ᠵᠡᠭᠦᠨ ᠬᠠᠲᠠᠪᠴᠢ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠵᠡᠰ ᠨᠢᠭᠤᠴᠠ ᠪᠠᠷ ᠠᠷᠠᠯᠵᠢᠶᠠᠯᠠᠭᠰᠠᠨ ᠬᠡᠷᠡᠭ ᠢ ᠢᠯᠡᠷᠡᠭᠦᠯᠦᠭᠰᠡᠨ ᠪᠠᠶᠢᠨ᠎ᠠ
ᠨᠡᠶᠢᠲᠡᠯᠡᠭᠰᠡᠨ ᠴᠠᠭ᠄
2020/1/2
      ᠠᠷᠪᠠᠨ ᠬᠤᠶᠠᠳᠤᠭᠠᠷ ᠰᠠᠷ᠎ᠠ ᠠᠴᠠ ᠨᠠᠰᠢ᠂ ᠠᠭᠠᠷ ᠤᠨ ᠳᠤᠯᠠᠭᠠᠨ ᠭᠡᠨᠡᠳᠲᠡ ᠪᠠᠭᠤᠷᠠᠵᠤ᠂ ᠭᠡᠷ ᠤᠨ ᠭᠠᠳᠠᠨᠠᠬᠢ ᠬᠠᠮᠤᠭ ᠤᠨ ᠳᠣᠤᠷ᠎ᠠ ᠳᠤᠯᠠᠭᠠᠨ ᠤ ᠬᠡᠮᠵᠢᠶ᠎ᠡ ᠲᠡᠭ ᠠᠴᠠ ᠳᠣᠷᠣᠭᠰᠢ ᠬᠤᠷᠢᠨ ᠲᠠᠪᠤ ᠵᠢᠷᠭᠤᠭᠠᠨ ᠭᠷᠠᠳᠦ᠋ᠰ ᠲᠤ ᠬᠦᠷᠦᠭᠰᠡᠨ ᠪᠣᠯᠪᠠᠴᠤ᠂ ᠵᠡᠭᠦᠨ ᠬᠠᠲᠠᠪᠴᠢ ᠪᠣᠭᠤᠮᠲᠠ ᠳᠤ ᠰᠠᠬᠢᠨ ᠰᠠᠭᠤᠭ᠎ᠠ  ᠬᠢᠯᠢ ᠶᠢᠨ ᠪᠠᠶᠢᠴᠠᠭᠠᠯᠲᠠ ᠶᠢᠨ ᠥᠷᠲᠡᠭᠡᠨ ᠤ ᠠᠷᠠᠳ ᠤᠨ ᠴᠠᠭᠳᠠᠭ᠎ᠠ ᠬᠢᠯᠢ ᠪᠠᠷ ᠣᠷᠣᠵᠤ ᠭᠠᠷᠬᠤ ᠲᠡᠷᠭᠡ ᠬᠥᠰᠬᠡ᠂ ᠬᠥᠮᠦᠰ ᠢ ᠪᠠᠶᠢᠴᠠᠭᠠᠬᠤ ᠠᠵᠢᠯ ᠢᠶᠠᠨ ᠥᠴᠦᠬᠡᠨ ᠴᠦ ᠰᠤᠯᠠᠷᠠᠭᠤᠯᠤᠭᠰᠠᠨ ᠦᠭᠡᠢ᠃ ᠤᠶᠢᠷ᠎ᠠ ᠳᠤ᠂ ᠬᠢᠯᠢ ᠶᠢᠨ ᠪᠠᠶᠢᠴᠠᠭᠠᠬᠤ ᠥᠷᠲᠡᠭᠡᠨ ᠤ ᠠᠷᠠᠳ ᠤᠨ ᠴᠠᠭᠳᠠᠭ᠎ᠠ ᠮᠣᠩᠭᠤᠯ ᠤᠯᠤᠰ ᠠᠴᠠ ᠣᠷᠣᠵᠤ ᠢᠷᠡᠵᠦ ᠪᠠᠶᠢᠭ᠎ᠠ ᠨᠢᠭᠡᠨ ᠲᠡᠷᠭᠡᠨ ᠳᠤ ᠬᠢᠯᠢ ᠶᠢᠨ ᠪᠠᠶᠢᠴᠠᠭᠠᠯᠲᠠ ᠬᠢᠬᠦ ᠦᠶᠡᠰ᠂ ᠲᠣᠰ ᠲᠡᠷᠭᠡᠨ ᠤ ᠡᠮᠦᠨ᠎ᠡ ᠡᠭᠦᠳᠡᠨ ᠤ ᠬᠠᠪᠲᠠᠰᠤ ᠶᠢᠨ ᠬᠡᠰᠡᠭ ᠲᠤ ᠵᠡᠰ ᠤᠲᠠᠰᠤ ᠪᠠᠶᠢᠬᠤ ᠶᠢ ᠣᠯᠵᠤ ᠮᠡᠳᠡᠨ᠂ ᠬᠤᠷᠢᠭ᠎ᠠ ᠲᠠᠢ ᠡᠳ᠋ ᠪᠣᠳᠠᠰ ᠠᠪᠴᠤ ᠶᠠᠪᠤᠵᠤ ᠪᠠᠶᠢᠬᠤ ᠪᠠᠷ ᠰᠡᠵᠢᠭᠯᠡᠨ᠂ ᠲᠡᠷᠭᠡᠨ ᠤ ᠮᠠᠰᠢᠨ ᠤ ᠲᠠᠭᠯᠠᠭ᠎ᠠ᠂ ᠲᠡᠷᠭᠡᠨ ᠡᠭᠦᠳᠡ᠂ ᠰᠠᠭᠤᠳᠠᠯ ᠵᠡᠷᠭᠡ ᠳᠤ ᠭᠤᠤᠯᠳᠠᠯᠭ᠎ᠠ ᠲᠠᠢ ᠪᠠᠶᠢᠴᠠᠭᠠᠯᠲᠠ ᠬᠢᠭᠰᠡᠨ ᠪᠤᠯᠪᠠᠴᠤ ᠰᠡᠵᠢᠭᠯᠡᠯᠲᠡᠢ ᠪᠤᠳᠠᠰ ᠢᠯᠡᠷᠡᠭᠦᠯᠦᠭᠰᠡᠨ ᠦᠭᠡᠢ᠃ ᠠᠷᠠᠳ ᠤᠨ ᠴᠠᠭᠳᠠᠭ᠎ᠠ ᠨᠠᠷ ᠠᠴᠠ ᠵᠠᠯᠭᠠᠭᠠᠳ ᠲᠤᠰ ᠲᠡᠷᠭᠡᠨ ᠤ ᠳᠤᠤᠷᠠᠳᠤ ᠬᠡᠰᠡᠭ ᠲᠤ ᠭᠤᠤᠯᠳᠠᠯᠭ᠎ᠠ ᠲᠠᠢ ᠪᠠᠶᠢᠴᠠᠭᠠᠯᠲᠠ ᠬᠢᠵᠦ᠂ ᠡᠴᠦᠰ ᠲᠡᠭᠡᠨ ᠲᠡᠷᠭᠡᠨ ᠤ ᠲᠤᠤᠷ᠎ᠠ ᠲᠠᠯ᠎ᠠ ᠳᠠᠬᠢ ᠰᠢᠪᠡᠷ ᠬᠠᠪᠲᠠᠰᠤ ᠶᠢᠨ ᠳᠠᠪᠬᠤᠷᠭ᠎ᠠ ᠠᠴᠠ ᠨᠡᠶᠢᠲᠡ 20.7 ᠺᠢᠯᠣᠭ᠍ᠷᠠᠮ  ᠵᠡᠰ ᠢᠯᠡᠷᠡᠭᠦᠯᠵᠡᠶ᠃ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠣᠭᠲᠠᠭᠠᠯ ᠶᠣᠰᠣᠭᠠᠷ᠂ ᠲᠣᠰ ᠬᠡᠷᠡᠭ ᠢ ᠨᠢᠭᠡᠨᠲᠡ ᠪᠣᠭᠤᠮᠲᠠ ᠶᠢᠨ ᠨᠢᠭᠤᠴᠠ ᠪᠠᠷ ᠠᠷᠠᠯᠵᠢᠶᠠᠯᠠᠭᠰᠠᠳ ᠢ ᠪᠠᠷᠢᠪᠴᠢᠯᠠᠬᠤ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠵᠤ ᠤᠯᠠᠮ ᠨᠢᠭᠡ ᠠᠯᠬᠤᠮ ᠰᠢᠢᠳᠪᠦᠷᠢᠯᠡᠭᠦᠯᠵᠡᠢ᠃      ᠣᠶᠢᠯᠠᠭᠠᠭᠰᠠᠨ ᠢᠶᠠᠷ᠂ ᠡᠪᠦᠯ ᠤᠨ ᠤᠯᠠᠷᠢᠯ ᠪᠣᠯ ᠶᠡᠷᠦ ᠠᠴᠠ ᠨᠢᠭᠤᠴᠠ ᠪᠠᠷ ᠠᠷᠠᠯᠵᠢᠶᠠᠯᠠᠬᠤ ᠠᠵᠢᠯᠯᠠᠭ᠎ᠠ ᠶᠢᠨ ᠣᠷᠭᠢᠯ ᠬᠤᠭᠤᠴᠠᠭ᠎ᠠ ᠪᠣᠯᠤᠭᠰᠠᠭᠠᠷ ᠢᠷᠡᠭᠰᠡᠨ ᠶᠤᠮ᠂ ᠬᠢᠯᠢ ᠶᠢᠨ ᠪᠠᠶᠢᠴᠠᠭᠠᠬᠤ ᠥᠷᠲᠡᠭᠡ ᠥᠩᠭᠡᠷᠡᠭᠰᠡᠨ ᠤ ᠪᠠᠶᠢᠴᠠᠭᠠᠨ ᠢᠯᠡᠷᠡᠭᠦᠯᠦᠭᠰᠡᠨ ᠵᠢᠮ᠎ᠡ ᠶᠣᠰᠣ ᠶᠢ ᠨᠠᠷᠢᠨ ᠬᠢᠨᠠᠮᠠᠭᠠᠶ ᠵᠠᠳᠠᠯᠵᠤ᠂ ᠨᠢᠭᠤᠴᠠ ᠪᠠᠷ ᠠᠷᠠᠯᠵᠢᠶᠠᠯᠠᠬᠤ ᠴᠠᠭ ᠬᠤᠭᠤᠴᠠᠭ᠎ᠠ᠂ ᠡᠳ᠋ ᠪᠣᠳᠠᠰ ᠢ ᠨᠢᠭᠤᠨ ᠳᠠᠯᠳᠠᠯᠠᠬᠤ ᠭᠠᠵᠠᠷ ᠵᠡᠷᠭᠡ ᠶᠢ ᠭᠤᠤᠯᠳᠠᠯᠭ᠎ᠠ ᠲᠠᠢ ᠰᠤᠳᠤᠯᠤᠨ᠂ ᠰᠢᠪᠲᠤᠯᠤᠯᠲᠠ ᠬᠢᠵᠦ᠂ ᠬᠠᠨᠳᠤᠯᠭᠠᠲᠤ ᠴᠢᠨᠠᠷᠲᠠᠶ ᠪᠠᠶᠢᠴᠠᠭᠠᠨ ᠰᠢᠯᠭᠠᠬᠤ ᠠᠷᠭ᠎ᠠ ᠬᠡᠮᠵᠢᠶ᠎ᠡ ᠲᠣᠭᠲᠠᠭᠠᠵᠤ᠂ ᠠᠴᠢᠶ᠎ᠠ ᠲᠡᠭᠡᠭᠡᠪᠦᠷᠢ ᠪᠠ  ᠲᠡᠷᠭᠡ ᠶᠢ ᠪᠠᠶᠢᠴᠠᠭᠠᠨ ᠰᠢᠯᠭᠠᠬᠤ ᠡᠷᠴᠢᠮ ᠢᠶᠠᠨ ᠴᠢᠩᠭᠠᠷᠠᠭᠤᠯᠵᠤ᠂ ᠪᠣᠭᠤᠮᠲᠠ ᠥᠩᠭᠡᠷᠡᠬᠦ ᠡᠴᠦᠰ ᠤᠨ ᠪᠠᠶᠢᠴᠠᠭᠠᠯᠲᠠ ᠶᠢ ᠴᠢᠩᠭ᠎ᠠ ᠠᠳᠬᠤᠨ᠂ ᠡᠯ᠎ᠡ ᠲᠥᠷᠥᠯ ᠤᠨ ᠡᠳ᠋ ᠪᠣᠳᠠᠰ ᠢ ᠨᠢᠭᠤᠴᠠ ᠪᠠᠷ ᠠᠷᠠᠯᠵᠢᠶᠠᠯᠠᠵᠤ ᠬᠢᠯᠢ ᠪᠠᠷ ᠤᠷᠤᠭᠤᠯᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号