬᠡᠨᠲᠡᠶ ᠠᠶᠢᠮᠠᠭ ᠤᠨ ᠳᠠᠷᠬᠠᠨ ᠰᠤᠮᠤ ᠶᠢᠨ ᠲᠣᠭᠤᠷᠢᠨ ᠰᠤᠷᠤᠯᠴᠠᠬᠤ ᠪᠦᠯᠬᠦᠮ ᠤᠨ ᠬᠢᠨ ᠤᠷᠢᠳ ᠬᠤᠵᠢᠳ ᠬᠠᠲᠠᠪᠴᠢ ᠪᠠᠯᠭᠠᠰᠤ ᠶᠢᠨ ᠪᠠᠯᠭᠠᠰᠤ ᠲᠣᠭᠤᠷᠢᠭ ᠤᠨ ᠪᠦᠲᠦᠭᠡᠨ ᠪᠠᠶᠢᠭᠤᠯᠤᠯᠲᠠ ᠵᠢᠴᠢ ᠱᠠᠩᠳᠤ ᠭᠠᠴᠠᠭᠠᠨ ᠤ ᠮᠠᠯᠴᠢᠨ ᠠᠶᠢᠯ᠂ ᠡᠵᠢ ᠨᠠᠭᠤᠷ ᠳᠠᠪᠤᠰᠤᠨ ᠲᠠᠯᠠᠪᠠᠢ ᠪᠣᠯᠤᠨ ᠡᠵᠢ ᠨᠠᠭᠤᠷ ᠪᠠᠯᠭᠠᠰᠤᠨ ᠤ ᠬᠠᠷᠠᠭᠤᠪᠢ ᠮᠠᠯ ᠠᠵᠤ ᠠᠬᠤᠢ ᠶᠢᠨ ᠬᠤᠷᠰᠢᠶᠠᠵᠢᠯ᠂ ᠦᠵᠦᠮᠦᠴᠢᠨ ᠮᠦᠽᠧᠶ ᠵᠡᠷᠭᠡ ᠭᠠᠵᠠᠷ  ᠢᠶᠠᠷ ᠲᠣᠭᠤᠷᠢᠨ ᠦᠵᠡᠵᠦ᠂ ᠮᠠᠨ ᠤ ᠬᠤᠰᠢᠭᠤᠨ ᠤ ᠰᠢᠨ᠎ᠡ ᠮᠠᠯᠵᠢᠬᠤ ᠣᠷᠣᠨ ᠤ ᠪᠦᠲᠦᠭᠡᠨ ᠪᠠᠶᠢᠭᠤᠯᠤᠯᠲᠠ᠂ ᠪᠠᠶᠢᠭᠠᠯᠢ ᠶᠢᠨ ᠡᠬᠢ ᠪᠠᠶᠠᠯᠢᠭ ᠤᠨ  ᠨᠡᠭᠡᠭᠡᠨ ᠬᠥᠭᠵᠢᠭᠦᠯᠦᠯᠳᠡ᠂ ᠮᠠᠯ ᠠᠵᠤ ᠠᠬᠤᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠵᠢᠴᠢ ᠦᠵᠦᠮᠦᠴᠢᠨ ᠠᠷᠠᠳ ᠤᠨ ᠵᠠᠩ ᠵᠠᠩᠰᠢᠯ᠂ ᠰᠣᠶᠣᠯ ᠤᠨ ᠪᠠᠶᠢᠭᠤᠯᠤᠯᠲᠠ ᠵᠡᠷᠭᠡ ᠲᠠᠯ᠎ᠠ ᠶᠢᠨ ᠪᠠᠶᠢᠳᠠᠯ ᠢ ᠣᠶᠢᠯᠭᠠᠭᠰᠠᠨ ᠪᠥᠭᠡᠳ ᠬᠠᠳᠠᠪᠴᠢ ᠪᠠᠯᠭᠠᠰᠤᠨ ᠤ ᠱᠠᠭ᠎ᠠ ᠶᠢᠨ ᠰᠣᠶᠣᠯ ᠤᠨ ᠤᠯᠠᠮᠵᠢᠯᠠᠭᠴᠢ  ᠬᠥᠮᠦᠵᠢᠯᠲᠦ ᠨᠠᠰᠤᠲᠠᠨ ᠲᠠᠢ ᠶᠠᠷᠢᠯᠴᠠᠨ᠂ ᠱᠠᠭ᠎ᠠ ᠶᠢᠨ ᠰᠣᠶᠣᠯ ᠤᠨ ᠪᠦᠲᠦᠭᠡᠨ ᠪᠠᠶᠢᠭᠤᠯᠤᠯᠲᠠ᠂ ᠵᠠᠯᠭᠠᠮᠵᠢᠯᠠᠯ᠂ ᠪᠠᠳᠠᠷᠠᠭᠤᠯᠤᠯᠲᠠ ᠵᠡᠷᠭᠡ ᠪᠠᠶᠢᠳᠠᠯ ᠢ ᠭᠦᠨᠵᠡᠭᠡᠶ ᠣᠶᠢᠯᠠᠭᠠᠪᠠ᠃      ᠮᠣᠩᠭᠤᠯ ᠤᠯᠤᠰ ᠤᠨ ᠬᠡᠨᠲᠡᠶ ᠠᠶᠢᠮᠠᠭ ᠤᠨ ᠳᠠᠷᠬᠠᠨ ᠰᠤᠮᠤ ᠶᠢᠨ ᠲᠣᠭᠤᠷᠢᠨ ᠰᠤᠷᠤᠯᠴᠠᠬᠤ ᠪᠦᠯᠬᠦᠮ ᠤᠨ  ᠬᠢᠨ ᠮᠠᠨ ᠤ ᠬᠤᠰᠢᠭᠤᠨ ᠤ ᠮᠠᠯ ᠠᠵᠤ ᠠᠬᠤᠢ ᠶᠢᠨ ᠬᠥᠭᠵᠢᠯᠲᠡ ᠳᠤ ᠥᠨᠳᠥᠷ ᠦᠨᠡᠯᠡᠯᠲᠡ ᠥᠭᠭᠦᠭᠰᠡᠨ ᠤ ᠬᠠᠮᠲᠦ ᠲᠣᠰ ᠤᠳᠠᠭᠠᠨ ᠤ ᠲᠣᠭᠤᠷᠢᠨ ᠰᠤᠷᠤᠯᠴᠠᠯᠭ᠎ᠠ ᠨᠢ ᠠᠭᠤᠯᠭ᠎ᠠ ᠪᠠᠷ ᠪᠠᠶᠠᠯᠢᠭ᠂ ᠣᠯᠤᠯᠲᠠ ᠶᠡᠭᠡ᠂ ᠮᠠᠰᠢ ᠥᠨᠳᠥᠷ ᠰᠤᠷᠤᠯᠴᠠᠨ ᠲᠣᠯᠢᠳᠠᠬᠤ ᠦᠨ᠎ᠡ ᠥᠷᠲᠡᠭ ᠲᠠᠢ ᠭᠡᠰᠡᠨ ᠤ ᠬᠠᠮᠲᠦ ᠲᠠᠷᠠᠭᠠᠴᠢ ᠶᠢᠨ ᠠᠯᠬᠤᠮ ᠳᠤ ᠮᠠᠯ ᠠᠵᠤ ᠠᠬᠤᠢ  ᠶᠢᠨ ᠬᠥᠭᠵᠢᠯᠲᠡ᠂ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ᠂ ᠰᠣᠶᠣᠯ ᠤᠨ ᠤᠯᠠᠮᠵᠢᠯᠠᠯ ᠵᠡᠷᠭᠡ ᠣᠯᠠᠨ ᠲᠠᠯ᠎ᠠ ᠪᠠᠷ ᠤᠯᠠᠮ ᠨᠢᠭᠡ ᠠᠯᠬᠤᠮ ᠬᠠᠮᠲᠦᠷᠠᠨ ᠠᠵᠢᠯᠯᠠᠵᠤ ᠰᠣᠯᠢᠯᠴᠠᠭ᠎ᠠ ᠥᠷᠨᠢᠭᠦᠯᠬᠦ ᠶᠢ ᠬᠦᠰᠡᠪᠡ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号