ᠵᠡᠬᠦᠨ ᠣᠢᠵᠣᠮᠣᠴᠢᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ  ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠬᠡᠯᠳᠡᠰ ᠤᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2020/11/23
       11 ᠰᠠᠷ᠎ᠠ ᠶᠢᠨ 21 ᠤ ᠣᠷᠣᠢ᠂ ᠱᠠᠩᠬᠠᠶ ᠬᠤᠲᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠮᠡᠳᠡᠭᠡ ᠵᠠᠩᠭᠢ ᠨᠡᠶᠢᠳᠡᠯᠡᠭᠰᠡᠨ ᠢᠶᠠᠷ᠂ ᠱᠠᠩᠬᠠᠶ ᠬᠤᠳᠠ ᠳᠤ ᠲᠣᠰ ᠭᠠᠵᠠᠷ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢᠶᠠᠷ ᠣᠨᠣᠰᠢᠯᠠᠭᠳᠠᠭᠰᠠᠨ ᠡᠪᠡᠳᠴᠢᠨ ᠤ ᠵᠢᠱᠢᠶ᠎ᠡ 1 ᠰᠢᠨ᠎ᠡ ᠪᠠᠷ ᠨᠡᠮᠡᠭᠳᠡᠪᠡ᠃ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠨ ᠡᠵᠡᠮᠳᠡᠬᠦ ᠲᠣᠭᠲᠠᠴᠠ ᠶᠢᠨ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠲᠣᠰ ᠡᠪᠡᠳᠴᠢᠨ ᠤ ᠵᠢᠱᠢᠶ᠎ᠡ ᠶᠢᠨ ᠰᠠᠭᠤᠭ᠎ᠠ ᠭᠠᠵᠠᠷ ᠱᠠᠩᠬᠠᠢ ᠬᠤᠲᠠ ᠶᠢᠨ ᠫᠦ᠋ ᠳ᠋ᠦᠩ ᠰᠢᠨ᠎ᠡ ᠲᠣᠭᠤᠷᠢᠭ ᠤᠨ ᠵᠦ ᠴᠢᠶᠣᠤ ᠪᠠᠯᠭᠠᠰᠤᠨ ᠤ ᠰᠢᠨ ᠱᠧᠩ ᠲᠣᠭᠤᠷᠢᠭ ᠢ ᠳᠣᠮᠳᠠ ᠳᠡᠰ ᠤᠨ ᠠᠶᠤᠯ ᠲᠦᠭᠰᠢᠭᠦᠷᠢᠲᠡᠶ ᠭᠠᠵᠠᠷ ᠣᠷᠣᠨ ᠳᠤ ᠣᠷᠣᠭᠤᠯᠪᠠ︔ 11 ᠰᠠᠷ᠎ᠠ ᠶᠢᠨ 21 ᠤ ᠣᠷᠣᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠯᠥᠨ ᠪᠤᠶᠢᠷ ᠬᠤᠲᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠬᠡᠯᠳᠡᠰ ᠠᠴᠠ ᠠᠯᠪᠠᠨ ᠵᠠᠷᠯᠠᠯ ᠨᠡᠶᠢᠲᠡᠯᠡᠵᠦ᠂ ︽ᠪᠠᠶᠢᠴᠠᠭᠠᠬᠤ ᠶᠣᠰᠣᠲᠠᠶ ᠶᠢ ᠪᠦᠬᠦᠨ ᠢ ᠪᠠᠶᠢᠴᠠᠭᠠᠬᠤ︾   ᠪᠠᠷ ᠳᠠᠮᠵᠢᠨ ᠲᠣᠰ ᠭᠠᠵᠠᠷ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢᠶᠠᠷ ᠣᠨᠣᠰᠢᠯᠠᠭᠳᠠᠭᠰᠠᠨ ᠬᠤᠶᠠᠷ ᠡᠪᠡᠳᠴᠢᠨ ᠤ ᠵᠢᠱᠢᠶ᠎ᠡ ᠶᠢ ᠳᠣᠲᠣᠯᠠᠪᠠ᠃ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠨ ᠡᠵᠡᠮᠳᠡᠬᠦ ᠲᠣᠭᠲᠠᠴᠠ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠮᠠᠨᠵᠤᠤᠷ ᠬᠤᠲᠠ ᠶᠢᠨ ᠬᠤᠶᠢᠲᠤ ᠲᠣᠭᠤᠷᠢᠭ ᠤᠨ ᠵᠡᠭᠡᠯᠢ ᠭᠤᠳᠤᠮᠵᠢ᠂ ᠳ᠋ᠦᠩ ᠱᠠᠨ ᠵᠡᠭᠡᠯᠢ ᠶᠢ ᠳᠤᠮᠳᠠ ᠳᠡᠰ ᠤᠨ ᠠᠶᠣᠯ ᠲᠦᠭᠰᠢᠭᠦᠷᠢᠲᠡᠶ ᠭᠠᠵᠠᠷ ᠣᠷᠣᠨ ᠳᠤ ᠣᠷᠣᠭᠤᠯᠵᠤ᠂ ᠮᠠᠨᠵᠤᠤᠷ ᠬᠤᠲᠠ ᠶᠢᠨ ᠪᠥᠬᠦ ᠠᠷᠠᠳ ᠢᠶᠠᠷ ᠢᠶᠠᠨ ᠪᠦᠭᠡᠮ ᠬᠦᠴᠢᠯ ᠤᠨ ᠪᠠᠶᠢᠴᠠᠭᠠᠯᠲᠠ ᠬᠢᠬᠦ ᠪᠠᠷ ᠲᠣᠭᠳᠠᠪᠠ᠃ ︽ᠭᠠᠳᠠᠨ᠎ᠠ ᠠᠴᠠ ᠬᠠᠯᠳᠠᠪᠣᠷᠢᠯᠠᠬᠤ ᠶᠢ ᠰᠡᠷᠭᠡᠶᠢᠯᠡᠵᠣ᠂ ᠳᠣᠳᠣᠭᠠᠳᠣ ᠳᠤ ᠪᠠᠨ ᠳᠠᠬᠢᠨ ᠳᠡᠯᠭᠡᠷᠡᠬᠦ ᠶᠢ ᠰᠡᠷᠭᠡᠶᠢᠯᠡᠬᠦ︾ ᠡᠯ ᠎ᠡ ᠲᠦᠷᠣᠯ ᠤᠨ ᠪᠠᠶᠢᠩᠭᠤ ᠶᠢᠨ ᠴᠢᠨᠠᠷᠲᠠᠢ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢ ᠴᠢᠩᠭ᠎ᠠ ᠨᠠᠶᠢᠳᠠᠪᠣᠷᠢᠵᠢᠭᠤᠯᠵᠣ᠂ ᠬᠢᠵᠢᠭ ᠤᠨ ᠪᠠᠶᠢᠳᠠᠯ ᠤᠨ ᠮᠠᠨ ᠤ ᠬᠤᠰᠢᠭᠤᠨ ᠳᠤ ᠣᠷᠣᠵᠤ ᠢᠷᠡᠬᠦ ᠶᠢ ᠴᠢᠩᠭ᠎ᠠ ᠰᠡᠷᠭᠡᠶᠢᠯᠡᠨ᠂ ᠥᠷᠭᠡᠨ ᠤᠯᠠᠨ ᠠᠷᠠᠳ ᠲᠦᠮᠡᠨ ᠤ ᠠᠮᠢ ᠨᠠᠰᠤ ᠡᠷᠡᠭᠦᠯ ᠮᠡᠨᠳᠤ ᠶᠢᠨ ᠠᠮᠤᠷ ᠲᠦᠪᠰᠢᠨ ᠢ ᠪᠠᠲᠤᠯᠠᠬᠤ ᠶᠢᠨ ᠲᠦᠯᠦᠭᠡ ᠣᠨᠴᠠᠭᠠᠶᠢᠯᠠᠨ ᠲᠣᠣᠷᠠᠬᠢ ᠵᠦᠢᠯ ᠢ ᠵᠠᠷᠯᠠᠶ᠎ᠠ᠄      ᠨᠢᠭᠡ᠂ ᠬᠥᠳᠡᠯᠦᠩᠭᠦᠶ ᠲᠣᠬᠢᠷᠠᠭᠤᠯᠤᠯᠲᠠ ᠬᠢᠵᠣ᠂ ᠴᠠᠭ ᠲᠣᠬᠠᠢ ᠳᠤᠨᠢ ᠬᠦᠷᠭᠡᠭᠰᠡᠨ ᠮᠡᠳᠡᠭᠡ ᠵᠠᠩᠬᠢ ᠶᠢ ᠦᠨᠳᠦᠰᠦᠯᠡᠪᠡᠯ᠂ 11 ᠰᠠᠷ᠎ᠠ ᠶᠢᠨ 22 ᠤᠨ ᠡᠳᠦᠷ ᠤᠨ 9᠄ 00 ᠴᠠᠭ ᠪᠣᠯᠲᠠᠯ᠎ᠠ᠂ ᠪᠥᠬᠦ ᠤᠯᠤᠰ ᠲᠤ 1 ᠦᠨᠳᠣᠷ ᠳᠡᠰ ᠤᠨ ᠠᠶᠤᠯ ᠲᠦᠭᠰᠢᠬᠦᠷᠢᠲᠠᠢ ᠭᠠᠵᠠᠷ ᠣᠷᠣᠨ᠂ 7 ᠳᠤᠮᠳᠠ ᠳᠡᠰ ᠤᠨ ᠠᠶᠤᠯ ᠲᠦᠭᠰᠢᠬᠦᠷᠢᠲᠠᠢ ᠭᠠᠵᠠᠷ ᠣᠷᠣᠨ ᠪᠠᠶᠢᠨ᠎ᠠ᠃ ᠦᠨᠳᠣᠷ ᠳᠡᠰ ᠤᠨ ᠠᠶᠤᠯ ᠲᠦᠭᠰᠢᠬᠦᠷᠢᠲᠠᠢ ᠭᠠᠵᠠᠷ ᠣᠷᠣᠨ᠄ ᠲᠢᠶᠠᠨᠵᠢᠨ ᠬᠤᠲᠠ ᠶᠢᠨ ᠳ᠋ᠦᠩ ᠵᠢᠶᠠᠩ ᠭᠠᠷᠠᠮ ᠲᠣᠭᠤᠷᠢᠭ ᠤᠨ ᠺᠠᠨ ᠬᠠᠶ ᠰᠢᠤᠸᠠᠨ ᠲᠣᠭᠤᠷᠢᠭ︔ ᠳᠣᠮᠳᠠ ᠳᠡᠰ ᠤᠨ ᠠᠶᠤᠯ ᠲᠦᠭᠰᠢᠭᠦᠷᠢᠲᠡᠶ ᠭᠠᠵᠠᠷ ᠣᠷᠣᠨ᠄ ᠲᠢᠶᠠᠨᠵᠢᠨ ᠬᠤᠲᠠ ᠶᠢᠨ ᠪᠢᠨ ᠬᠠᠢ ᠰᠢᠨ᠎ᠡ ᠲᠣᠭᠤᠷᠢᠭ ᠤᠨ ᠬᠠᠨ ᠬᠥ᠋ ᠵᠡᠭᠡᠯᠢ᠂ ᠪᠢᠨ ᠬᠠᠶ ᠰᠢᠨ᠎ᠡ ᠲᠣᠭᠤᠷᠢᠭ ᠤᠨ ᠵᠦᠩ ᠰᠢᠨ ᠵᠢᠭᠠᠰᠤᠨ ᠭᠠᠷᠠᠮ ᠤᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠣᠭᠤᠷᠢᠭ ᠤᠨ A ᠲᠣᠭᠤᠷᠢᠭ᠂ B ᠲᠣᠭᠤᠷᠢᠭ᠂ ᠱᠠᠩᠬᠠᠶ ᠬᠤᠲᠠ ᠶᠢᠨ ᠫᠦ᠋ ᠳ᠋ᠦᠩ ᠰᠢᠨ᠎ᠡ ᠲᠣᠭᠤᠷᠢᠭ ᠤᠨ ᠵᠦ ᠴᠢᠶᠣᠤ ᠪᠠᠯᠭᠠᠰᠤᠨ ᠤ ᠶᠢᠩ ᠴᠢᠶᠠᠨ ᠲᠣᠰᠬᠤᠨ᠂ ᠱᠠᠩᠬᠠᠶ ᠬᠤᠲᠠ ᠶᠢᠨ ᠫᠦ᠋ ᠳ᠋ᠦᠩ ᠰᠢᠨ᠎ᠡ ᠲᠣᠭᠤᠷᠢᠭ ᠤᠨ ᠵᠦ ᠴᠢᠶᠣᠤ ᠪᠠᠯᠭᠠᠰᠤᠨ ᠤ ᠰᠢᠨ ᠱᠧᠩ ᠲᠣᠭᠤᠷᠢᠭ᠂ ᠠᠨᠾᠦ᠋ᠢ ᠮᠤᠵᠢ ᠶᠢᠨ ᠹᠦ᠋ ᠶᠠᠩ ᠬᠤᠲᠠ ᠶᠢᠨ ᠶᠢᠩ ᠱᠠᠩ ᠰᠢᠶᠠᠨ ᠤ ᠱᠧᠨ ᠴᠧᠩ ᠪᠠᠯᠭᠠᠰᠤᠨ ᠤ ᠵᠠᠩ ᠶᠠᠩ ᠲᠣᠭᠤᠷᠢᠭ᠂ ᠥᠪᠥᠷ ᠮᠣᠩᠭᠤᠯ ᠤᠨ ᠬᠥᠯᠥᠨ ᠪᠤᠶᠢᠷ ᠬᠤᠲᠠ ᠶᠢᠨ ᠮᠠᠨᠵᠤᠤᠷ ᠬᠤᠲᠠ ᠶᠢᠨ ᠬᠤᠶᠢᠲᠤ ᠲᠣᠭᠤᠷᠢᠭ ᠤᠨ ᠵᠡᠭᠡᠯᠢ ᠭᠤᠳᠤᠮᠵᠢ᠂ ᠥᠪᠥᠷ ᠮᠣᠩᠭᠤᠯ ᠤᠨ ᠬᠥᠯᠥᠨ ᠪᠤᠶᠢᠷ ᠬᠤᠲᠠ ᠶᠢᠨ ᠮᠠᠨᠵᠤᠤᠷ ᠬᠤᠲᠠ ᠶᠢᠨ ᠳ᠋ᠦᠩ ᠱᠠᠨ ᠵᠡᠭᠡᠯᠢ᠃ ᠥᠷᠭᠡᠨ ᠣᠯᠠᠨ ᠲᠦᠮᠡᠨ᠂ ᠡᠯ᠎ᠡ ᠰᠤᠮᠤ ᠪᠠᠯᠭᠠᠰᠤ ︵ᠲᠠᠯᠠᠪᠠᠶ︶᠂ ᠡᠯ᠎ᠡ ᠪᠠᠶᠢᠭᠤᠯᠭ᠎ᠠ  ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠣᠮᠳᠠ᠂ ᠦᠨᠳᠣᠷ ᠳᠡᠰ ᠤᠨ ᠠᠶᠤᠯ ᠲᠦᠭᠰᠢᠬᠦᠷᠢᠲᠠᠢ ᠭᠠᠵᠠᠷ ᠣᠷᠣᠨ ᠤ ᠬᠥᠳᠡᠯᠦᠩᠭᠦᠶ ᠬᠤᠪᠢᠷᠠᠯᠲᠠ ᠶᠢ ᠦᠷᠭᠦᠯᠵᠢᠯᠡᠨ ᠠᠩᠬᠠᠷᠤᠭᠠᠷᠠᠶ᠃       ᠬᠤᠶᠠᠷ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠳᠤ ᠲᠣᠬᠢᠷᠠᠭᠤᠯᠤᠯᠲᠠ ᠬᠢᠵᠣ᠂ 11 ᠰᠠᠷ᠎ᠠ ᠶᠢᠨ 6 ᠤ ᠡᠳᠦᠷ ᠠᠴᠠ ᠨᠠᠰᠢ ᠲᠢᠶᠠᠨᠵᠢᠨ ᠤ ᠳ᠋ᠦᠩ ᠵᠢᠶᠠᠩ ᠭᠠᠷᠠᠮ ᠲᠣᠭᠤᠷᠢᠭ ᠤᠨ ᠬᠠᠶ ᠰᠢᠤᠸᠠᠨ ᠲᠣᠭᠤᠷᠢᠭ ᠲᠤ ᠰᠠᠭᠤᠵᠤ ᠦᠩᠭᠡᠷᠡᠭᠰᠡᠨ ᠵᠢᠴᠢ ᠣᠨᠣᠰᠢᠯᠠᠭᠳᠠᠭᠰᠠᠨ ᠡᠪᠡᠳᠴᠢᠨ ᠤ ᠵᠢᠱᠢᠶ᠎ᠡ ᠪᠣᠶᠣ ᠡᠪᠡᠳᠴᠢᠨ ᠤ ᠢᠯᠡᠷᠡᠯ ᠥᠬᠡᠶ ᠪᠠᠷ ᠬᠠᠯᠳᠠᠪᠤᠷᠢᠯᠠᠭᠰᠠᠳ ᠲᠠᠢ ᠠᠳᠠᠯᠢ ᠨᠢᠭᠡᠨ ᠵᠠᠮ ᠮᠦᠷ ᠤᠨ ᠬᠠᠷᠢᠯᠴᠠᠭ᠎ᠠ ᠲᠠᠢ ᠮᠠᠨ ᠤ ᠬᠤᠰᠢᠭᠤᠨ ᠳᠤ ᠢᠷᠡᠭᠰᠡᠨ ︵ᠪᠣᠴᠠᠭᠰᠠᠨ︶ ᠬᠥᠮᠦᠰ ᠲᠡᠷᠡ ᠳᠠᠷᠤᠶ ᠳᠤᠨᠢ ᠪᠠᠶᠢᠭ᠎ᠠ ᠭᠠᠵᠠᠷ ᠤᠨ ᠭᠠᠴᠠᠭ᠎ᠠ ︵ᠨᠡᠶᠢᠭᠡᠮ ᠲᠣᠭᠤᠷᠢᠭ︶ ᠳᠠᠭᠠᠨ ᠮᠡᠳᠡᠭᠦᠯᠦᠯᠲᠡ ᠬᠢᠬᠦ ᠬᠡᠷᠡᠭᠲᠠᠢ᠃ 7 ᠡᠳᠦᠷ ᠤᠨ ᠳᠣᠳᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠮᠡᠳᠡᠭᠦᠯᠦᠯᠲᠡ ᠲᠠᠢ ᠬᠥᠮᠦᠰ᠂ 14 ᠡᠳᠦᠷ ᠤᠨ ᠨᠡᠶᠢᠭᠡᠮ ᠲᠣᠭᠤᠷᠢᠭ ᠤᠨ ᠡᠷᠡᠭᠦᠯ ᠮᠡᠨᠳᠦ ᠶᠢᠨ ᠬᠠᠮᠢᠶᠠᠷᠤᠯᠲᠠ ᠳᠤ ᠣᠷᠣᠭᠤᠯᠵᠤ᠂ ᠪᠡᠶ᠎ᠡ ᠶᠢᠨ ᠳᠤᠯᠠᠭᠠᠨ ᠨᠢ ᠬᠡᠪ ᠤᠨ ᠪᠥᠭᠡᠳ ᠬᠤᠪᠢ ᠬᠥᠮᠦᠨ ᠤ ᠬᠠᠮᠠᠭᠠᠯᠠᠯᠲᠠ  ᠪᠠᠨ ᠰᠠᠶᠢᠲᠤᠷ ᠬᠢᠭᠰᠡᠨ ᠤᠷᠢᠲᠠᠯ ᠳᠣᠤᠷ᠎ᠠ ᠴᠢᠯᠥᠭᠡᠲᠡᠶ ᠪᠠᠷ ᠶᠠᠪᠣᠵᠣ ᠰᠠᠭᠤᠵᠣ ᠪᠣᠯᠤᠨ᠎ᠠ︔ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠮᠡᠳᠡᠭᠦᠯᠦᠯᠲᠡ ᠬᠠᠩᠭᠠᠵᠤ ᠴᠢᠳᠠᠬᠤ ᠦᠭᠡᠢ ᠬᠥᠮᠦᠰ᠂ ᠴᠥᠮ 14 ᠡᠳᠦᠷ ᠲᠦᠪᠯᠡᠷᠡᠬᠦᠯᠦᠨ ᠲᠣᠰᠠᠭᠠᠷᠯᠠᠵᠣ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠲᠣᠰᠠᠭᠠᠷᠯᠠᠬᠤ ᠬᠤᠭᠤᠴᠠᠭᠠᠨ ᠳᠤ 2 ᠤᠳᠠᠭ᠎ᠠ ᠰᠢᠨ᠎ᠡ ᠲᠢᠳᠢᠮᠯᠢᠭ ᠸᠢᠷᠦ᠋ᠰ ᠤᠨ ᠪᠥᠭᠡᠮ ᠬᠦᠴᠢᠯ ᠤᠨ ᠪᠠᠶᠢᠴᠠᠭᠠᠯᠲᠠ ᠬᠢᠨ᠎ᠡ᠃ ᠪᠤᠰᠤᠳ ᠦᠨᠳᠦᠷ᠂ ᠳᠤᠮᠳᠠ ᠳᠡᠰ ᠤᠨ  ᠠᠶᠣᠯ  ᠲᠦᠭᠰᠢᠬᠦᠷᠢᠲᠠᠢ ᠭᠠᠵᠠᠷ ᠣᠷᠣᠨ ᠠᠴᠠ ᠶᠠᠪᠣᠵᠣ ᠢᠷᠡᠭᠰᠡᠨ ᠬᠥᠮᠦᠰ ᠲᠤ ᠤᠤᠯ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠪᠠᠨ ᠦᠷᠬᠦᠯᠵᠢᠯᠡᠨ ᠬᠡᠷᠡᠭᠵᠢᠬᠦᠯᠦᠨ᠎ᠡ᠃      ᠭᠤᠷᠪᠠ᠂ 11 ᠰᠠᠷ᠎ᠠ ᠶᠢᠨ 7 ᠤ ᠡᠳᠦᠷ ᠠᠴᠠ ᠨᠠᠰᠢ ᠬᠥᠯᠥᠨ ᠪᠤᠶᠢᠷ ᠤᠨ ᠮᠠᠨᠵᠤᠤᠷ ᠬᠤᠲᠠ ︵ᠵᠠᠯᠠᠶᠢᠨᠠᠭᠤᠷ ᠲᠣᠭᠤᠷᠢᠭ ᠪᠠᠭᠲᠠᠨ᠎ᠠ︶ ᠪᠣᠯᠤᠨ ᠱᠠᠩᠬᠠᠶ᠂ ᠲᠢᠶᠠᠨᠵᠢᠨ᠂ ᠠᠨᠾᠦ᠋ᠢ ᠵᠡᠷᠭᠡ ᠳᠤᠮᠳᠠ ᠳᠡᠰ ᠤᠨ ᠠᠶᠤᠯ ᠲᠦᠭᠰᠢᠭᠦᠷᠢᠲᠡᠶ ᠭᠠᠵᠠᠷ ᠣᠷᠣᠨ ᠳᠤ ᠶᠠᠪᠣᠵᠣ ᠰᠠᠭᠤᠵᠣ ᠦᠩᠭᠡᠷᠡᠭᠰᠡᠨ ᠮᠠᠨ ᠤ ᠬᠤᠰᠢᠭᠤᠨ ᠳᠤ ᠢᠷᠡᠭᠰᠡᠨ ︵ᠪᠣᠴᠠᠭᠰᠠᠨ︶ ᠬᠥᠮᠦᠰ 7 ᠡᠳᠦᠷ ᠤᠨ  ᠳᠣᠳᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠮᠡᠳᠡᠭᠦᠯᠦᠯᠲᠡ ᠲᠠᠢ ᠬᠥᠮᠦᠰ᠂ ᠪᠡᠶ᠎ᠡ ᠶᠢᠨ ᠳᠤᠯᠠᠭᠠᠨ ᠨᠢ ᠬᠡᠪ ᠤᠨ ᠪᠥᠭᠡᠳ ᠬᠤᠪᠢ ᠬᠥᠮᠦᠨ ᠤ ᠬᠠᠮᠠᠭᠠᠯᠠᠯᠲᠠ ᠪᠠᠨ ᠰᠠᠶᠢᠲᠤᠷ ᠬᠢᠭᠰᠡᠨ ᠤᠷᠢᠲᠠᠯ ᠳᠣᠤᠷ᠎ᠠ ᠴᠢᠯᠥᠭᠡᠲᠡᠶ ᠪᠠᠷ ᠶᠠᠪᠣᠵᠣ ᠰᠠᠭᠤᠵᠣ ᠪᠣᠯᠤᠨ᠎ᠠ︔ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠮᠡᠳᠡᠭᠦᠯᠦᠯᠲᠡ ᠬᠠᠩᠭᠠᠵᠤ ᠴᠢᠳᠠᠬᠤ ᠦᠭᠡᠢ ᠬᠥᠮᠦᠰ ᠢ ᠲᠥᠪᠯᠡᠷᠡᠭᠦᠯᠦᠨ ᠲᠣᠰᠠᠭᠠᠷᠯᠠᠵᠣ ᠠᠨᠠᠭᠠᠬᠤ ᠣᠬᠠᠭᠠᠨ ᠤ ᠠᠵᠢᠭᠯᠠᠯᠲᠠ ᠬᠢᠬᠦ ᠶᠢᠨ ᠬᠠᠮᠲᠦ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠵᠣ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠦᠷ᠎ᠡ ᠳ᠋ᠦᠩ ᠨᠢ ᠪᠢᠯᠢᠭ ᠴᠢᠨᠠᠷᠲᠠᠢ ᠮᠥᠷᠲᠡᠭᠡᠨ ᠪᠡᠶ᠎ᠡ ᠶᠢᠨ ᠳᠤᠯᠠᠭᠠᠨ ᠬᠡᠪ ᠤᠨ ᠬᠥᠮᠦᠰ ᠴᠢᠯᠣᠭᠡᠲᠠᠢ ᠪᠠᠷ ᠶᠠᠪᠣᠵᠣ ᠰᠠᠭᠤᠵᠣ ᠪᠣᠯᠤᠨ᠎ᠠ᠃ ᠬᠥᠯᠥᠨ ᠪᠤᠶᠢᠷ ᠤᠨ ᠮᠠᠨᠵᠤᠤᠷ ᠬᠤᠲᠠ ︵ᠵᠠᠯᠠᠶᠢᠨᠠᠭᠤᠷ ᠲᠣᠭᠤᠷᠢᠭ︶ ᠪᠣᠯᠤᠨ ᠤᠯᠤᠰ ᠤᠨ ᠳᠣᠲᠣᠭᠠᠳᠤ ᠶᠢᠨ ᠪᠤᠰᠤᠳ ᠳᠣᠮᠳᠠ ᠳᠡᠰ ᠤᠨ ᠠᠶᠣᠯ ᠲᠦᠭᠰᠢᠬᠦᠷᠢᠲᠠᠢ ᠭᠠᠵᠠᠷ ᠣᠷᠣᠨ ᠠᠴᠠ ᠮᠠᠨ ᠤ ᠬᠤᠰᠢᠭᠤᠨ ᠳᠤ ᠢᠷᠡᠭᠰᠡᠨ ︵ᠪᠣᠴᠠᠭᠰᠠᠨ ︶  ᠬᠦᠮᠦᠰ ᠲᠠᠢ ᠣᠶᠢᠷᠠᠳᠴᠣ ᠥᠩᠭᠡᠷᠡᠭᠰᠡᠨ ᠬᠦᠮᠦᠰ ᠥᠪᠡᠷ ᠤᠨ ᠪᠡᠶ᠎ᠡ ᠶᠢᠨ ᠡᠷᠡᠭᠦᠯ ᠮᠡᠨᠳᠦ ᠶᠢᠨ ᠠᠵᠢᠭᠯᠠᠯᠲᠠ ᠪᠠᠨ ᠴᠠᠭ ᠲᠤᠬᠠᠶ ᠳᠤᠨᠢ ᠰᠠᠶᠢᠲᠤᠷ ᠬᠢᠵᠦ᠂ ᠬᠡᠷᠪᠡ ᠬᠡᠪ ᠤᠨ ᠪᠣᠰᠣ ᠢᠯᠡᠷᠡᠯ ᠲᠠᠢ ᠪᠣᠯ ᠴᠠᠭ ᠲᠤᠬᠠᠶ ᠳᠤᠨᠢ ᠡᠮᠨᠡᠭᠦᠯᠬᠦ ᠬᠡᠷᠡᠭᠲᠡᠶ᠃ ᠮᠡᠳᠡᠭᠦᠯᠬᠦ ᠦᠭᠡᠢ ᠪᠠᠷ ᠨᠢᠭᠤᠭᠰᠠᠨ᠂ ᠬᠤᠳᠠᠯ ᠢᠶᠠᠷ ᠮᠡᠳᠡᠭᠦᠯᠦᠭᠰᠡᠨ ᠠᠴᠠ ᠪᠣᠯᠵᠤ ᠬᠦᠨᠳᠦ ᠨᠣᠴᠢᠲᠠᠶ ᠦᠷ᠎ᠡ ᠳ᠋ᠦᠩ ᠭᠠᠷᠭᠠᠪᠠᠯ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃       ᠳᠦᠷᠪᠡ᠂ ᠮᠠᠰᠢᠨ ᠲᠡᠷᠭᠡᠨ ᠥᠷᠲᠡᠭᠡ᠂ ᠵᠣᠴᠢᠳ ᠤᠨ ᠪᠠᠭᠤᠳᠠᠯ᠂ ᠪᠠᠭᠤᠳᠠᠯ ᠵᠡᠷᠭᠡ ᠭᠤᠤᠯᠳᠠᠯᠭ᠎ᠠ ᠲᠠᠢ ᠭᠠᠵᠠᠷ ᠤᠨ ᠰᠡᠷᠭᠡᠶᠢᠯᠡᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠶᠠᠪᠤᠵᠤ ᠰᠠᠭᠤᠵᠦ ᠪᠠᠶᠢᠭ᠎ᠠ ᠬᠥᠮᠦᠰ ᠤᠨ ᠡᠷᠡᠭᠦᠯ ᠮᠡᠨᠳᠦ ᠪᠠᠷ ᠨᠡᠪᠲᠡᠷᠡᠬᠦ ᠺᠣᠳ᠋ ᠢ ᠪᠠᠶᠢᠴᠠᠭᠠᠨ ᠰᠢᠯᠭᠠᠬᠤ ᠠᠵᠢᠯ ᠪᠠ ᠪᠡᠶ᠎ᠡ ᠶᠢᠨ ᠳᠤᠯᠠᠭᠠᠨ ᠢ ᠪᠠᠶᠢᠴᠠᠭᠠᠨ ᠬᠡᠮᠵᠢᠬᠦ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠶ᠃ ᠡᠯ᠎ᠡ ᠰᠤᠮᠤ ᠪᠠᠯᠭᠠᠰᠤ᠂ ᠭᠠᠴᠠᠭ᠎ᠠ ︵ᠨᠡᠶᠢᠭᠡᠮ ᠲᠣᠭᠤᠷᠢᠭ︶ ᠨᠢ ᠲᠣᠤᠷᠵᠢᠭᠤᠯᠤᠭᠰᠠᠨ ᠡᠳᠦᠷ ᠲᠤᠲᠤᠮ ᠤᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠣᠷᠣᠨ ᠤ ᠳᠣᠲᠣᠷᠠᠬᠢ ᠮᠠᠨᠵᠤᠤᠷ ᠬᠤᠲᠠ ᠪᠣᠯᠤᠨ ᠤᠯᠤᠰ ᠤᠨ ᠳᠣᠲᠣᠭᠠᠳᠤ ᠶᠢᠨ ᠱᠠᠩᠬᠠᠶ᠂ ᠲᠢᠶᠠᠨᠵᠢᠨ᠂ ᠠᠨᠾᠦ᠋ᠢ ᠵᠡᠷᠭᠡ ᠦᠨᠳᠦᠷ ᠳᠤᠮᠳᠠ ᠳᠡᠰ ᠤᠨ ᠲᠦᠭᠰᠢᠭᠦᠷᠢᠲᠡᠢ ᠭᠠᠵᠠᠷ ᠣᠷᠣᠨ ᠠᠴᠠ ᠢᠷᠡᠭᠰᠡᠨ ᠮᠠᠨ ᠤ ᠬᠤᠰᠢᠭᠤᠨ ᠤ ᠬᠥᠮᠦᠰ ᠢ ᠮᠥᠷᠳᠡᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ 24 ᠴᠠᠭ ᠤᠨ ᠳᠣᠲᠣᠷ᠎ᠠ ᠵᠢᠭᠰᠠᠭᠠᠨ ᠪᠠᠶᠢᠴᠠᠭᠠᠬᠤ ᠶᠢ ᠪᠡᠶᠡᠯᠡᠭᠦᠯᠬᠦ ᠶᠢᠨ ᠬᠠᠮᠲᠤ᠂ ᠴᠠᠭ ᠲᠤᠬᠠᠶ ᠳᠤᠨᠢ ᠳᠠᠩᠰᠠᠯᠠᠨ ᠲᠡᠮᠳᠡᠭᠯᠡᠵᠦ᠂ ᠳᠡᠭᠡᠭᠰᠢ ᠮᠡᠳᠡᠭᠦᠯᠬᠦ ᠬᠡᠷᠡᠭᠲᠡᠶ᠃ ᠨᠠᠮ ᠵᠠᠰᠠᠭ ᠤᠨ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠰᠤᠷᠭᠠᠭᠤᠯᠢ᠂ ᠡᠮᠴᠢᠯᠡᠭᠡᠨ ᠤ ᠪᠠᠶᠢᠭᠤᠯᠤᠮᠵᠢ ᠵᠡᠷᠭᠡ ᠨᠢ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠳᠣᠲᠣᠭᠠᠳᠤ ᠪᠠᠶᠢᠴᠠᠭᠠᠯᠲᠠ ᠶᠢ ᠪᠦᠬᠦ ᠲᠠᠯ᠎ᠠ ᠪᠠᠷ ᠥᠷᠨᠢᠭᠦᠯᠤᠨ᠂ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠭᠴᠢ ᠶᠢᠨ ᠳᠦᠷᠢᠮ ᠢ ᠰᠠᠶᠢᠲᠤᠷ ᠨᠠᠶᠢᠳᠠᠪᠤᠷᠢᠵᠢᠭᠤᠯᠵᠤ᠂ ᠬᠠᠷᠢᠶ᠎ᠠ  ᠤᠷᠤᠨ ᠤ ᠬᠥᠮᠦᠰ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ ᠬᠢᠵᠦ᠂ ᠵᠢᠭᠰᠠᠭᠠᠨ ᠪᠠᠶᠢᠴᠠᠭᠠᠭᠰᠠᠨ ᠭᠤᠣᠯᠳᠠᠯᠭ᠎ᠠ ᠲᠠᠢ ᠬᠥᠮᠦᠰ ᠢ ᠪᠦᠷᠢᠳᠬᠡᠨ ᠳᠡᠭᠡᠭᠰᠢ ᠮᠡᠳᠡᠭᠦᠯᠵᠦ᠂ ᠬᠢᠵᠢᠭ ᠤᠨ ᠪᠠᠶᠢᠳᠠᠯ ᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ᠃  ᠴᠢᠬᠤᠯᠠ ᠲᠠᠢ ᠦᠶᠡᠰ ᠬᠤᠰᠢᠭᠤ ᠰᠢᠨ᠎ᠡ ᠲᠢᠳᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠬᠡᠯᠲᠡᠰ     ︵0479-3225010︶ ᠪᠠ ᠬᠤᠰᠢᠭᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ︵0479-3220799︶ ᠳᠤ ᠴᠠᠭ ᠲᠤᠬᠠᠢ ᠳᠤᠨᠢ ᠮᠡᠳᠡᠭᠦᠯᠬᠦ  ᠬᠡᠷᠡᠭᠲᠡᠢ᠃      ᠲᠠᠪᠤ᠂ ᠡᠮᠴᠢᠯᠡᠭᠡᠨ ᠤ ᠪᠠᠶᠢᠭᠤᠯᠤᠮᠵᠢ ᠠᠩᠬ᠎ᠠ ᠣᠨᠣᠰᠢᠯᠠᠬᠤ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠤᠷᠢᠳᠴᠢᠯᠠᠨ ᠪᠠᠶᠢᠴᠠᠭᠠᠵᠤ ᠰᠠᠯᠭᠠᠨ ᠡᠮᠨᠡᠬᠦ ᠪᠠ ᠬᠠᠯᠠᠭᠤᠨ ᠢ ᠪᠠᠶᠢᠴᠠᠭᠠᠬᠤ ᠡᠭᠦᠳᠡᠨ ᠡᠮᠨᠡᠯᠭᠡ ᠶᠢᠨ ᠠᠵᠢᠯ ᠤᠨ ᠴᠤᠪᠤᠷᠠᠯ ᠢ ᠴᠢᠩᠭ᠎ᠠ ᠬᠡᠷᠡᠭᠵᠢᠭᠦᠯᠵᠦ᠂ ᠠᠷᠢᠭᠤᠳᠬᠠᠬᠤ᠂ ᠡᠮᠨᠡᠯᠭᠡ ᠶᠢᠨ ᠬᠤᠷᠢᠶᠠᠨ ᠤ ᠬᠠᠯᠳᠠᠪᠤᠷᠢᠯᠠᠯ ᠤᠨ ᠬᠠᠮᠢᠶᠠᠷᠤᠯᠲᠠ ᠪᠠ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠯᠲᠠ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠦ᠂ ᠡᠮᠨᠡᠯᠭᠡ ᠶᠢᠨ ᠬᠤᠷᠢᠶᠠᠨ ᠤ ᠬᠠᠯᠳᠠᠪᠤᠷᠢᠯᠠᠯ ᠢ ᠬᠢᠨᠠᠨ ᠬᠡᠮᠵᠢᠬᠦ ᠠᠵᠢᠯ ᠢ ᠰᠠᠶᠢᠲᠤᠷ ᠬᠢᠬᠦ ᠶᠢᠨ ᠬᠠᠮᠲᠤ  ᠂ ᠴᠠᠭ ᠲᠤᠬᠠᠢ ᠳᠤᠨᠢ ᠮᠡᠳᠡᠭᠦᠯᠬᠦ ᠪᠠ ᠰᠢᠢᠳᠪᠦᠷᠢᠯᠡᠬᠦ ᠬᠡᠷᠡᠭᠲᠡᠶ᠃      ᠵᠢᠷᠭᠤᠭ᠎ᠠ᠂ ᠥᠷᠭᠡᠨ ᠣᠯᠠᠨ ᠠᠷᠠᠳ ᠲᠦᠮᠡᠨ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠵᠦ᠂ ᠰᠢᠨᠵᠢᠯᠡᠬᠦ ᠤᠬᠠᠭᠠᠨᠴᠢ ᠪᠠᠷ ᠠᠮᠠᠪᠴᠢ ᠵᠡᠭᠦᠵᠦ᠂ ᠲᠤᠰ ᠪᠡᠶ᠎ᠡ ᠶᠢᠨ ᠬᠠᠮᠠᠭᠠᠯᠠᠯᠲᠠ ᠶᠢ ᠰᠠᠶᠢᠲᠤᠷ ᠬᠢᠵᠦ᠂ ᠤᠯᠠᠭᠤᠯᠠ ᠴᠤᠭᠯᠠᠷᠠᠬᠤ ᠶᠢ ᠪᠠᠭᠠᠰᠬᠠᠵᠤ᠂ ᠦᠷᠭᠦᠯᠵᠢ ᠭᠠᠷ ᠢᠶᠠᠨ ᠰᠠᠶᠢᠲᠤᠷ ᠤᠬᠢᠶᠠᠵᠤ᠂ ᠰᠠᠯᠬᠢ ᠵᠢᠪᠠᠷ ᠨᠡᠪᠲᠡᠷᠡᠭᠦᠯᠦᠨ᠂ ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠲᠤᠯᠠᠬᠤ ᠶᠢ ᠠᠩᠬᠠᠷᠤᠨ᠂ ᠬᠡᠷᠪᠡ ᠬᠠᠯᠠᠭᠤᠷᠠᠬᠤ᠂ ᠬᠠᠨᠢᠶᠠᠯᠭᠠᠬᠤ᠂ ᠰᠠᠭᠤᠯᠭᠠᠬᠤ᠂ ᠲᠠᠮᠢᠷᠳᠠᠬᠤ ᠵᠡᠷᠭᠡ ᠪᠠᠶᠢᠳᠠᠯ ᠢᠯᠡᠷᠡᠪᠡᠯ᠂ ᠨᠢᠭᠡ ᠯᠡ ᠤᠳᠠᠭ᠎ᠠ ᠬᠡᠷᠡᠭᠯᠡᠬᠦ ᠠᠮᠠᠪᠴᠢ ᠵᠢᠴᠢ ᠲᠡᠭᠦᠨ ᠠᠴᠠ ᠳᠡᠭᠡᠭᠰᠢᠬᠢ ᠲᠡᠰ ᠤᠨ ᠠᠮᠠᠪᠴᠢ ᠵᠡᠭᠦᠵᠦ  ᠂ ᠬᠤᠰᠢᠭᠤ ᠡᠮᠨᠡᠯᠭᠡ ᠶᠢᠨ ᠬᠤᠷᠢᠶᠠᠨ ᠤ ᠬᠠᠯᠠᠭᠤᠨ ᠢ ᠪᠠᠶᠢᠴᠠᠭᠠᠬᠤ ᠡᠭᠦᠳᠡᠨ ᠡᠮᠨᠡᠯᠭᠡ ᠳᠤ ᠬᠦᠷᠴᠦ ᠴᠠᠭ ᠲᠤᠬᠠᠶ ᠳᠤᠨᠢ ᠪᠠᠶᠢᠴᠠᠭᠠᠯᠲᠠ ᠬᠢᠵᠦ᠂ ᠡᠮᠨᠡᠭᠦᠯᠬᠦ ᠶᠠᠪᠤᠴᠠ ᠳᠤ ᠠᠯᠢ ᠴᠢᠳᠠᠬᠤ ᠪᠠᠷ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠮᠠᠰᠢᠨ ᠳᠤ ᠰᠠᠭᠤᠬᠤ ᠠᠴᠠ ᠵᠠᠶᠢᠯᠠᠰᠬᠢᠬᠦ ᠶᠢᠨ ᠬᠠᠮᠲᠤ ᠂ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠶ᠃ ᠣᠨᠴᠠᠭᠠᠢ ᠴᠢᠬᠤᠯᠠ ᠣᠴᠢᠷ ᠶᠠᠪᠣᠳᠠᠯ ᠦᠭᠡᠢ ᠪᠣᠯ ᠳᠡᠭᠡᠷ᠎ᠡ ᠳᠤᠷᠠᠳᠤᠭᠰᠠᠨ ᠭᠠᠵᠠᠷ ᠣᠷᠣᠨ ᠳᠤ ᠣᠴᠢᠬᠤ ᠦᠭᠡᠶ ᠪᠠᠶᠢᠵᠦ᠂ ᠦᠨᠡᠨᠬᠦ ᠣᠨᠴᠨᠭᠠᠶ ᠪᠠᠶᠢᠳᠠᠯ ᠲᠠᠢ ᠪᠠᠶᠢᠵᠦ ᠵᠠᠪᠠᠯ ᠣᠴᠢᠬᠤ ᠴᠢᠬᠤᠯᠠᠲᠠᠢ ᠪᠣᠯ ᠬᠠᠷᠢᠶ᠎ᠠ ᠰᠤᠮᠤ ᠪᠠᠯᠭᠠᠰᠤ᠂ ᠭᠠᠴᠠᠭ᠎ᠠ ︵ᠨᠡᠶᠢᠭᠡᠮ ᠲᠣᠭᠤᠷᠢᠭ︶ ᠪᠣᠯᠤᠨ ᠨᠢᠭᠡᠴᠡ ᠳᠡᠭᠡᠨ ᠴᠠᠭ ᠲᠤᠬᠠᠶ ᠳᠤᠨᠢ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃ ᠪᠤᠴᠠᠵᠦ ᠢᠷᠡᠬᠦ ᠠᠴᠠ ᠪᠠᠨ ᠡᠮᠦᠨ᠎ᠡ ᠰᠠᠭᠤᠭ᠎ᠠ ᠭᠠᠵᠠᠷ ᠤᠨ ᠬᠠᠷᠢᠶ᠎ᠠ ᠰᠤᠮᠤ ᠪᠠᠯᠭᠠᠰᠤ᠂ ᠭᠠᠴᠠᠭ᠎ᠠ ︵ᠨᠡᠶᠢᠭᠡᠮ ᠲᠣᠭᠤᠷᠢᠭ︶ ᠪᠣᠯᠤᠨ ᠨᠢᠭᠡᠴᠡ ᠳᠤ  ᠪᠠᠨ ᠪᠤᠴᠠᠵᠦ ᠢᠷᠡᠬᠦ ᠡᠳᠦᠷ ᠬᠤᠭᠤᠴᠠᠭ᠎ᠠ ᠪᠠᠨ ᠰᠠᠨᠠᠭᠠᠴᠢᠯᠠᠭ᠎ᠠ ᠠᠴᠠ ᠪᠠᠨ ᠮᠡᠳᠡᠭᠦᠯᠬᠦ ᠶᠢᠨ ᠬᠠᠮᠲᠤ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠲᠡᠢ᠃      ᠳᠣᠯᠤᠭ᠎ᠠ᠂ ᠥᠷᠭᠡᠨ ᠤᠯᠠᠨ ᠲᠦᠮᠡᠨ ᠠᠴᠠ ᠴᠤᠤᠷᠬᠠᠯ ᠢ ᠢᠲᠡᠭᠡᠬᠦ ᠦᠭᠡᠢ᠂ ᠴᠤᠤᠷᠬᠠᠯ ᠲᠠᠯᠪᠢᠬᠤ ᠦᠭᠡᠢ᠂ ᠴᠤᠤᠷᠬᠠᠯ ᠲᠠᠷᠬᠠᠭᠠᠬᠤ ᠦᠭᠡᠢ ᠪᠠᠶᠢᠵᠦ᠂  ᠠᠯᠪᠠᠨ ᠲᠠᠯ᠎ᠠ ᠶᠢᠨ ᠡᠷᠬᠡ ᠰᠦᠷᠲᠦ ᠰᠠᠯᠠᠭ᠎ᠠ ᠮᠥᠴᠢᠷ ᠠᠴᠠ ᠨᠡᠶᠢᠲᠡᠯᠡᠭᠰᠡᠨ ᠠᠯᠪᠠᠨ ᠵᠠᠷᠯᠠᠯ ᠢᠶᠠᠷ ᠪᠠᠷᠢᠮᠵᠢᠶ᠎ᠠ ᠪᠤᠯᠭᠠᠬᠤ ᠶᠢᠨ ᠬᠠᠮᠲᠤ᠂ ᠬᠤᠳᠠᠯ ᠬᠠᠭᠤᠷᠮᠠᠭ ᠮᠡᠳᠡᠭᠡ ᠵᠠᠩᠭᠢ ᠨᠡᠶᠢᠲᠡᠯᠡᠬᠦ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠬᠤᠷᠢᠭᠯᠠᠨ ᠵᠣᠭᠰᠣᠭᠠᠬᠤ ᠶᠢᠨ ᠬᠠᠮᠲᠤ᠂ ᠢᠯᠡᠴᠢᠯᠡᠨ ᠮᠡᠳᠡᠭᠦᠯᠬᠦ ᠬᠡᠷᠡᠭᠲᠡᠶ᠃ ᠴᠤᠤᠷᠬᠠᠯ ᠲᠠᠯᠪᠢᠬᠤ᠂ ᠴᠤᠤᠷᠬᠠᠯ ᠲᠠᠷᠬᠠᠭᠠᠬᠤ ᠦᠢᠯᠡ ᠠᠵᠢᠯᠯᠠᠭ᠎ᠠ ᠨᠢ ᠨᠡᠶᠢᠭᠡᠮ ᠤᠨ ᠡᠮᠬᠢ ᠵᠢᠷᠤᠮ ᠢ ᠰᠠᠮᠠᠭᠤᠷᠠᠭᠤᠯᠤᠨ᠂ ᠨᠡᠶᠢᠭᠡᠮ ᠤᠨ ᠲᠣᠭᠲᠠᠭᠤᠨ ᠪᠠᠶᠢᠳᠠᠯ ᠢ ᠨᠥᠯᠥᠭᠡᠯᠡᠭᠰᠡᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠠᠴᠠ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠨ᠎ᠠ᠃      ᠪᠦᠭᠡᠮ ᠬᠦᠴᠢᠯ ᠤᠨ  ᠪᠠᠶᠢᠴᠠᠭᠠᠯᠲᠠ ᠬᠢᠬᠦ ᠶᠢ ᠠᠰᠠᠭᠤᠨ ᠯᠠᠪᠯᠠᠬᠤ ᠤᠲᠠᠰᠤ᠄ 0479 — 3220799 ︵ᠬᠤᠰᠢᠭᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ︶      ᠵᠡᠭᠦᠨ ᠣᠢᠵᠣᠮᠣᠴᠢᠨ ᠬᠤᠰᠢᠭᠤᠨ ᠤ ᠡᠮᠨᠡᠯᠭᠡ ᠶᠢᠨ ᠬᠤᠷᠢᠶ᠎ᠠ ᠶᠢᠨ ᠬᠠᠯᠠᠭᠤᠨ ᠢ ᠪᠠᠶᠢᠴᠠᠭᠠᠬᠤ ᠡᠭᠦᠳᠡᠨ ᠡᠮᠨᠡᠯᠭᠡ ᠶᠢᠨ ᠤᠲᠠᠰᠤ᠄ 0479 — 6709612       ᠵᠡᠭᠦᠨ ᠦᠵᠦᠮᠦᠴᠢᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ  ᠬᠢᠵᠢᠭ   ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠬᠡᠯᠲᠡᠰ                       2020 ᠣᠨ ᠤ 11 ᠰᠠᠷ᠎ᠠ ᠶᠢᠨ 22 ᠤᠨ ᠡᠳᠦᠷ
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠣᠷᠴᠢᠭᠤᠯᠭ᠎ᠠ ᠶᠢᠨ ᠲᠠᠰᠤᠭ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号