ᠵᠡᠭᠦᠨ ᠦᠵᠦᠮᠦᠴᠢᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠬᠡᠯᠲᠡᠰ ᠤᠨ ᠠᠯᠪᠠᠨ ᠵᠠᠷᠯᠠᠯ ︵32 ᠲᠤᠭᠠᠲᠤ︶
ᠨᠡᠶᠢᠲᠡᠯᠡᠭᠰᠡᠨ ᠴᠠᠭ᠄
2020/11/6
      ᠤᠯᠠᠭᠠᠨᠴᠠᠪ ᠬᠤᠲᠠ᠂ ᠬᠦᠬᠡᠬᠤᠲᠠ ᠶᠢᠨ ᠬᠠᠮᠢᠶ᠎ᠠ ᠪᠦᠬᠦᠢ ᠬᠢᠵᠢᠭ ᠤᠨ ᠪᠠᠶᠢᠳᠠᠯ ᠤᠨ ᠮᠡᠳᠡᠭᠦᠯᠦᠯᠳᠡ ᠢ ᠦᠨᠳᠦᠰᠦᠯᠡᠵᠦ᠂ ᠰᠢᠯᠢ ᠶᠢᠨ ᠭᠤᠣᠯ ᠠᠶᠢᠮᠠᠭ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ᠂ ᠲᠡᠷᠡ ᠳᠠᠷᠤᠢ ᠳᠤᠨᠢ ᠬᠥᠬᠡᠬᠤᠲᠠ ᠶᠢᠨ ᠱᠤᠤ ᠣᠪᠣᠭᠲᠤ ︵ᠾᠧᠨᠠᠨ ᠮᠤᠵᠢ ᠶᠢᠨ ᠫᠦᠶᠠᠩ ᠬᠤᠲᠠ ᠶᠢᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠴᠢ ᠵᠠᠩ ᠣᠪᠣᠭᠲᠤ ᠲᠠᠢ ᠨᠢᠭᠲᠠ ᠣᠶᠢᠷᠠᠳᠣᠭᠰᠠᠨ ᠬᠦᠮᠦᠨ︶᠎ ᠲᠠᠢ ᠬᠠᠮᠲᠤ K600 ᠭᠠᠯᠲᠤ ᠲᠡᠷᠭᠡᠨ ᠳᠤ ᠰᠠᠭᠤᠭᠰᠠᠨ ᠬᠥᠮᠦᠰ ᠢ ᠲᠣᠳᠣᠯᠠᠨ ᠲᠣᠭᠲᠠᠭᠠᠵᠤ᠂ ᠬᠢᠵᠢᠭ ᠡᠪᠡᠳᠴᠢᠨ ᠤ ᠰᠣᠳᠣᠯᠭᠠᠨ ᠤ ᠪᠠᠶᠢᠴᠠᠭᠠᠯᠲᠠ ᠬᠢᠬᠦ᠂ ᠬᠦᠮᠦᠰ ᠢ ᠬᠠᠮᠢᠶᠠᠷᠤᠨ ᠡᠵᠡᠮᠳᠡᠬᠦ᠂ ᠦᠯᠢᠭᠡᠷ ᠬᠡᠪ ᠴᠤᠭᠯᠠᠭᠤᠯᠬᠤ ᠵᠡᠷᠭᠡ ᠠᠵᠢᠯ ᠢ ᠦᠳᠲᠡᠷ ᠲᠦᠷᠭᠡᠨ ᠡᠮᠬᠢ ᠵᠢᠷᠤᠮ ᠲᠠᠢ ᠦᠷᠨᠢᠭᠦᠯᠵᠦ᠂ ᠮᠠᠨ ᠤ ᠠᠶᠢᠮᠠᠭ ᠤᠨ ᠰᠥᠨᠢᠳ ᠪᠠᠷᠠᠭᠤᠨ ᠬᠤᠰᠢᠭᠤᠨ ᠤ ᠲᠢᠶᠠᠨ ᠣᠪᠣᠭᠲᠤ ᠪᠣᠯᠣᠨ ᠬᠠᠨ ᠣᠪᠣᠭᠲᠤ ᠶᠢ ᠱᠤᠤ ᠣᠪᠣᠭᠲᠤ ᠎ ᠲᠠᠢ ᠨᠢᠭᠲᠠ ᠣᠶᠢᠷᠠᠳᠣᠭᠰᠠᠳ ᠢᠶᠠᠷ ᠳᠣᠳᠣᠯᠠᠨ ᠲᠣᠭᠲᠠᠭᠠᠵᠠᠢ᠃ ᠡᠭᠦᠨ ᠤ ᠪᠠᠨ ᠰᠠᠭᠤᠷᠢᠨ ᠳᠡᠭᠡᠷ᠎ᠡ᠂ ᠤᠯᠠᠮ ᠨᠢᠭᠡ ᠠᠯᠬᠤᠮ ᠤᠨ ᠪᠠᠶᠢᠴᠠᠭᠠᠯᠲᠠ ᠪᠠᠷ ᠳᠡᠮᠵᠢᠨ᠂ ᠰᠥᠨᠢᠳ ᠪᠠᠷᠠᠭᠤᠨ ᠬᠤᠰᠢᠭᠤᠨ ᠳᠠᠬᠢ ᠲᠢᠶᠠᠨ ᠣᠪᠣᠭᠲᠤ ᠪᠣᠯᠤᠨ ᠬᠠᠨ ᠣᠪᠣᠭᠲᠤ ᠲᠠᠢ ᠨᠢᠭᠲᠠ ᠣᠶᠢᠷᠠᠳᠣᠭᠰᠠᠨ 15 ᠬᠥᠮᠦᠨ ᠢ ᠲᠣᠳᠣᠯᠠᠨ ᠲᠣᠭᠲᠠᠭᠠᠪᠠ᠃      11 ᠰᠠᠷ᠎ᠠ ᠶᠢᠨ 4᠎ ᠤ ᠡᠳᠦᠷ ᠤᠨ 7᠄ 30᠂ ᠲᠢᠶᠠᠨ ᠣᠪᠣᠭᠲᠤ᠂ ᠬᠠᠨ ᠣᠪᠣᠭᠲᠤ ᠵᠢᠴᠢ ᠲᠡᠭᠦᠨ ᠲᠠᠢ ᠨᠢᠭᠲᠠ ᠤᠶᠢᠷᠠᠲᠤᠭᠰᠠᠨ 17 ᠬᠥᠮᠦᠨ  ᠎ ᠳᠤ ᠪᠥᠭᠡᠮ ᠬᠦᠴᠢᠯ ᠤᠨ ᠪᠠᠶᠢᠴᠠᠭᠠᠯᠲᠠ ᠬᠢᠬᠦ ᠳᠤ ᠪᠦᠷ ᠪᠢᠯᠢᠭ ᠴᠢᠨᠠᠷ ᠲᠠᠢ ᠪᠠᠶᠢᠪᠠ᠃ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠥᠰᠦᠯ ︵ᠳᠣᠯᠣᠳᠤᠭᠠᠷ ᠬᠡᠪᠯᠡᠯ︶︾᠎ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠰᠢᠯᠢ ᠶᠢᠨ ᠭᠤᠣᠯ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠰᠤᠳᠤᠯᠤᠨ ᠮᠠᠭᠠᠳᠯᠠᠯᠲᠠ ᠪᠠ ᠰᠠᠨᠠᠭᠤᠯᠭ᠎ᠠ ᠪᠠᠷ᠂ ᠨᠢᠭᠡᠨᠲᠡ ᠬᠠᠷᠢᠶ᠎ᠠ ᠭᠠᠵᠠᠷ ᠤᠨ ᠵᠢᠯᠣᠭᠤᠳᠬᠤ ᠭᠠᠵᠠᠷ ᠲᠤ ᠲᠢᠶᠠᠨ ᠣᠪᠣᠭᠲᠤ ᠪᠠ ᠬᠠᠨ ᠣᠪᠣᠭᠲᠤ ᠶᠢ ᠲᠤᠰᠠᠭᠠᠷᠯᠠᠨ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠲᠢᠶᠠᠨ ᠣᠪᠣᠭᠲᠤ ᠪᠠ ᠬᠠᠨ ᠣᠪᠣᠭᠲᠤ ᠲᠠᠢ ᠣᠶᠢᠷᠠᠲᠤᠭᠰᠠᠨ 15 ᠬᠥᠮᠦᠨ ᠢ ᠨᠡᠶᠢᠭᠡᠮ ᠲᠣᠭᠤᠷᠢᠭ ᠤᠨ ᠡᠷᠡᠭᠦᠯ ᠮᠡᠨᠳᠦ ᠶᠢᠨ ᠬᠠᠮᠢᠶᠠᠷᠤᠯᠲᠠ ᠳᠤ ᠤᠷᠤᠭᠤᠯᠬᠤ ᠶᠢ ᠱᠠᠭᠠᠷᠳᠠᠪᠠ᠃      ᠳᠡᠭᠡᠷᠡᠬᠢ ᠪᠠᠶᠢᠳᠠᠯ ᠢ᠂ ᠰᠢᠯᠢ ᠶᠢᠨ ᠭᠤᠤᠯ ᠠᠶᠢᠮᠠᠭ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠠᠴᠠ 2020 ᠣᠨ ᠤ 11 ᠰᠠᠷ᠎ᠠ ᠶᠢᠨ 4᠎ ᠤ ᠡᠳᠦᠷ 31 ᠲᠤᠭᠠᠲᠦ ᠠᠯᠪᠠᠨ ᠵᠠᠷᠯᠠᠯ ᠢ ᠨᠡᠶᠢᠭᠡᠮ ᠳᠤ ᠨᠡᠶᠢᠲᠡᠯᠡᠵᠦ᠂ ᠬᠤᠰᠢᠭᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠬᠡᠯᠲᠡᠰ ᠠᠴᠠ ᠥᠷᠭᠡᠨ ᠣᠯᠠᠨ ᠠᠷᠠᠳ ᠲᠦᠮᠡᠨ ᠳᠤ ᠰᠠᠨᠠᠭᠤᠯᠬᠤ ᠨᠢ ᠴᠤᠤᠷᠬᠠᠯ ᠢ ᠢᠲᠡᠭᠡᠬᠦ ᠦᠭᠡᠢ᠂ ᠴᠤᠤᠷᠬᠠᠯ ᠢ ᠲᠠᠷᠬᠠᠭᠠᠬᠤ ᠦᠭᠡᠢ ᠪᠠᠶᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠢᠳᠡᠪᠬᠢᠲᠡᠢ ᠬᠠᠮᠵᠢᠯᠴᠠᠵᠤ᠂ ᠬᠤᠪᠢ ᠬᠥᠮᠦᠨ ᠤ ᠬᠠᠮᠠᠭᠠᠯᠠᠯᠲᠠ ᠪᠠᠨ ᠦᠷᠭᠦᠯᠵᠢᠯᠡᠨ ᠰᠠᠶᠢᠲᠤᠷ ᠬᠢᠵᠦ᠂ ᠰᠢᠨᠵᠢᠯᠡᠬᠦ ᠤᠬᠠᠭᠠᠨᠴᠢ ᠪᠠᠷ ᠠᠮᠠᠪᠴᠢ ᠵᠡᠭᠦᠵᠦ᠂ ᠬᠥᠮᠦᠨ ᠬᠠᠷ᠎ᠠ ᠴᠤᠭᠯᠠᠷᠠᠬᠤ ᠶᠢ ᠪᠠᠭᠠᠰᠬᠠᠵᠤ᠂ ᠭᠠᠷ ᠢᠶᠠᠨ ᠦᠷᠭᠦᠯᠵᠢ ᠤᠬᠢᠶᠠᠨ᠂ ᠭᠡᠷ ᠤᠷᠤᠨ ᠳᠠᠭᠠᠨ ᠦᠷᠭᠦᠯᠵᠢ ᠰᠠᠯᠬᠢ ᠵᠢᠪᠠᠷ ᠨᠡᠪᠲᠡᠷᠡᠭᠦᠯᠵᠦ᠂ ᠨᠡᠶᠢᠭᠡᠮ ᠤᠨ ᠬᠠᠷᠢᠯᠴᠠᠭᠠᠨ ᠤ ᠵᠠᠶ ᠶᠢ1 ᠮᠧᠲᠷ ᠠᠴᠠ ᠳᠡᠭᠡᠭᠰᠢᠬᠢ ᠪᠠᠶᠢᠯᠭᠠᠬᠤ ᠶᠢ ᠪᠠᠲᠤᠯᠠᠵᠤ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠬᠦ ᠳᠤ ᠰᠠᠶᠢᠨ ᠰᠠᠶᠢᠬᠠᠨ ᠨᠥᠬᠦᠴᠡᠯ ᠢ ᠪᠤᠢ‌‍ᠪᠣᠯᠭᠠᠶ᠎ᠠ᠃                  ᠵᠡᠭᠦᠨ ᠦᠵᠦᠮᠦᠴᠢᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ  ᠬᠡᠯᠲᠡᠰ                                     2020 ᠣᠨ ᠤ 11 ᠰᠠᠷ᠎ᠠ ᠶᠢᠨ 5᠎ ᠤ ᠡᠳᠦᠷ
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠣᠷᠴᠢᠭᠤᠯᠭ᠎ᠠ ᠶᠢᠨ ᠲᠠᠰᠤᠭ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号