ᠵᠡᠭᠦᠨ ᠦᠵᠦᠮᠦᠴᠢᠨ ᠬᠤᠰᠢᠭᠤ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠣᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/12/1
      11 ᠰᠠᠷ᠎ᠠ ᠶᠢᠨ 26 ᠤ ᠡᠳᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠹᠧᠩ ᠶᠢᠨ ᠬᠤ᠋ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠣᠶᠢᠷ᠎ᠠ ᠶᠢᠨ ᠬᠤᠭᠤᠴᠠᠭᠠᠨ ᠤ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠦᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢ ᠴᠢᠩᠭ᠎ᠠ  ᠨᠠᠶᠢᠳᠠᠪᠦᠷᠢᠵᠢᠭᠤᠯᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠨᠥᠭᠡᠴᠡᠯᠡᠬᠦ ᠠᠵᠢᠯ ᠪᠣᠯᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠰᠣᠷᠢᠯᠲᠠ ᠶᠢ ᠰᠠᠶᠢᠲᠤᠷ ᠬᠢᠬᠦ ᠬᠡᠷᠡᠭᠳᠡᠢ᠃ ᠮᠣᠩᠭᠤᠯ ᠤᠯᠤᠰ ᠤᠨ ᠵᠢᠯᠣᠭᠤᠴᠢ ᠳᠤ ᠪᠦᠬᠦ ᠲᠠᠯ᠎ᠠ ᠶᠢᠨ ᠪᠢᠳᠡᠭᠦᠮᠵᠢᠯᠡᠭᠰᠡᠨ ᠬᠠᠮᠢᠶᠠᠷᠤᠯᠲᠠ ᠶᠢ ᠴᠢᠩᠭᠠᠳᠬᠠᠵᠣ᠂ ᠲᠣᠭᠲᠠᠮᠠᠯ ᠬᠤᠭᠤᠴᠠᠭ᠎ᠠ ᠲᠠᠢ ᠪᠠᠷ ᠪᠥᠭᠡᠮ ᠬᠦᠴᠢᠯ ᠤᠨ ᠪᠠᠶᠢᠴᠠᠭᠠᠯᠲᠡ ᠪᠠ ᠠᠷᠢᠭᠤᠳᠬᠠᠯ ᠬᠢᠵᠦ᠂ ᠲᠣᠭᠳᠠᠮᠠᠯ ᠬᠤᠭᠤᠴᠠᠭ᠎ᠠ ᠲᠠᠢ ᠪᠠᠷ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠳᠤ ᠠᠷᠢᠭᠤᠳᠬᠠᠬᠤ ᠦᠨᠡᠯᠡᠯᠲᠡ ᠬᠢᠵᠦ᠂ ᠬᠠᠮᠢᠶ᠎ᠠ ᠪᠦᠬᠦᠢ ᠠᠵᠤ ᠠᠬᠤᠶᠢᠯᠠᠯ ᠢ ᠱᠠᠭᠠᠷᠳᠠᠵᠣ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠬᠢᠵᠦ᠂ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢᠨ ᠥᠨᠳᠥᠷ ᠪᠦᠲᠦᠮᠵᠢᠲᠡᠶ ᠬᠡᠪ ᠤᠨ ᠠᠵᠢᠯᠯᠠᠭᠠᠨ ᠢ ᠪᠠᠲᠤᠯᠠᠵᠤ᠂ ᠬᠢᠯᠢ ᠶᠢᠨ ᠭᠠᠳᠠᠨᠠᠬᠢ ᠬᠢᠵᠢᠭ ᠤᠨ ᠪᠠᠶᠢᠳᠠᠯ ᠢ ᠣᠷᠣᠭᠤᠯᠬᠤ ᠶᠢ ᠡᠷᠡᠰ ᠰᠡᠷᠭᠡᠶᠢᠯᠡᠬᠦ ᠬᠡᠷᠡᠭᠲᠡᠶ ᠭᠡᠪᠡ᠃      ᠬᠤᠰᠢᠭᠤ ᠪᠣᠭᠤᠮᠲᠠ ᠶᠢᠨ ᠶᠠᠪᠣᠳᠠᠯ ᠤᠨ ᠵᠥᠪᠯᠡᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠪᠣᠭᠤᠮᠲᠠ᠂  ᠵᠡᠭᠦᠨ ᠬᠠᠳᠠᠪᠴᠢ ᠬᠢᠯᠢ ᠪᠠᠷ ᠣᠷᠣᠭᠤᠯᠵᠣ ᠭᠠᠷᠭᠠᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠨ ᠵᠢᠴᠢ ᠡᠯ᠎ᠡ ᠠᠵᠤ ᠠᠬᠤᠶᠢᠯᠠᠯ ᠤᠨ ᠲᠥᠯᠥᠭᠡᠯᠡᠭᠴᠢ ᠬᠤᠷᠠᠯ ᠳᠤ ᠣᠷᠣᠯᠴᠠᠵᠠᠶ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠣᠷᠴᠢᠭᠤᠯᠭ᠎ᠠ ᠶᠢᠨ ᠲᠠᠰᠤᠭ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号