ᠵᠡᠬᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠬᠢᠩᠭᠠᠨ ᠨᠠᠷ ᠵᠡᠭᠦᠨ ᠬᠠᠲᠠᠪᠴᠢ ᠪᠣᠭᠤᠮᠲᠠ ᠳᠤ  ᠬᠦᠨᠵᠡᠭᠡᠶᠢᠷᠡᠵᠣ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠭᠠᠷᠳᠠᠨ ᠪᠠᠶᠢᠴᠠᠭᠠᠪᠠ
ᠨᠡᠶᠢᠲᠡᠯᠡᠭᠰᠡᠨ ᠴᠠᠭ᠄
2020/12/11
     
     12 ᠰᠠᠷ᠎ᠠ ᠶᠢᠨ 9 ᠤ ᠡᠳᠦᠷ᠂ ᠵᠡᠬᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠬᠢᠩᠭᠠᠨ᠂ ᠲᠡᠳ᠋ ᠬᠤᠰᠢᠭᠤ ᠳᠠᠷᠤᠭ᠎ᠠ ᠶᠣᠣ ᠬᠠᠢ ᠰᠢᠶᠠ ᠨᠠᠷ ᠵᠡᠭᠦᠨ ᠬᠠᠲᠠᠪᠴᠢ ᠪᠣᠭᠤᠮᠲᠠ ᠳᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠭᠠᠷᠳᠠᠨ ᠪᠠᠶᠢᠴᠠᠭᠠᠵᠣ᠂ ᠬᠠᠳᠠᠪᠴᠢ ᠪᠠᠯᠭᠠᠰᠣ᠂ ᠪᠣᠭᠤᠮᠲᠠ ᠶᠢᠨ ᠶᠠᠪᠣᠳᠠᠯ ᠵᠡᠷᠭᠡ ᠬᠤᠯᠪᠣᠭᠳᠠᠯ ᠪᠦᠬᠦᠢ ᠬᠠᠷᠢᠭᠤᠴᠠᠯᠭᠠᠳᠠᠨ ᠨᠠᠷ ᠬᠠᠮᠲᠦ ᠪᠠᠶᠢᠴᠠᠭᠠᠪᠠ᠃
           ᠪᠣᠭᠤᠮᠲᠠ ᠶᠢᠨ ᠬᠠᠮᠳᠣᠷᠠᠨ ᠪᠠᠶᠢᠴᠠᠭᠠᠬᠤ ᠲᠣᠭᠤᠷᠢᠭ᠂ ᠬᠢᠯᠢ ᠪᠠᠷ ᠣᠷᠣᠭᠤᠯᠵᠣ ᠭᠠᠷᠭᠠᠬᠤ ᠦᠢᠯᠡᠳᠬᠦᠨ ᠤ ᠬᠢᠵᠢᠭ ᠤᠨ ᠪᠠᠶᠢᠴᠠᠭᠠᠯᠲᠠ ᠶᠢᠨ ᠲᠣᠭᠤᠷᠢᠭ᠂ ᠵᠢᠯᠣᠭᠤᠴᠢ ᠠᠶᠠᠨᠴᠢᠳ ᠢ ᠲᠤᠰᠠᠭᠠᠷᠯᠠᠬᠤ ᠲᠣᠭᠤᠷᠢᠭ᠂ ᠪᠣᠭᠤᠮᠲᠠ ᠳᠤ ᠮᠡᠳᠡᠭᠦᠯᠬᠦ ᠪᠠ ᠰᠢᠯᠭᠠᠨ ᠪᠠᠶᠢᠴᠠᠭᠠᠬᠤ ᠦᠢᠯᠡᠴᠢᠯᠡᠭᠡᠨ ᠤ ᠲᠥᠪ᠂ ᠭᠠᠳᠠᠭᠠᠳᠤ ᠠᠴᠠ ᠣᠷᠣᠭᠤᠯᠬᠤ ᠨᠡᠭᠦᠷᠡᠰᠦ ᠶᠢ ᠪᠠᠭᠤᠯᠭᠠᠬᠤ ᠬᠢᠨᠠᠨ ᠬᠠᠮᠢᠶᠠᠷᠬᠤ ᠲᠠᠯᠠᠪᠤᠷ ᠵᠡᠷᠭᠡ ᠲᠠᠯᠠᠪᠤᠷ ᠢ ᠪᠠᠶᠢᠴᠠᠭᠠᠨ ᠦᠵᠡᠬᠦ ᠶᠢᠨ ᠬᠠᠮᠲᠦ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠥᠰᠦᠯ ᠢ ᠨᠠᠷᠢᠨ ᠣᠶᠢᠯᠠᠭᠠᠵᠤ᠂ ᠬᠢᠯᠢ ᠪᠠᠷ ᠣᠷᠣᠵᠤ ᠭᠠᠷᠬᠤ ᠲᠡᠷᠭᠡ ᠬᠥᠰᠬᠡ᠂ ᠡᠳ᠋ ᠪᠠᠷᠠᠭ᠎ᠠ ᠶᠢ ᠪᠣᠭᠤᠮᠲᠠ ᠪᠠᠷ ᠦᠩᠭᠡᠷᠡᠬᠦ᠂ ᠠᠬᠤᠢ ᠲᠠᠯᠠᠪᠠᠢ ᠶᠢᠨ ᠬᠠᠮᠢᠶᠠᠷᠣᠯᠲᠠ ᠪᠠ ᠠᠷᠢᠭᠤᠳᠬᠠᠬᠤ᠂ ᠰᠡᠷᠭᠡᠶᠢᠯᠡᠨ ᠡᠵᠡᠮᠳᠡᠬᠦ ᠡᠳ᠋  ᠪᠣᠳᠠᠰ ᠤᠨ ᠪᠡᠯᠡᠳᠬᠡᠯ ᠵᠢᠴᠢ ᠪᠥᠭᠡᠮ ᠬᠦᠴᠢᠯ ᠤᠨ ᠪᠠᠶᠢᠴᠠᠭᠠᠯᠲᠠ ᠬᠢᠬᠦ ᠵᠡᠷᠭᠡ ᠪᠠᠶᠢᠳᠠᠯ ᠢ ᠨᠠᠷᠢᠨ ᠣᠶᠢᠯᠠᠭᠠᠭᠰᠠᠨ ᠪᠠᠶᠢᠨ᠎ᠠ᠃ ᠳᠠᠷᠠᠭ᠎ᠠ ᠨᠢ᠂  ᠰᠠᠭᠤᠳᠠᠯ  ᠤᠨ ᠬᠤᠷᠠᠯ ᠬᠤᠷᠠᠯᠳᠤᠭᠤᠯᠵᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠨ ᠲᠠᠢ ᠶᠠᠷᠢᠯᠴᠠᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠣᠭᠳᠠᠯ ᠪᠦᠬᠦᠢ ᠤᠴᠢᠷ ᠢ ᠪᠠᠶᠢᠷᠢᠯᠠᠭᠤᠯᠬᠤ ᠶᠢᠨ ᠬᠠᠮᠲᠤ ᠪᠣᠭᠤᠮᠲᠠ ᠪᠠᠷ ᠥᠩᠭᠡᠷᠡᠬᠦ ᠶᠠᠪᠣᠴᠠ  ᠂  ᠠᠷᠢᠭᠤᠳᠬᠠᠬᠤ ᠵᠡᠷᠭᠡ ᠵᠠᠩᠬᠢᠯᠠᠭ᠎ᠠ ᠶᠢᠨ ᠭᠤᠭᠴᠤᠭ᠎ᠠ ᠳᠤ ᠲᠣᠳᠣᠷᠬᠠᠶ ᠱᠠᠭᠠᠷᠳᠠᠯᠭ᠎ᠠ ᠳᠤᠷᠠᠳᠪᠠ᠃
     ᠬᠢᠩᠭᠠᠨ ᠵᠢᠭᠠᠭᠰᠠᠨ ᠨᠢ᠂ ᠣᠳᠣᠬᠠᠨ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠮᠦᠨ ᠬᠦᠨᠳᠦ ᠮᠦᠷᠳᠡᠭᠡᠨ ᠲᠦᠭᠰᠢᠬᠦᠷᠢ  ᠣᠷᠣᠰᠢᠵᠤ᠂ ᠣᠨᠴᠠᠭᠠᠶᠢᠯᠠᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠡᠭᠦᠷᠭᠡ ᠮᠠᠰᠢ ᠬᠠᠲᠠᠭᠤ ᠪᠡᠷᠬᠡ ᠪᠠᠶᠢᠨ᠎ᠠ᠃  ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ《 ᠭᠠᠳᠠᠨ᠎ᠠ ᠠᠴᠠ ᠬᠠᠯᠳᠠᠪᠣᠷᠢᠯᠠᠬᠤ ᠶᠢ ᠰᠠᠷᠭᠡᠶᠢᠯᠡᠵᠣ᠂ ᠳᠣᠳᠣᠭᠠᠳᠣ ᠳᠠᠭᠠᠨ ᠳᠠᠬᠢᠨ ᠳᠡᠯᠭᠡᠷᠡᠬᠦ ᠶᠢ ᠰᠡᠷᠭᠡᠶᠢᠯᠡᠬᠦ》ᠪᠠᠶᠢᠩᠭᠤ ᠶᠢᠨ ᠰᠡᠷᠭᠡᠶᠢᠯᠡᠨ ᠡᠵᠡᠮᠳᠡᠬᠦ ᠠᠵᠢᠯ ᠤᠨ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶᠠᠨ ᠤ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠣᠯᠲᠠ ᠵᠣᠷᠢᠭ ᠰᠠᠨᠠᠭ᠎ᠠ ᠶᠣᠰᠣᠭᠠᠷ᠂ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠴᠢᠩᠭ᠎ᠠ ᠪᠣᠳᠠᠳᠠᠶᠢᠵᠢᠭᠤᠯᠵᠣ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ᠠᠵᠢᠯ ᠤᠨ ᠶᠠᠪᠣᠴᠠ ᠪᠠᠨ ᠰᠢᠯᠢᠳᠡᠭᠵᠢᠬᠦᠯᠦᠨ᠂ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ ᠴᠢᠩᠭᠠᠳᠬᠠᠵᠤ᠂ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠳᠠᠢ  ᠳᠤ ᠨᠠᠶᠢᠳᠠᠪᠣᠷᠢᠵᠢᠭᠤᠯᠵᠣ᠂ ᠭᠠᠳᠠᠨ᠎ᠠ ᠠᠴᠠ ᠬᠠᠯᠳᠠᠪᠣᠷᠢᠯᠠᠬᠤ ᠶᠢ ᠡᠷᠡᠰ ᠬᠤᠷᠢᠭᠯᠠᠵᠣ᠂ ᠪᠣᠭᠤᠮᠲᠠ ᠶᠢᠨ ᠰᠡᠷᠭᠡᠶᠢᠯᠡᠯᠲᠡ ᠶᠢᠨ ᠱᠤᠭᠤᠮ ᠢ  ᠪᠠᠬᠢᠵᠢᠬᠦᠯᠦᠨ᠂ ᠤᠯᠤᠰ ᠤᠨ ᠡᠭᠦᠳᠡᠨ ᠤ ᠠᠮᠤᠷ ᠲᠦᠪᠰᠢᠨ ᠢ ᠦᠨᠡᠨᠬᠦ ᠬᠠᠮᠠᠭᠠᠯᠠᠵᠤ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠢ  ᠪᠠᠳᠣᠯᠠᠬᠤ ᠬᠡᠷᠡᠭᠲᠠᠢ᠃
     ᠡᠬᠦᠨ ᠤ ᠬᠠᠮᠲᠦ᠂ ᠬᠢᠩᠭᠠᠨ ᠨᠠᠷ ᠪᠠᠰᠠ ᠬᠠᠳᠠᠪᠴᠢ ᠪᠠᠯᠭᠠᠰᠤᠨ ᠤ ᠮᠠᠯᠵᠢᠬᠤ ᠡᠷᠦᠬᠡ ᠳᠤ ᠭᠦᠨᠵᠡᠭᠡᠶᠢᠷᠡᠨ᠂ ᠮᠠᠯᠴᠢᠳ ᠲᠠᠢ ᠨᠠᠷᠢᠨ ᠶᠠᠷᠢᠯᠴᠠᠵᠤ᠂ ᠮᠠᠯᠵᠢᠬᠤ ᠡᠷᠦᠬᠡ ᠶᠢᠨ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠵᠢᠴᠢ ᠡᠪᠦᠯ ᠤᠨ ᠤᠯᠠᠷᠢᠯ ᠤᠨ ᠮᠠᠯ ᠠᠵᠤ ᠠᠬᠤᠢ ᠶᠢᠨ ᠦᠢᠯᠡᠳᠪᠦᠷᠢᠯᠡᠯ ᠵᠡᠷᠭᠡ ᠪᠠᠶᠢᠳᠠᠯ ᠢ ᠣᠶᠢᠯᠠᠭᠠᠪᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠤᠷᠴᠢᠭᠤᠯᠭ᠎ᠠ ᠶᠢᠨ ᠲᠠᠰᠤᠭ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号