︿︿ᠬᠤᠳᠠ ᠬᠦᠳᠡᠭᠡ ᠶᠢᠨ ᠤᠡᠴᠠ ᠬᠦᠴᠢᠷᠳᠡᠯ ᠲᠠᠢ ᠬᠦᠮᠤᠰ ᠢ ᠠᠰᠠᠷᠠᠨ ᠲᠡᠳᠬᠦᠬᠦ ᠦᠢᠯᠡᠴᠢᠯᠡᠭᠡᠨ ᠤ ᠪᠠᠶᠢᠭᠤᠯᠤᠮᠵᠢ ᠶᠢᠨ ᠵᠠᠷᠤᠳᠠᠯ ᠤᠨ ᠬᠠᠮᠢᠶᠠᠷᠤᠯᠳᠠ ᠵᠢᠴᠢ ᠦᠢᠯᠡᠴᠢᠯᠡᠭᠡᠨ ᠤ ᠠᠵᠢᠯ ᠢ ᠴᠢᠨᠠᠭᠰᠢᠳᠠ ᠤᠯᠠᠮ ᠴᠢᠩᠭᠠᠳᠬᠠᠬᠤ ᠲᠤᠬᠠᠢ ᠮᠡᠳᠡᠭᠳᠡᠯ﹀﹀ ᠤᠨ ᠲᠠᠶᠢᠯᠤᠮᠵᠢ
ᠨᠡᠶᠢᠲᠡᠯᠡᠭᠰᠡᠨ ᠴᠠᠭ᠄
2020/12/19
      ᠤᠶᠢᠷ᠎ᠠ ᠳᠤ ᠠᠷᠠᠤᠨ ᠤᠨ ᠶᠠᠪᠤᠳᠠᠯ ᠤᠨ ᠲᠢᠩᠭᠢᠮ ᠠᠴᠠ ︿︿ᠬᠤᠳᠠ ᠬᠦᠳᠡᠭᠡ ᠶᠢᠨ ᠤᠡᠴᠠ ᠬᠦᠴᠢᠷᠳᠡᠯ  ᠲᠠᠢ ᠬᠦᠮᠤᠰ ᠢ ᠠᠰᠠᠷᠠᠨ ᠲᠡᠳᠬᠦᠬᠦ ᠦᠢᠯᠡᠴᠢᠯᠡᠭᠡᠨ ᠤ ᠪᠠᠶᠢᠭᠤᠯᠤᠮᠵᠢ ᠶᠢᠨ ᠵᠠᠷᠤᠳᠠᠯ ᠤᠨ ᠬᠠᠮᠢᠶᠠᠷᠤᠯᠳᠠ ᠵᠢᠴᠢ ᠦᠢᠯᠡᠴᠢᠯᠡᠭᠡᠨ ᠤ ᠠᠵᠢᠯ ᠢ ᠴᠢᠨᠠᠭᠰᠢᠳᠠ ᠤᠯᠠᠮ ᠴᠢᠩᠭᠠᠳᠬᠠᠬᠤ ᠲᠤᠬᠠᠢ ᠮᠡᠳᠡᠭᠳᠡᠯ﹀﹀ ᠲᠠᠷᠬᠠᠭᠠᠪᠠ᠃ ᠦᠨᠤ ︿︿ᠮᠡᠳᠡᠭᠳᠡᠯ﹀﹀ ᠤᠨ ᠲᠤᠬᠠᠢ ᠬᠠᠮᠢᠶ᠎ᠠ ᠪᠦᠬᠦᠢ ᠠᠰᠠᠭᠤᠳᠠᠯ ᠳᠤ ᠬᠠᠷᠢᠭᠤᠯᠳᠡ ᠦᠭᠬᠦ ᠪᠤᠯᠤᠨ᠎ᠠ᠃      1. ᠶᠠᠮᠠᠷ ᠠᠬᠤᠢ ᠪᠠᠶᠢᠳᠠᠯ ᠲᠤᠤᠷ᠎ᠠ ︿︿ᠮᠡᠳᠡᠭᠳᠡᠯ﹀﹀ ᠢ ᠲᠠᠷᠬᠠᠭᠠᠭᠰᠠᠨ ᠪᠤᠢ︖        ᠬᠤᠳᠠ ᠬᠦᠳᠡᠭᠡ ᠶᠢᠨ ᠤᠡᠴᠠ ᠬᠦᠴᠢᠷᠳᠡᠯ ᠲᠠᠢ ᠬᠦᠮᠤᠰ ᠤᠨ ᠦᠨᠳᠤᠰᠤᠨ ᠠᠮᠢᠳᠤᠷᠠᠯ ᠤᠨ ᠭᠢᠷᠢ ᠭᠡᠮᠵᠢᠶ᠎ᠡ ᠶᠢ ᠪᠠᠳᠤᠯᠠᠬᠤ ᠪᠣᠯ ᠠᠷᠠᠤᠨ ᠲᠦᠮᠠᠨ ᠢᠶᠠᠷ ᠭᠤᠤᠯᠳᠠᠯᠭ᠎ᠠ ᠪᠤᠯᠭᠠᠭᠰᠠᠨ ᠬᠦᠭᠵᠢᠯᠳᠡ ᠶᠢᠨ ᠦᠵᠡᠯ ᠰᠠᠨᠠᠭ᠎ᠠ ᠶᠢ ᠲᠤᠭᠤᠰᠢᠯᠠᠭᠤᠯᠬᠤ ᠶᠢᠨ ᠴᠢᠬᠤᠯᠠ ᠠᠭᠤᠯᠭ᠎ᠠ ᠮᠥᠨ᠂ ᠨᠠᠶᠢᠭᠡᠮ ᠤᠨ ᠠᠰᠠᠷᠠᠨ ᠲᠡᠳᠬᠦᠬᠦ ᠰᠢᠰᠲ᠋ᠧᠮ ᠢ ᠲᠡᠬᠦᠯᠳᠡᠷᠵᠢᠬᠦᠯᠵᠤ᠂ ᠠᠷᠠᠤᠨ ᠤᠨ ᠠᠮᠢᠳᠤᠷᠠᠯ ᠤᠨ ᠠᠮᠤᠷ ᠲᠦᠪᠰᠢᠨ ᠤ ᠲᠤᠤᠷᠵᠢᠭᠤᠯᠤᠯᠳᠠ ᠶᠢ ᠪᠠᠶᠢᠭᠤᠯᠬᠤ ᠴᠢᠬᠤᠯᠠ ᠠᠷᠭ᠎ᠠ ᠪᠠᠷᠢᠯ ᠮᠦᠨ᠂ ᠬᠦᠭᠵᠢᠯᠳᠠ ᠶᠢᠨ ᠦᠷ᠎ᠡ ᠪᠦᠳᠤᠭᠡᠯ ᠢ ᠬᠠᠮᠳᠤ ᠪᠠᠷ ᠬᠦᠷᠳᠡᠵᠤ᠂ ᠠᠷᠠᠤᠨ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠳᠤ ᠪᠠᠶᠢᠪᠠᠰᠤ ᠵᠤᠭᠢᠬᠤ ᠦᠵᠠᠯᠳᠠ ᠮᠦᠨ᠂ ᠪᠠᠰᠠ ᠴᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠲᠤᠯᠬᠤ ᠪᠠᠶᠢᠯᠳᠤᠭᠠᠨ ᠳᠤ ᠢᠯᠠᠯᠳᠠ ᠤᠯᠵᠤ᠂ ᠴᠢᠨᠡᠭᠡᠯᠢᠭ ᠨᠠᠶᠢᠭᠡᠮ ᠢ ᠪᠦᠬᠦ ᠲᠠᠯ᠎ᠠ ᠪᠠᠷ ᠪᠦᠲᠤᠭᠡᠨ ᠪᠠᠶᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠨᠢ ᠪᠤᠯᠤᠨ᠎ᠠ᠃      ᠬᠤᠳᠠ ᠬᠦᠳᠡᠭᠡ ᠶᠢᠨ ᠤᠡᠴᠠ ᠬᠦᠴᠢᠷᠳᠡᠯ ᠲᠠᠢ ᠬᠦᠮᠤᠰ ᠢ ᠠᠰᠠᠷᠠᠨ ᠲᠡᠳᠬᠦᠬᠦ ᠪᠠᠶᠢᠭᠤᠯᠤᠮᠵᠢ ᠪᠣᠯ ᠬᠤᠳᠠ ᠬᠦᠳᠡᠭᠡ ᠶᠢᠨ ᠤᠡᠴᠠ ᠬᠦᠴᠢᠷᠳᠡᠯ ᠲᠠᠢ ᠬᠦᠮᠤᠰ ᠢ ᠲᠦᠪᠯᠡᠷᠡᠬᠦᠯᠤᠨ ᠠᠰᠠᠷᠠᠨ ᠲᠡᠳᠬᠦᠬᠦ ᠦᠨᠳᠤᠰᠤᠨ ᠭᠡᠯᠪᠡᠷᠢ ᠮᠥᠨ᠂ ᠵᠠᠰᠠᠭ ᠤᠨ ᠤᠷᠳᠤᠨ ᠤ ᠤᠯᠠᠨ ᠨᠠᠶᠢᠳᠠ ᠶᠢᠨ ᠦᠨᠳᠤᠰᠤᠨ ᠨᠠᠰᠤᠵᠢᠯ ᠤᠨ ᠦᠢᠯᠡᠴᠢᠯᠡᠭᠡᠨ ᠤ ᠴᠢᠬᠤᠯᠠ ᠠᠭᠤᠯᠭ᠎ᠠ ᠮᠦᠨ᠃ ᠤᠶᠢᠷ᠎ᠠ ᠶᠢᠨ ᠵᠢᠯ ᠳᠤ ᠡᠯ᠎ᠡ ᠭᠠᠵᠠᠷ ᠣᠷᠣᠨ ᠤ ᠬᠢᠨ ᠬᠤᠳᠠ ᠬᠦᠳᠡᠭᠡ ᠶᠢᠨ ᠤᠡᠴᠠ ᠬᠦᠴᠢᠷᠳᠡᠭᠰᠡᠳ ᠢ ᠠᠰᠠᠷᠠᠨ ᠳᠡᠳᠬᠦᠬᠦ ᠪᠠᠶᠢᠭᠤᠯᠤᠮᠵᠢ ᠳᠤ ᠪᠡᠯᠡ ᠣᠷᠣᠭᠤᠯᠤᠯᠲᠠ ᠪᠠᠨ ᠲᠠᠰᠤᠷᠠᠯᠳᠠ ᠦᠭᠡᠢ ᠳᠡᠭᠡᠭᠰᠢᠯᠡᠭᠦᠯᠵᠤ᠂ ᠦᠢᠯᠡᠴᠢᠯᠡᠭᠡᠨ ᠤ ᠬᠢᠷᠢ ᠳᠦᠪᠰᠢᠨ ᠢᠶᠠᠨ ᠳᠠᠰᠤᠷᠠᠯᠲᠠ ᠦᠭᠡᠢ ᠰᠠᠶᠢᠵᠢᠷᠠᠭᠤᠯᠤᠭᠰᠠᠨ ᠢᠶᠠᠷ ᠤᠡᠴᠠ ᠬᠦᠴᠢᠷᠳᠡᠯ ᠲᠠᠢ ᠬᠦᠮᠤᠰ ᠤᠨ ᠠᠮᠢᠳᠤᠷᠠᠯ ᠤᠨ ᠴᠢᠨᠠᠷ ᠴᠢᠨᠰᠠᠭ᠎ᠠ ᠢᠯᠡᠳᠲᠡ ᠲᠡᠭᠡᠭᠰᠢᠯᠡᠪᠡ᠃ ᠭᠡᠪᠡᠴᠤ ᠤᠡᠴᠠ ᠬᠦᠴᠢᠷᠳᠡᠯ ᠲᠠᠢ ᠬᠦᠮᠤᠰ ᠢ ᠠᠰᠠᠷᠠᠨ ᠲᠡᠳᠬᠦᠬᠦ ᠪᠠᠶᠢᠭᠤᠯᠤᠮᠵᠢ ᠶᠢᠨ ᠬᠠᠮᠢᠶᠠᠷᠤᠯᠳᠠ ᠪᠠ ᠦᠢᠯᠡᠴᠢᠯᠡᠭᠡᠨ ᠤ ᠠᠵᠢᠯ ᠳᠤᠮᠳᠠ ᠪᠠᠭ᠎ᠠ ᠪᠤᠰᠤ ᠳᠤᠲᠠᠭᠤᠳᠠᠯ ᠤᠷᠤᠰᠢᠵᠤ ᠪᠤᠢ᠃ ᠬᠠᠤᠯᠢ ᠶᠢᠨ ᠬᠦᠮᠤᠨ ᠤ ᠭᠢᠷᠢ ᠭᠡᠮ ᠨᠢ ᠲᠤᠳᠤᠷᠬᠠᠢ ᠦᠭᠡᠢ᠂ ᠬᠠᠮᠢᠶᠠᠷᠤᠯᠳᠠ ᠶᠢᠨ ᠵᠠᠷᠤᠳᠠᠯ ᠨᠢ ᠪᠠᠳᠤᠯᠠᠭ᠎ᠠ ᠦᠭᠡᠢ᠂ ᠦᠢᠯᠡᠴᠢᠯᠡᠭᠡᠨ ᠤ ᠠᠭᠤᠯᠭ᠎ᠠ ᠨᠢ ᠲᠠᠩ ᠭᠠᠭᠴᠠ ᠪᠤᠶᠤ ᠪᠦᠳᠤᠬᠦᠯᠢᠭ᠂ ᠵᠠᠷᠢᠮ ᠬᠠᠭᠤᠴᠢᠨ ᠪᠠᠶᠢᠭᠤᠯᠤᠮᠵᠢ ᠶᠢᠨ ᠰᠠᠭᠤᠷᠢ ᠪᠦᠳᠤᠭᠡᠨ ᠪᠠᠶᠢᠭᠤᠯᠤᠯᠳᠠ ᠶᠢ ᠴᠠᠭ ᠲᠤᠬᠠᠢ ᠳᠤᠨᠢ ᠦᠭᠡᠷᠠᠴᠢᠯᠡᠵᠤ ᠲᠠᠶᠢᠯᠬᠦ ᠦᠭᠡᠢ᠂ ᠠᠮᠤᠷ ᠲᠦᠪᠰᠢᠨ ᠤ ᠲᠠᠯ᠎ᠠ ᠪᠠᠷ ᠪᠠᠳᠤᠯᠠᠭ᠎ᠠ ᠦᠭᠡᠢ ᠵᠡᠷᠭᠡ ᠠᠰᠠᠭᠤᠳᠠᠯ ᠤᠷᠤᠰᠢᠵᠤ ᠪᠠᠶᠢᠨ᠎ᠠ᠃ ᠡᠳᠡᠭᠡᠷ ᠠᠰᠠᠭᠤᠳᠠᠯ ᠨᠢ ᠤᠡᠴᠠ ᠬᠦᠴᠢᠷᠳᠡᠭᠰᠡᠳ ᠢ ᠠᠰᠠᠷᠠᠨ ᠲᠡᠳᠬᠦᠬᠦ ᠪᠠᠶᠢᠭᠤᠯᠤᠮᠵᠢ ᠶᠢᠨ ᠦᠷᠬᠦᠯᠵᠢᠯᠠᠨ ᠡᠷᠡᠬᠦᠯ ᠢᠶᠠᠷ ᠭᠦᠭᠵᠢᠬᠦ ᠶᠢ ᠨᠦᠯᠤᠭᠡᠯᠡᠵᠤ ᠪᠠᠶᠢᠭ᠎ᠠ ᠶᠤᠮ᠃        2. ︿︿ᠮᠡᠳᠡᠭᠳᠡᠯ﹀﹀ ᠳᠤ ᠤᠡᠴᠠ ᠬᠦᠴᠢᠷᠳᠡᠭᠰᠡᠳ ᠢ ᠠᠰᠠᠷᠠᠨ ᠲᠡᠳᠬᠦᠬᠦ ᠪᠠᠶᠢᠭᠤᠯᠤᠮᠵᠢ ᠶᠢᠨ ᠶᠠᠮᠠᠷ ᠶᠠᠮᠠᠷ ᠠᠰᠠᠷᠠᠨ ᠲᠡᠳᠬᠦᠬᠦ ᠠᠭᠤᠯᠭ᠎ᠠ ᠶᠢ ᠲᠣᠳᠣᠷᠬᠠᠶᠢᠯᠠᠭᠰᠠᠨ ᠪᠤᠢ︖      ᠲᠦᠷᠤ ᠶᠢᠨ ᠶᠠᠪᠤᠳᠠᠯ ᠤᠨ ᠬᠤᠷᠢᠶᠠᠨ ᠤ ︿︿ᠣᠨᠴᠠ ᠬᠦᠴᠢᠷᠳᠡᠭᠰᠡᠳ ᠢ ᠳᠤᠰᠠᠯᠠᠨ ᠠᠰᠠᠷᠨᠨ ᠲᠡᠳᠬᠦᠬᠦ ᠲᠦᠷᠢᠮ ᠢ ᠤᠯᠠᠮ ᠴᠢᠨᠠᠭᠰᠢᠳᠠ ᠲᠡᠬᠦᠯᠳᠡᠷᠵᠢᠬᠦᠯᠬᠦ ᠲᠤᠬᠠᠢ ᠰᠠᠨᠠᠯ﹀﹀ ︵ᠤᠯᠤᠰ ᠠᠴᠠ ᠳᠠᠷᠬᠠᠭᠠᠭᠰᠠᠨ ︵2016︶ 14 ᠳ᠋ᠦ᠋ᠭᠡᠷ ᠲᠤᠭᠠᠳᠤ︶ ᠪᠤᠯᠤᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ︿︿ᠤᠡᠴᠠ ᠬᠦᠴᠢᠷᠳᠡᠭᠰᠡᠳ ᠢ ᠳᠤᠰᠠᠯᠠᠨ ᠠᠰᠠᠷᠠᠨ ᠲᠡᠳᠬᠦᠬᠦ ᠲᠦᠷᠢᠮ ᠢ ᠤᠯᠠᠮ ᠴᠢᠨᠠᠭᠰᠢᠳᠠ ᠲᠡᠬᠦᠯᠳᠡᠷᠵᠢᠬᠦᠯᠤᠨ ᠭᠡᠷᠡᠭᠵᠢᠬᠦᠯᠬᠦ ᠲᠤᠬᠠᠢ ᠰᠠᠨᠠᠯ﹀﹀ ︵ᠦᠪᠤᠷ ᠵᠠᠰᠠᠭ ᠲᠠᠷᠬᠠᠭᠠᠬᠤ ﹇2016﹈ 106 ᠳ᠋ᠤᠭᠠᠷ ᠲᠤᠭᠠᠳᠤ︶ ᠤᠨ ᠱᠠᠭᠠᠷᠳᠠᠯᠭ᠎ᠠ ᠶᠤᠰᠤᠭᠠᠷ ᠳᠤᠰᠠᠯᠠᠨ ᠠᠰᠠᠷᠠᠨ ᠲᠡᠳᠬᠦᠬᠦ ᠠᠭᠤᠯᠭ᠎ᠠ ᠪᠠᠨ ᠤᠯᠠᠮ ᠨᠢᠭᠡ ᠠᠯᠬᠤᠮ ᠲᠤᠳᠤᠷᠬᠠᠶᠢᠯᠠᠪᠠ᠃       ︵1︶ ᠦᠨᠳᠤᠰᠤᠨ ᠠᠮᠢᠳᠤᠷᠠᠯ ᠤᠨ ᠨᠦᠬᠦᠴᠡᠯ ᠢ ᠬᠠᠩᠭᠠᠨ᠎ᠠ᠃ ᠠᠮᠤ ᠲᠤᠰᠤ᠂ ᠬᠤᠯᠢᠰᠢᠨ ᠢᠳᠡᠭᠡᠨ᠂ ᠠᠮᠢᠳᠤᠷᠠᠯ ᠳᠤ ᠭᠡᠷᠡᠭᠯᠡᠬᠦ ᠲᠦᠯᠡᠰᠢ ᠬᠤᠪᠴᠠᠰᠤ ᠬᠤᠨᠠᠷ᠂ ᠤᠷᠦ ᠲᠡᠪᠢᠰᠭᠡᠷ ᠵᠡᠷᠭᠡ ᠡᠳᠦᠷ ᠲᠤᠳᠤᠮ ᠤᠨ ᠭᠡᠷᠡᠭᠯᠡᠭᠡᠨ ᠤ ᠵᠦᠢᠯ ᠪᠠ ᠠᠷᠰᠠᠷ ᠵᠠᠷᠤᠬᠤ ᠵᠤᠭᠤᠰ ᠮᠦᠩᠬᠦ ᠬᠠᠩᠭᠠᠨ ᠦᠭᠬᠦᠨ᠎ᠡ᠃ ᠡᠳᠡᠭᠡᠷ ᠢ ᠪᠤᠳᠠᠰ ᠪᠤᠶᠤ ᠪᠡᠯᠡ ᠮᠦᠩᠬᠦ ᠦᠭᠬᠦ ᠭᠡᠯᠪᠡᠷᠢ ᠪᠠᠷ ᠪᠠᠳᠤᠯᠠᠬᠤ ᠪᠤᠯᠤᠨ᠎ᠠ᠃      ︵2︶ ᠠᠮᠢᠳᠤᠷᠠᠯ ᠳᠤ ᠪᠠᠨ ᠵᠦᠪ ᠦᠭᠡᠢ ᠬᠦᠮᠤᠰ ᠲᠤ ᠬᠠᠷᠠᠭᠠᠯᠵᠠᠯᠠᠯ ᠦᠵᠡᠬᠦᠯᠤᠨ᠎ᠠ᠃ ᠡᠳᠤᠷ ᠲᠤᠳᠤᠮ ᠤᠨ ᠠᠮᠢᠳᠤᠷᠠᠯ ᠪᠠ ᠡᠮᠨᠡᠯᠭᠡ ᠳᠤ ᠰᠠᠭᠤᠬᠤ ᠵᠡᠷᠭᠡ ᠬᠤᠭᠤᠴᠠᠭᠠᠨ ᠳᠤ ᠬᠢ ᠦᠨᠳᠤᠰᠤᠨ ᠦᠢᠯᠡᠴᠢᠯᠡᠭᠡᠨ ᠤ ᠬᠠᠷᠠᠭᠠᠯᠵᠠᠯᠠᠯ ᠢ ᠪᠠᠳᠤᠯᠠᠨ᠎ᠠ᠃      ︵3︶ ᠡᠪᠡᠳᠴᠢᠨ ᠠᠷᠬᠠᠭ ᠲᠤ ᠨᠢ ᠵᠠᠰᠠᠯᠭ᠎ᠠ ᠬᠠᠩᠭᠠᠨ᠎ᠡ᠃ ᠬᠤᠳᠠ ᠬᠦᠳᠡᠭᠡ ᠶᠢᠨ ᠰᠠᠭᠤᠭᠠᠯᠢ ᠠᠷᠠᠤᠨ ᠤᠨ ᠦᠨᠳᠤᠰᠤᠨ ᠡᠮ ᠡᠮᠨᠡᠯᠭᠡ ᠶᠢᠨ ᠲᠠᠭᠠᠳᠬᠠᠯ ᠤᠨ ᠬᠤᠪᠢ ᠬᠦᠮᠤᠨ ᠤ ᠲᠤᠰᠢᠶᠠᠬᠤ ᠵᠠᠷᠤᠳᠠᠯ ᠢ ᠪᠦᠬᠦᠨ ᠢ ᠨᠢ ᠪᠤᠳᠤᠵᠤ ᠦᠭᠬᠦᠨ᠎ᠡ᠃ ᠡᠮ ᠡᠮᠨᠡᠯᠭᠡ ᠶᠢᠨ ᠵᠠᠷᠤᠳᠠᠯ ᠤᠨ ᠲᠠᠯ᠎ᠠ ᠪᠠᠷ ᠦᠨᠳᠤᠰᠤᠨ ᠡᠮ ᠡᠮᠨᠡᠯᠭᠡ ᠶᠢᠨ ᠲᠠᠭᠠᠳᠬᠠᠯ᠂ ᠬᠦᠨᠳᠤ ᠡᠪᠡᠳᠴᠢᠨ ᠤ ᠲᠠᠭᠠᠳᠬᠠᠯ ᠪᠤᠯᠤᠨ ᠡᠮ ᠡᠮᠨᠡᠯᠭᠡ ᠶᠢᠨ ᠳᠤᠰᠠᠯᠠᠮᠵᠢ ᠵᠡᠷᠭᠡ ᠡᠮ ᠡᠮᠨᠡᠯᠭᠡ ᠶᠢᠨ ᠪᠠᠲᠤᠯᠠᠭᠠᠨ ᠤ ᠳᠦᠷᠢᠮ ᠳᠣᠭᠲᠠᠭᠠᠯ ᠶᠤᠰᠤᠭᠠᠷ ᠪᠤᠳᠤᠵᠤ ᠦᠭᠬᠦᠭᠰᠡᠨ ᠤ ᠲᠠᠷᠠᠭ᠎ᠠ ᠦᠯᠡᠳᠡᠭᠰᠡᠨ ᠭᠡᠰᠡᠭ ᠢ ᠨᠢ ᠳᠤᠰᠠᠯᠠᠨ ᠠᠰᠠᠷᠠᠨ ᠲᠡᠳᠬᠦᠬᠦ ᠵᠠᠷᠤᠳᠠᠯ ᠠᠴᠠ ᠪᠤᠳᠤᠵᠤ ᠦᠭᠬᠦᠨ᠎ᠡ᠃      ︵4︶ ᠤᠷᠤᠰᠢᠭᠤᠯᠭ᠎ᠠ ᠶᠢᠨ ᠤᠴᠢᠷ ᠶᠠᠪᠤᠳᠠᠯ ᠢ ᠨᠢ ᠬᠠᠷᠢᠭᠤᠴᠠᠨ᠎ᠠ᠃ ᠤᠡᠴᠠ ᠬᠦᠴᠢᠷᠳᠡᠯ ᠲᠠᠢ ᠬᠦᠮᠤᠰ ᠤᠨ ᠨᠠᠰᠤ ᠨᠦᠭᠴᠢᠭᠰᠡᠨ ᠤ ᠲᠠᠷᠠᠭᠠᠭᠢ ᠤᠷᠤᠰᠢᠭᠤᠯᠭ᠎ᠠ ᠶᠢᠨ ᠤᠴᠢᠷ ᠶᠠᠪᠤᠳᠠᠯ ᠢ ᠲᠦᠪᠯᠡᠷᠡᠬᠦᠯᠤᠨ ᠠᠰᠠᠷᠠᠨ ᠲᠡᠳᠬᠦᠵᠤ ᠪᠠᠶᠢᠭᠰᠠᠨ ᠦᠢᠯᠡᠴᠢᠯᠡᠭᠡᠨ ᠤ ᠪᠠᠶᠢᠭᠤᠯᠤᠮᠵᠢ ᠬᠠᠷᠢᠭᠤᠴᠠᠵᠤ᠂ ᠰᠠᠯᠤᠩᠬᠢ ᠠᠰᠠᠷᠠᠨ ᠳᠡᠳᠬᠦᠵᠤ ᠪᠠᠶᠢᠭ᠎ᠠ ᠶᠢ ᠨᠢ ᠰᠤᠮᠤ ᠰᠢᠶᠠᠩ ᠪᠠᠯᠭᠠᠰᠤᠨ ᠤ ᠵᠠᠰᠠᠭ ᠤᠨ ᠤᠷᠳᠤᠨ ︵ᠵᠡᠭᠡᠯᠢ ᠶᠢᠨ ᠬᠡᠷᠡᠭ ᠡᠷᠭᠢᠯᠡᠬᠦ ᠭᠠᠵᠠᠷ︶ ᠠᠴᠠ ᠭᠠᠴᠠᠭ᠎ᠠ ᠲᠤᠰᠬᠤᠨ ︵ᠰᠠᠭᠤᠭᠠᠯᠢ ᠠᠷᠠᠤᠨ︶ ᠤ ᠵᠦᠪᠯᠡᠯ ᠪᠤᠶᠤ ᠤᠶᠢᠷ᠎ᠠ ᠰᠡᠳᠤᠨ ᠳᠤᠨᠢ ᠨᠠᠶᠢᠳᠠᠵᠤ ᠰᠢᠢᠳᠪᠤᠷᠢᠯᠡᠨ᠎ᠡ᠃ ᠤᠷᠤᠰᠢᠭᠤᠯᠭ᠎ᠠ ᠶᠢᠨ ᠵᠠᠷᠤᠳᠠᠯ ᠢ ᠠᠰᠠᠷᠠᠨ ᠲᠡᠳᠬᠦᠬᠦ ᠵᠠᠷᠤᠳᠠᠯ ᠠᠴᠠ ᠭᠠᠷᠭᠠᠨ᠎ᠠ᠃      3. ︿︿ᠮᠡᠳᠡᠭᠳᠡᠯ﹀﹀ ᠳᠤ ᠳᠤᠰᠠᠯᠠᠨ ᠠᠰᠠᠷᠠᠨ ᠲᠡᠳᠬᠦᠬᠦ ᠲᠠᠯ᠎ᠠ ᠪᠠᠷ ᠶᠠᠮᠠᠷ ᠶᠠᠮᠠᠷ ᠪᠠᠷᠢᠮᠵᠢᠶ᠎ᠠ ᠶᠢ ᠲᠤᠳᠤᠷᠬᠠᠶᠢᠯᠠᠭᠰᠠᠨ ᠪᠤᠢ︖      ︵1︶ ᠦᠨᠳᠤᠰᠤᠨ ᠠᠮᠢᠳᠤᠷᠠᠯ ᠤᠨ ᠪᠠᠷᠢᠮᠵᠢᠶ᠎ᠠ ᠨᠢ ᠣᠨᠴᠠ ᠬᠦᠴᠢᠷᠳᠡᠯ ᠲᠠᠢ ᠬᠦᠮᠤᠰ ᠤᠨ ᠦᠨᠳᠤᠰᠤᠨ ᠠᠮᠢᠳᠤᠷᠠᠯ ᠤᠨ ᠭᠡᠷᠡᠭᠴᠡᠭᠡ ᠶᠢ ᠬᠠᠩᠭᠠᠭᠰᠠᠨ ᠪᠠᠶᠢᠬᠤ ᠬᠡᠷᠡᠭᠲᠠᠢ᠂ ᠲᠤᠬᠠᠢ ᠶᠢᠨ ᠭᠠᠵᠠᠷ ᠤᠨ ᠬᠤᠳᠠ ᠬᠦᠳᠡᠭᠡ ᠶᠢᠨ ᠰᠠᠭᠤᠭᠠᠯᠢ ᠠᠷᠠᠤᠨ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ ᠎ᠠ ᠶᠢᠨ 1.3 ᠲᠠᠭᠢᠨ ᠠᠴᠠ ᠳᠣᠣᠷ᠎ᠠ ᠪᠠᠶᠢᠯᠭᠠᠵᠤ ᠪᠤᠯᠬᠤ ᠦᠭᠡᠢ᠃      ︵2︶ ᠬᠠᠷᠠᠭᠠᠯᠵᠠᠨ ᠰᠤᠪᠢᠯᠠᠬᠤ ᠪᠠᠷᠢᠮᠵᠢᠶ᠎ᠠ ᠶᠢ ᠤᠡᠴᠠ ᠬᠦᠴᠢᠷᠳᠡᠯ ᠲᠠᠢ ᠬᠦᠮᠤᠰ ᠤᠨ ᠠᠮᠢᠳᠤᠷᠠᠯ ᠢᠶᠠᠨ ᠦᠪᠡᠷ ᠢᠶᠠᠨ ᠠᠷᠭᠠᠴᠠᠭᠠᠬᠤ ᠴᠢᠳᠠᠪᠤᠷᠢ ᠪᠠ ᠦᠢᠯᠡᠴᠢᠯᠡᠭᠡ ᠶᠢᠨ ᠱᠠᠭᠠᠷᠳᠠᠯᠭ᠎ᠠ ᠶᠢ ᠨᠢ ᠦᠨᠳᠤᠰᠤᠯᠠᠵᠤ᠂ ᠠᠳᠠᠯᠢ ᠪᠤᠰᠤ ᠶᠢᠨ ᠦᠢᠯᠡᠴᠢᠯᠡᠭᠡ ᠬᠠᠩᠭᠠᠵᠤ᠂ ᠲᠤᠬᠠᠢ ᠶᠢᠨ ᠭᠠᠵᠠᠷ ᠤᠨ ᠢᠶᠠᠨ ᠲᠦᠷᠤᠭᠦᠤ ᠵᠢᠯ ᠤᠨ ᠬᠠᠮᠤᠭ ᠤᠨ ᠲᠤᠤᠷ᠎ᠠ ᠴᠠᠯᠢᠩ ᠤᠨ ᠵᠤᠭᠢᠬᠤ ᠬᠠᠷᠢᠴᠠᠯ ᠢᠶᠠᠷ ᠲᠡᠰ ᠬᠤᠪᠢᠶᠠᠨ ᠲᠤᠭᠳᠠᠭᠠᠨ᠎ᠠ᠃ ᠵᠠᠷᠴᠢᠮ ᠲᠡᠭᠡᠷ᠎ᠡ ᠪᠠᠨ ᠠᠮᠢᠳᠤᠷᠠᠯ ᠢᠶᠠᠨ ᠠᠷᠭᠠᠴᠠᠭᠠᠬᠤ ᠴᠢᠳᠠᠪᠤᠷᠢ ᠪᠠᠨ ᠭᠡᠰᠡᠭ ᠢ ᠨᠢ ᠠᠯᠳᠠᠭᠰᠠᠳ ᠪᠠ ᠪᠦᠷᠢᠮᠤᠰᠤᠨ ᠠᠯᠳᠠᠭᠰᠠᠤᠨ ᠤᠨ ᠬᠠᠷᠠᠭᠠᠯᠵᠠᠨ ᠰᠤᠪᠢᠯᠠᠬᠤ ᠪᠠᠷᠢᠮᠵᠢᠶ᠎ᠠ ᠶᠢ ᠲᠤᠰ ᠲᠤᠰ ᠲᠦᠷᠤᠬᠦᠤ ᠵᠢᠯ ᠤᠨ ᠪᠦᠬᠦ ᠤᠷᠤᠨ ᠤ ᠲᠡᠭᠰᠢᠳᠭᠡᠭᠰᠡᠨ ᠬᠠᠮᠤᠭ ᠲᠤᠤᠷ᠎ᠠ ᠴᠠᠯᠢᠩ ᠤᠨ ᠪᠠᠷᠢᠮᠵᠢᠶ᠎ᠠ ᠶᠢᠨ 25% ᠪᠠ 65% ᠪᠠᠷ ᠲᠤᠭᠳᠠᠭᠠᠨ᠎ᠠ᠃ ᠡᠬᠦᠨ ᠢ ᠬᠤᠰᠢᠭᠤ ᠰᠢᠶᠠᠨ ︵ᠬᠤᠳᠠ ᠲᠤᠭᠤᠷᠢᠭ︶ ᠤ ᠠᠷᠠᠤᠨ ᠤᠨ ᠵᠠᠰᠠᠭ ᠤᠨ ᠤᠷᠳᠤᠨ ᠨᠢ ᠲᠤᠬᠠᠢ ᠶᠢᠨ ᠭᠠᠵᠠᠷ ᠤᠨ ᠠᠵᠤ ᠠᠬᠤᠢ ᠶᠢᠨ ᠬᠦᠭᠵᠢᠯᠳᠡ ᠶᠢᠨ ᠬᠢᠷᠢ ᠬᠡᠮᠵᠢᠶ᠎ᠡ᠂ ᠡᠳ᠋ ᠮᠦᠩᠭᠦ ᠶᠢᠨ ᠢᠶᠠᠨ ᠪᠠᠶᠢᠳᠠᠯ ᠪᠤᠯᠤᠨ ᠤᠨᠴᠡ ᠬᠦᠴᠢᠷᠳᠡᠯ ᠲᠠᠢ ᠬᠦᠮᠤᠰ ᠤᠨ ᠦᠨᠡᠨ ᠪᠣᠳᠠᠲᠠᠢ ᠬᠠᠷᠠᠭᠠᠯᠵᠠᠨ ᠰᠤᠪᠢᠯᠠᠬᠤ ᠱᠠᠭᠠᠷᠳᠠᠯᠭ᠎ᠠ ᠶᠢ ᠦᠨᠳᠤᠰᠤᠯᠠᠨ ᠲᠤᠭᠳᠠᠭᠠᠨ᠎ᠠ᠃      4. ︿︿ᠮᠡᠳᠡᠭᠳᠡᠯ﹀﹀ ᠳᠤ ᠠᠰᠠᠷᠠᠨ ᠲᠡᠳᠬᠦᠬᠦ ᠦᠢᠯᠡᠴᠢᠯᠡᠭᠡᠨ ᠤ ᠪᠠᠶᠢᠭᠤᠯᠤᠮᠵᠢ ᠶᠢᠨ ᠬᠠᠮᠢᠶᠠᠷᠤᠯᠳᠠ ᠶᠢ ᠠᠯᠢ ᠠᠯᠢ ᠲᠠᠯ᠎ᠠ ᠪᠠᠷ ᠴᠢᠩᠭᠠᠳᠬᠠᠬᠤ ᠬᠡᠷᠡᠭᠲᠠᠢ ᠭᠡᠰᠡᠨ ᠪᠤᠢ︖      ᠨᠢᠭᠡ ᠳᠤ᠂ ᠠᠰᠠᠷᠠᠨ ᠲᠡᠳᠬᠦᠬᠦ ᠦᠢᠯᠡᠴᠢᠯᠡᠭᠡᠨ ᠤ ᠪᠠᠶᠢᠭᠤᠯᠤᠮᠵᠢ ᠶᠢᠨ ᠬᠠᠤᠯᠢ ᠶᠢᠨ ᠬᠦᠮᠤᠨ ᠢ ᠬᠠᠤᠯᠢ ᠶᠤᠰᠤᠭᠠᠷ ᠲᠠᠩᠰᠠᠯᠠᠵᠤ᠂ ᠵᠠᠰᠠᠭ ᠤᠨ ᠤᠷᠳᠤᠨ ᠤ ᠪᠡᠯᠡ ᠣᠷᠣᠭᠤᠯᠤᠯᠲᠠ ᠪᠠᠷ ᠭᠤᠣᠯᠳᠠᠯᠭ᠎ᠠ ᠪᠤᠯᠭᠠᠨ᠂ ᠤᠯᠤᠰ ᠭᠡᠷ ᠤᠨ ᠡᠳ᠋ ᠬᠦᠷᠤᠩᠭᠡ ᠶᠢ ᠠᠰᠢᠭᠯᠠᠨ ᠠᠰᠠᠷᠠᠨ ᠲᠡᠳᠬᠦᠬᠦ ᠦᠢᠯᠡᠴᠢᠯᠡᠭᠡᠨ ᠤ ᠪᠠᠶᠢᠭᠤᠯᠤᠮᠵᠢ ᠶᠢ ᠡᠷᠭᠢᠯᠡᠵᠤ᠂ ︿︿ᠠᠵᠢᠯ ᠦᠢᠯᠡᠰ ᠤᠨ ᠨᠢᠭᠡᠴᠢ ᠶᠢᠨ ᠲᠠᠩᠰᠠᠯᠠᠯᠳᠠ ᠬᠠᠮᠢᠶᠠᠷᠤᠯᠳᠠ ᠶᠢᠨ ᠲᠦᠷ ᠭᠡᠷᠡᠭᠵᠢᠬᠦᠯᠬᠦ ᠳᠦᠷᠢᠮ﹀﹀ ᠤᠨ ᠬᠠᠮᠢᠶ᠎ᠠ ᠪᠦᠬᠦᠢ ᠲᠤᠭᠳᠠᠭᠠᠯ ᠢᠶᠠᠷ ᠠᠵᠢᠯ ᠦᠢᠯᠡᠰ ᠤᠨ ᠨᠢᠭᠡᠴᠡ ᠶᠢᠨ ᠬᠠᠤᠯᠢ ᠶᠢᠨ ᠬᠦᠮᠤᠨ ᠤ ᠲᠠᠩᠰᠯᠠᠯᠳᠠ ᠬᠠᠮᠢᠶᠠᠷᠤᠯᠳᠠ ᠶᠢ ᠭᠡᠷᠡᠭᠵᠢᠬᠦᠯᠤᠨ᠎ᠡ᠃      ᠬᠤᠶᠠᠷ ᠲᠤ᠂ ᠠᠰᠠᠷᠠᠨ ᠲᠡᠳᠬᠦᠬᠦ ᠦᠢᠯᠡᠴᠢᠯᠡᠭᠡᠨ ᠤ ᠪᠠᠶᠢᠭᠤᠯᠤᠮᠵᠢ ᠶᠢᠨ ᠲᠤᠨᠤᠭ ᠲᠦᠬᠦᠭᠡᠷᠦᠮᠵᠢ ᠶᠢ ᠦᠭᠡᠷᠡᠴᠢᠯᠠᠨ ᠰᠠᠶᠢᠵᠢᠷᠠᠭᠤᠯᠤᠨ᠎ᠠ᠃ ᠲᠤᠬᠠᠢ ᠶᠢᠨ ᠭᠠᠵᠠᠷ ᠤᠷᠤᠨ ᠤ ᠪᠠᠨ ᠤᠡᠴᠠ ᠬᠦᠴᠢᠷᠳᠡᠯ ᠲᠠᠢ ᠬᠦᠮᠤᠰ ᠤᠨ ᠠᠰᠠᠷᠠᠨ ᠲᠡᠳᠬᠦᠬᠦ ᠦᠢᠯᠡᠴᠢᠯᠡᠭᠡᠨ ᠤ ᠪᠠᠶᠢᠭᠤᠯᠤᠮᠵᠢ ᠶᠢᠨ ᠲᠤᠨᠤᠭ ᠲᠦᠬᠦᠭᠡᠷᠦᠮᠵᠢ ᠶᠢ ᠦᠭᠡᠷᠡᠴᠢᠯᠡᠨ ᠰᠠᠶᠢᠵᠢᠷᠠᠭᠤᠯᠵᠤ᠂ ᠤᠡᠴᠠ ᠬᠦᠴᠢᠷᠳᠡᠯ ᠲᠠᠢ ᠬᠦᠮᠤᠰ ᠢ ᠠᠰᠠᠷᠠᠨ ᠲᠡᠳᠬᠦᠬᠦ ᠪᠠᠶᠢᠭᠤᠯᠤᠮᠵᠢ ᠳᠤ ᠲᠡᠰ ᠲᠤᠭᠳᠠᠭᠠᠬᠤ ᠠᠵᠢᠯ ᠢ ᠬᠢᠵᠤ᠂ ᠭᠤᠤᠯᠴᠢᠯᠠᠨ ᠬᠠᠮᠢᠶᠠᠷᠬᠤ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠷᠢᠭᠤᠴᠠᠯᠭ᠎ᠠ ᠶᠢᠨ ᠪᠢᠴᠢᠭ ᠲᠤᠭᠳᠠᠨ᠎ᠠ᠃      ᠭᠤᠷᠪᠡ ᠳᠤ᠂ ᠠᠰᠠᠷᠠᠨ ᠲᠡᠳᠬᠦᠬᠦ ᠦᠢᠯᠡᠴᠢᠯᠡᠭᠡᠨ ᠤ ᠪᠠᠶᠢᠭᠤᠯᠤᠮᠵᠢ ᠶᠢᠨ ᠡᠳᠤᠷ ᠲᠤᠳᠤᠮ ᠤᠨ ᠡᠵᠡᠩᠨᠡᠯᠳᠠ ᠬᠠᠮᠢᠶᠠᠷᠤᠯᠳᠠ ᠶᠢ ᠲᠦᠷᠢᠮᠵᠢᠬᠦᠯᠤᠨ᠎ᠠ᠃ ᠠᠰᠠᠷᠠᠨ ᠲᠡᠳᠬᠦᠬᠦ ᠦᠢᠯᠡᠴᠢᠯᠡᠭᠡᠨ ᠤ ᠪᠠᠶᠢᠭᠤᠯᠤᠮᠵᠢ ᠶᠢᠨ ᠡᠳᠤᠷ ᠲᠤᠳᠤᠮ ᠤᠨ ᠡᠵᠡᠩᠨᠡᠯᠳᠠ ᠬᠠᠮᠢᠶᠠᠷᠤᠯᠳᠠ ᠶᠢ ᠲᠦᠷᠢᠮᠵᠢᠬᠦᠯᠵᠤ᠂ ᠠᠮᠤᠷ ᠲᠦᠪᠰᠢᠨ ᠤ ᠬᠠᠮᠢᠶᠠᠷᠤᠯᠳᠠ ᠶᠢᠨ ᠳᠦᠷᠢᠮ ᠪᠠ ᠪᠠᠴᠢᠮ ᠶᠠᠪᠤᠳᠠᠯ ᠢ ᠰᠢᠢᠳᠪᠤᠷᠢᠯᠡᠬᠦ ᠲᠦᠰᠤᠪ᠂ ᠦᠢᠯᠡᠴᠢᠯᠡᠭᠡᠨ ᠤ ᠲᠦᠷᠢᠮᠵᠢᠬᠦᠯᠤᠯᠳᠠ᠂ ᠠᠵᠢᠯ ᠤᠨ ᠪᠠᠶᠢᠷᠢ ᠶᠢᠨ ᠲᠦᠷᠢᠮᠵᠢᠬᠦᠯᠤᠯᠳᠠ ᠵᠡᠷᠭᠡ ᠶᠢ ᠪᠠᠭᠳᠠᠭᠠᠭᠰᠠ ᠦᠢᠯᠡᠴᠢᠯᠡᠭᠡ ᠬᠠᠮᠢᠶᠠᠷᠤᠯᠳᠠ ᠶᠢᠨ ᠰᠢᠰᠲ᠋ᠧᠮ ᠢ ᠪᠠᠶᠢᠭᠤᠯᠤᠨ ᠲᠡᠬᠦᠯᠳᠠᠷᠵᠢᠬᠦᠯᠤᠨ᠎ᠠ᠃      ᠳᠦᠷᠪᠠ ᠳᠤ᠂ ᠨᠦᠬᠦᠴᠡᠯ ᠲᠠᠢ ᠠᠰᠠᠷᠠᠨ ᠲᠡᠳᠬᠦᠬᠦ ᠦᠢᠯᠡᠴᠢᠯᠡᠭᠡᠨ ᠤ ᠪᠠᠶᠢᠭᠤᠯᠤᠮᠵᠢ ᠨᠢ ᠡᠮᠴᠢᠯᠡᠭᠡᠨ ᠤ ᠲᠠᠰᠤᠭ ᠪᠠ ᠰᠤᠪᠢᠯᠠᠬᠤ ᠦᠷᠲᠡᠭᠡ ᠭᠠᠷᠭᠠᠬᠤ ᠶᠢ ᠵᠤᠷᠢᠭᠵᠢᠭᠤᠯᠵᠤ᠂ ᠰᠤᠪᠢᠯᠠᠯᠳᠠ ᠶᠢᠨ ᠲᠤᠰᠬᠠᠢ ᠲᠤᠭᠤᠷᠢᠭ᠂ ᠰᠤᠪᠢᠯᠠᠯᠳᠠ ᠶᠢᠨ ᠤᠷᠦ ᠬᠠᠩᠭᠠᠬᠤ ᠵᠡᠷᠭᠡ ᠭᠡᠯᠪᠡᠷᠢ ᠪᠠᠷ ᠰᠤᠪᠢᠯᠠᠯᠳᠠ ᠶᠢᠨ ᠦᠢᠯᠡᠴᠢᠯᠡᠭᠡᠨ ᠤ ᠴᠢᠳᠠᠪᠤᠷᠢ ᠪᠠᠨ ᠲᠡᠬᠦᠯᠳᠡᠷᠵᠢᠬᠦᠯᠵᠤ᠂ ᠠᠰᠠᠷᠠᠨ ᠲᠡᠳᠬᠦᠬᠦ ᠡᠳᠡᠭᠡᠤᠨ ᠲᠤ ᠤᠯᠠᠨ ᠭᠡᠯᠪᠡᠷᠢ ᠶᠢᠨ ᠬᠠᠷᠠᠭᠠᠯᠵᠠᠨ ᠰᠤᠪᠢᠯᠠᠬᠤ ᠦᠢᠯᠡᠴᠢᠯᠡᠭᠡᠨ ᠬᠠᠩᠭᠠᠬᠤ ᠶᠢ ᠵᠤᠷᠢᠭᠵᠢᠭᠤᠯᠤᠨ᠎ᠠ᠃      5᠂ ︿︿ᠮᠡᠳᠡᠭᠳᠡᠯ﹀﹀ ᠳᠤ ᠶᠠᠮᠠᠷ ᠶᠠᠮᠠᠷ ᠪᠡᠯᠡ ᠮᠦᠩᠬᠦ ᠶᠢᠨ ᠪᠠᠲᠤᠯᠠᠭᠠᠨ ᠤ ᠲᠤᠭᠳᠠᠴᠠ ᠲᠠᠢ ᠪᠤᠯᠤᠭᠰᠠᠨ ᠪᠤᠢ︖      ᠨᠢᠭᠡ ᠲᠠᠯ᠎ᠠ ᠪᠠᠷ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶ ᠨᠢ ᠵᠠᠰᠠᠭ ᠤᠨ ᠤᠷᠳᠤᠨ ᠠᠴᠠ ᠪᠠᠶᠢᠭᠤᠯᠤᠭᠰᠠᠨ ᠠᠰᠠᠷᠠᠨ ᠲᠡᠳᠬᠦᠬᠦ ᠦᠢᠯᠡᠴᠢᠯᠡᠭᠡᠨ ᠤ ᠪᠠᠶᠢᠭᠤᠯᠤᠮᠵᠢ ᠶᠢᠨ ᠡᠵᠡᠩᠨᠡᠯᠳᠠ ᠶᠢᠨ ᠵᠠᠷᠤᠳᠠᠯ᠂ ᠤᠡᠴᠠ ᠬᠦᠴᠢᠷᠳᠡᠯ ᠲᠠᠢ ᠬᠦᠮᠤᠰ ᠢ ᠬᠠᠪᠰᠤᠷᠤᠨ ᠠᠰᠠᠷᠠᠨ ᠲᠡᠳᠬᠦᠬᠦ ᠭᠠᠵᠠᠷ ᠤᠨ ᠵᠠᠷᠤᠳᠠᠯ ᠮᠦᠩᠬᠦ ᠶᠢ ᠡᠳ᠋ ᠤᠨ ᠵᠠᠰᠠᠭ ᠶᠢᠨ ᠲᠦᠰᠤᠪ ᠲᠤ ᠤᠷᠤᠭᠤᠯᠬᠤ ᠭᠡᠷᠡᠭᠳᠡᠢ᠃ ᠨᠦᠬᠦᠭᠡ ᠲᠠᠯ᠎ᠠ ᠪᠠᠷ ᠬᠤᠰᠢᠭᠤ ᠰᠢᠶᠠᠨ ︵ᠬᠤᠳᠠ᠂ ᠲᠤᠭᠤᠷᠢᠭ︶ ᠨᠢ ᠲᠤᠰᠬᠠᠢ ᠵᠠᠷᠤᠳᠠᠯ ᠮᠦᠩᠬᠦ ᠲᠤᠬᠢᠷᠠᠭᠤᠯᠵᠤ᠂ ᠠᠰᠠᠷᠠᠨ ᠲᠡᠳᠬᠦᠬᠦ ᠦᠢᠯᠡᠴᠢᠯᠡᠭᠡᠨ ᠤ ᠪᠠᠶᠢᠭᠤᠯᠤᠮᠵᠢ ᠶᠢᠨ ᠬᠡᠪ ᠤᠨ ᠡᠵᠡᠩᠨᠡᠯᠳᠠ ᠶᠢ ᠪᠠᠳᠤᠯᠠᠵᠤ᠂ ᠤᠡᠴᠠ ᠬᠦᠴᠢᠷᠳᠡᠯ ᠲᠠᠢ ᠬᠦᠮᠤᠰ ᠢ ᠬᠠᠪᠰᠤᠷᠤᠨ ᠠᠰᠠᠷᠠᠨ ᠲᠡᠳᠬᠦᠬᠦ ᠵᠠᠷᠤᠳᠠᠯ ᠮᠦᠩᠬᠦ ᠶᠢ ᠪᠠᠶᠢᠭᠤᠯᠤᠮᠵᠢ ᠶᠢᠨ ᠡᠵᠡᠩᠨᠡᠯᠳᠠ ᠶᠢᠨ ᠵᠠᠷᠤᠳᠠᠯ ᠮᠦᠩᠬᠦ ᠪᠤᠯᠭᠠᠬᠤ ᠶᠢ ᠡᠷᠡᠰ ᠲᠡᠪᠴᠢᠬᠦ ᠭᠡᠷᠡᠭᠳᠡᠢ᠃      6᠂ ︿︿ᠮᠡᠳᠡᠭᠳᠡᠯ﹀﹀ ᠳᠤ ᠠᠰᠠᠷᠠᠨ ᠲᠡᠳᠬᠦᠬᠦ ᠪᠠᠶᠢᠭᠤᠯᠤᠮᠵᠢ ᠶᠢᠨ ᠦᠢᠯᠡᠴᠢᠯᠡᠭᠡᠨ ᠤ ᠭᠢᠷᠢ ᠳᠦᠪᠰᠢᠨ ᠢ ᠠᠯᠢ ᠠᠯᠢ ᠲᠠᠯ᠎ᠠ ᠪᠠᠷ ᠲᠡᠭᠡᠭᠰᠢᠯᠡᠬᠦᠯᠬᠦ ᠭᠡᠷᠡᠭᠳᠡᠢ ᠭᠡᠵᠤ ᠱᠠᠭᠠᠷᠳᠠᠭᠰᠠᠨ ᠪᠤᠢ︖ ︿︿ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢᠨ ᠦᠨᠳᠤᠰᠤᠨ ᠲᠦᠷᠢᠮᠵᠢᠬᠦᠯᠤᠯᠳᠠ﹀﹀ ᠶᠢᠨ ᠱᠠᠭᠠᠷᠳᠠᠯᠭ᠎ᠠ ᠶᠤᠰᠤᠭᠠᠷ ᠡᠯ᠎ᠡ ᠠᠰᠠᠷᠠᠨ ᠲᠡᠳᠬᠦᠬᠦ ᠦᠢᠯᠡᠴᠢᠯᠡᠭᠡᠨ ᠤ ᠪᠠᠶᠢᠭᠤᠯᠤᠮᠵᠢ ᠨᠢ ᠬᠠᠮᠢᠶᠠᠷᠤᠯᠳᠠ ᠶᠢᠨ ᠦᠢᠯᠡᠴᠢᠯᠡᠭᠡᠨ ᠤ ᠭᠤᠤᠯᠳᠠᠯᠭ᠎ᠠ ᠪᠠᠨ ᠭᠡᠷ ᠲᠤᠳᠤᠷᠠᠭᠢ ᠣᠷᠴᠢᠨ ᠠᠬᠤᠢ᠂ ᠲᠤᠨᠤᠭ ᠲᠦᠬᠦᠭᠡᠷᠤᠮᠵᠢ ᠶᠢᠨ ᠱᠠᠭᠠᠷᠳᠠᠯᠭ᠎ᠠ᠂ ᠢᠳᠡᠭᠡᠨ ᠤᠮᠳᠠᠭᠠᠨ ᠤ ᠦᠢᠯᠡᠴᠢᠯᠡᠭᠡ᠂ ᠢᠳᠡᠭᠡᠨ ᠤ ᠵᠦᠢᠯ ᠢ ᠪᠤᠯᠪᠠᠰᠤᠷᠠᠭᠤᠯᠬᠤ ᠪᠠ ᠦᠢᠯᠡᠳᠬᠦ᠂ ᠠᠮᠢᠳᠤᠷᠠᠯ ᠤᠨ ᠲᠠᠯ᠎ᠠ ᠪᠠᠷ ᠬᠠᠷᠠᠭᠠᠯᠵᠠᠨ ᠦᠢᠯᠡᠴᠢᠯᠡᠬᠦ᠂ ᠡᠮ ᠡᠮᠨᠡᠯᠭᠡ ᠠᠰᠠᠷᠠᠨ ᠰᠤᠪᠢᠯᠠᠬᠤ ᠲᠠᠯ᠎ᠠ ᠪᠠᠷ ᠬᠠᠮᠵᠢᠨ ᠦᠢᠯᠡᠴᠢᠯᠡᠬᠦ᠂ ᠤᠷᠴᠢᠨ ᠠᠬᠤᠢ ᠡᠷᠡᠬᠦᠯ ᠬᠠᠮᠠᠭᠠᠯᠠᠯ ᠤᠨ ᠲᠠᠯ᠎ᠠ ᠶᠢᠨ ᠦᠢᠯᠡᠴᠢᠯᠡᠭᠡᠨ᠂ ᠤᠭᠢᠶᠠᠯᠠᠭ᠎ᠠ ᠴᠡᠪᠡᠷᠯᠡᠭᠡ ᠶᠢᠨ ᠲᠠᠯ᠎ᠠ ᠶᠢᠨ ᠦᠢᠯᠡᠴᠢᠯᠡᠭᠡᠨ ᠵᠡᠷᠭᠡ 9 ᠵᠦᠢᠯ ᠤᠨ ᠦᠢᠯᠡᠴᠢᠯᠡᠭᠡᠨ ᠤ ᠭᠢᠷᠢ ᠳᠦᠪᠰᠢᠨ ᠢᠶᠠᠨ ᠲᠡᠭᠡᠭᠰᠢᠯᠡᠬᠦᠯᠬᠦ ᠲᠡᠭᠡᠷ᠎ᠡ ᠭᠤᠣᠯ ᠬᠦᠴᠤᠨ ᠢᠶᠠᠨ ᠲᠡᠯᠪᠢᠬᠤ ᠭᠡᠷᠡᠭᠳᠡᠢ᠃      ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ : ᠬᠤᠳᠠ ᠬᠦᠳᠡᠭᠡ ᠶᠢᠨ ᠤᠡᠴᠠ ᠬᠦᠴᠢᠷᠳᠡᠯ ᠲᠠᠢ ᠬᠦᠮᠤᠰ ᠢ ᠠᠰᠠᠷᠠᠨ ᠲᠡᠳᠬᠦᠬᠦ ᠦᠢᠯᠡᠴᠢᠯᠡᠭᠡᠨ ᠤ ᠪᠠᠶᠢᠭᠤᠯᠤᠮᠵᠢ ᠶᠢᠨ ᠵᠠᠷᠤᠳᠠᠯ ᠤᠨ ᠬᠠᠮᠢᠶᠠᠷᠤᠯᠳᠠ ᠵᠢᠴᠢ ᠦᠢᠯᠡᠴᠢᠯᠡᠭᠡᠨ ᠤ ᠠᠵᠢᠯ ᠢ ᠴᠢᠨᠠᠭᠰᠢᠳᠠ ᠴᠢᠩᠭᠠᠳᠬᠠᠬᠤ ᠲᠤᠬᠠᠢ ᠮᠡᠳᠡᠭᠳᠡᠯ
 
ᠢᠷᠡᠯᠲᠡ᠄ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠶᠠᠪᠣᠳᠠᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号