ᠭᠠᠴᠠᠭ᠎ᠠ᠂ ᠨᠡᠶᠢᠭᠡᠮ ᠲᠣᠭᠤᠷᠢᠭ ᠤᠨ《 ᠬᠤᠶᠠᠷ ᠵᠥᠪᠯᠡᠯ 》᠎ ᠤᠨ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠴᠢᠩᠭᠠᠳᠬᠠᠬᠤ ᠲᠤᠬᠠᠢ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2020/12/21
ᠪᠥᠬᠦ ᠬᠤᠰᠢᠭᠤᠨ ᠤ ᠭᠠᠴᠠᠭ᠎ᠠ᠂ ᠨᠡᠶᠢᠭᠡᠮ ᠲᠣᠭᠤᠷᠢᠭ ᠤᠨ ᠥᠷᠭᠡᠨ ᠣᠯᠠᠨ ᠡᠪ ᠬᠠᠮᠲᠤ ᠨᠠᠮ ᠤᠨ ᠭᠡᠰᠢᠭᠦᠨ ᠳᠤ᠄      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠪᠠ ᠬᠤᠰᠢᠭᠤ ᠨᠠᠮ ᠎ ᠤᠨ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ 2020 ᠣᠨ ᠤ 12 ᠰᠠᠷ᠎ᠠ ᠠᠴᠠ 2021 ᠣᠨ ᠎ ᠤ 3 ᠰᠠᠷ᠎ᠠ ᠪᠣᠯᠲᠠᠯ᠎ᠠ ᠪᠥᠬᠦ ᠬᠤᠰᠢᠭᠤᠨ ᠤ ᠭᠠᠴᠠᠭ᠎ᠠ᠂ ᠨᠡᠶᠢᠭᠡᠮ ᠲᠣᠭᠤᠷᠢᠭ ᠤᠨ《ᠬᠤᠶᠠᠷ ᠵᠥᠪᠯᠡᠯ》᠎ ᠢ ᠲᠥᠪᠯᠡᠷᠡᠭᠦᠯᠦᠨ ᠬᠤᠭᠤᠴᠠᠭ᠎ᠠ ᠰᠣᠯᠢᠬᠤ ᠪᠤᠯᠤᠨ᠎ᠠ᠃ ᠭᠠᠴᠠᠭ᠎ᠠ᠂ ᠨᠡᠶᠢᠭᠡᠮ ᠲᠣᠭᠤᠷᠢᠭ ᠤᠨ《ᠬᠤᠶᠠᠷ ᠵᠥᠪᠯᠡᠯ》᠎ ᠨᠢ ᠬᠤᠲᠠ ᠬᠥᠳᠡᠭᠡ ᠶᠢᠨ ᠨᠡᠶᠢᠭᠡᠮ ᠤᠨ ᠬᠠᠮᠤᠭ ᠤᠨ ᠦᠨᠳᠦᠰᠦᠨ ᠱᠠᠲᠤ᠂ ᠣᠯᠠᠨ ᠲᠦᠮᠡᠨ ᠤ ᠦᠶᠯᠡᠴᠢᠯᠡᠭᠡᠨ ᠤ ᠬᠠᠮᠤᠭ ᠤᠨ ᠡᠮᠦᠨ᠎ᠡ ᠡᠩᠨᠡᠭᠡᠨ ᠳᠤ ᠪᠠᠶᠢᠷᠢᠯᠠᠵᠤ᠂ ᠨᠠᠮ ᠪᠠ ᠵᠠᠰᠠᠭ ᠤᠨ ᠣᠷᠳᠣᠨ ᠤ ᠣᠯᠠᠨ ᠲᠦᠮᠡᠨ ᠲᠠᠢ ᠬᠠᠷᠢᠯᠴᠠᠬᠤ ᠬᠠᠮᠤᠭ ᠤᠨ ᠰᠢᠭᠤᠳ ᠬᠥᠭᠦᠷᠭᠡ ᠬᠤᠯᠪᠣᠭᠠᠰᠤ ᠮᠥᠨ᠂ ᠬᠤᠭᠤᠴᠠᠭ᠎ᠠ ᠰᠣᠯᠢᠬᠤ ᠠᠵᠢᠯ ᠎ ᠢ ᠴᠢᠨᠠᠷ ᠰᠠᠶᠢᠲᠠᠶ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠪᠥᠭᠡᠳ ᠠᠯᠤᠰ ᠬᠡᠲᠦ ᠶᠢᠨ ᠨᠥᠯᠥᠭᠡ ᠲᠠᠢ ᠶᠤᠮ᠃ ᠡᠶᠢᠮᠦ ᠠᠴᠠ᠂ ᠣᠨᠴᠠᠭᠠᠶᠢᠯᠠᠨ ᠪᠥᠬᠦ ᠬᠤᠰᠢᠭᠤᠨ ᠤ ᠭᠠᠴᠠᠭ᠎ᠠ᠂ ᠨᠡᠶᠢᠭᠡᠮ ᠲᠣᠭᠤᠷᠢᠭ ᠤᠨ ᠥᠷᠭᠡᠨ ᠣᠯᠠᠨ ᠨᠠᠮ ᠤᠨ ᠭᠡᠰᠢᠭᠦᠳ ᠲᠤ ᠳᠣᠤᠷᠠᠬᠢ ᠮᠡᠲᠦ ᠰᠠᠨᠠᠭᠠᠴᠢᠯᠠᠭ᠎ᠠ ᠶᠢ ᠲᠤᠷᠠᠳᠤᠶ᠎ᠠ᠄      ᠲᠠᠨᠢᠯᠲᠠ ᠪᠠᠨ ᠨᠢᠭᠡᠳᠬᠡᠵᠦ ᠵᠣᠭᠰᠣᠴᠠ ᠪᠠᠨ ᠳᠡᠭᠡᠭᠰᠢᠯᠡᠭᠦᠯᠬᠦ ᠬᠡᠷᠡᠭᠲᠡᠢ᠃ ᠭᠠᠴᠠᠭ᠎ᠠ᠂ ᠨᠡᠶᠢᠭᠡᠮ ᠲᠣᠭᠤᠷᠢᠭ ᠎ ᠤᠨ《ᠬᠤᠶᠠᠷ ᠵᠥᠪᠯᠡᠯ》᠎ ᠤᠨ ᠬᠤᠭᠤᠴᠠᠭ᠎ᠠ ᠰᠣᠯᠢᠬᠤ ᠠᠵᠢᠯ ᠢ ᠰᠠᠶᠢᠲᠤᠷ ᠠᠳᠬᠤᠵᠤ᠂《ᠬᠤᠶᠠᠷ ᠵᠥᠪᠯᠡᠯ》᠎ ᠤᠨ ᠤᠳᠤᠷᠢᠳᠬᠤ ᠪᠠᠭ ᠢ ᠰᠢᠯᠢᠳᠡᠭᠵᠢᠭᠦᠯᠦᠨ ᠲᠣᠬᠢᠷᠠᠭᠤᠯᠬᠤ ᠪᠣᠯ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠂ ᠴᠢᠬᠤᠯᠠ ᠶᠡᠭᠡ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠶᠢᠨ ᠪᠣᠳᠠᠲᠤ ᠬᠡᠷᠡᠭᠴᠡᠭᠡ ᠮᠥᠨ᠂ ᠨᠠᠮ ᠎ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠦᠨᠳᠦᠰᠦᠨ ᠱᠠᠲᠤᠨ ᠤ ᠠᠷᠠᠳᠴᠢᠯᠠᠯ ᠢ ᠪᠠᠳᠠᠷᠠᠭᠤᠯᠬᠤ᠂ ᠬᠠᠤᠯᠢ ᠶᠢ ᠴᠢᠩᠭ᠎ᠠ ᠵᠢᠷᠤᠮᠯᠠᠨ ᠠᠵᠢᠯᠯᠠᠬᠤ ᠶᠢᠨ ᠪᠣᠳᠠᠲᠠᠶ ᠦᠶᠯᠡᠳᠦᠯᠭᠡ ᠮᠥᠨ᠂  ᠮᠦᠨᠴᠦ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢ ᠦᠨᠳᠦᠰᠦᠨ ᠱᠠᠲᠤ ᠳᠠᠰᠢ ᠤᠷᠲᠤᠳᠬᠠᠬᠤ᠂ ᠦᠨᠳᠦᠰᠦᠨ ᠱᠠᠲᠤᠨ ᠤ ᠤᠯᠤᠰ ᠲᠥᠷᠥ ᠶᠢᠨ ᠠᠮᠢ ᠠᠬᠤᠶ ᠶᠢ ᠴᠡᠪᠡᠷᠰᠢᠭᠦᠯᠬᠦ ᠶᠢᠨ ᠠᠰᠢᠭᠲᠠᠶ ᠠᠵᠠ ᠲᠣᠬᠢᠶᠠᠯ ᠮᠥᠨ᠃ ᠥᠷᠭᠡᠨ ᠣᠯᠠᠨ ᠨᠠᠮ ᠤᠨ ᠭᠡᠰᠢᠭᠦᠨ《ᠳᠥᠷᠪᠡᠨ ᠤᠬᠠᠮᠰᠠᠷ》᠎ ᠢ ᠤᠯᠠᠮ ᠨᠢᠭᠡ ᠠᠯᠬᠤᠮ ᠪᠠᠲᠤ ᠪᠣᠶ ᠪᠣᠯᠭᠠᠵᠤ᠂《ᠳᠥᠷᠪᠡᠨ ᠢᠲᠡᠭᠡᠯ》᠎ ᠢᠶᠠᠨ ᠪᠠᠲᠤᠳᠬᠠᠵᠤ᠂《ᠬᠤᠶᠠᠷ ᠢ ᠬᠠᠮᠠᠭᠠᠯᠠᠬᠤ》᠎ ᠶᠢ ᠪᠡᠶᠡᠯᠡᠭᠦᠯᠵᠦ᠂ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠬᠤᠭᠤᠴᠠᠭ᠎ᠠ ᠰᠣᠯᠢᠬᠤ ᠶᠠᠪᠤᠴᠠ ᠶᠢ ᠰᠢ ᠶᠢᠨ ᠫᠢᠩ ᠤᠨ ᠰᠢᠨ᠎ᠡ ᠴᠠᠭ ᠦᠶ᠎ᠡ ᠎ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠶ ᠪᠠᠨ ᠵᠡᠪᠰᠡᠭᠯᠡᠬᠦ ᠪᠠ ᠥᠷᠭᠡᠨ ᠣᠯᠠᠨ ᠲᠦᠮᠡᠨ ᠢ ᠪᠦᠯᠬᠦᠮᠳᠡᠭᠦᠯᠦᠨ ᠨᠢᠭᠲᠠᠷᠠᠭᠤᠯᠬᠤ ᠶᠠᠪᠤᠴᠠ ᠪᠣᠯᠭᠠᠵᠤ᠂ ᠬᠤᠭᠤᠴᠠᠭ᠎ᠠ ᠰᠣᠯᠢᠬᠤ ᠶᠠᠪᠤᠴᠠ ᠶᠢ ᠳᠤᠲᠠᠬᠳᠠᠯ ᠢᠶᠠᠨ ᠨᠥᠬᠦᠪᠥᠷᠢᠯᠡᠵᠦ ᠪᠠᠭᠤᠷᠠᠶ ᠲᠠᠯ᠎ᠠ ᠪᠠᠨ ᠬᠦᠴᠦᠷᠬᠡᠭᠵᠢᠭᠦᠯᠬᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠴᠢᠳᠠᠮᠵᠢ ᠪᠣᠯᠤᠨ ᠵᠣᠬᠢᠶᠠᠨ ᠪᠠᠶᠢᠭᠤᠯᠤᠯᠲᠠ ᠶᠢᠨ ᠬᠦᠴᠦᠨ ᠢ ᠳᠡᠭᠡᠭᠰᠢᠯᠡᠭᠦᠯᠬᠦ ᠶᠠᠪᠤᠴᠠ ᠪᠣᠯᠭᠠᠵᠤ᠂ ᠬᠤᠭᠤᠴᠠᠭ᠎ᠠ ᠰᠣᠯᠢᠬᠤ ᠶᠠᠪᠤᠴᠠ ᠶᠢ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ  ᠲᠤᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠬᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢᠨ ᠲᠤᠭᠲᠠᠯᠴᠠᠭ᠎ᠠ ᠶᠢ ᠪᠠᠶᠢᠭᠤᠯᠤᠨ ᠪᠦᠷᠢᠨᠰᠢᠬᠦᠯᠬᠦ ᠶᠠᠪᠤᠴᠠ ᠪᠣᠯᠭᠠᠬᠤ ᠬᠡᠷᠡᠭᠲᠡᠶ᠃      ᠨᠠᠮ ᠤᠨ ᠭᠡᠰᠢᠭᠦᠨ ᠤ ᠡᠷᠬᠡ ᠪᠠᠨ ᠵᠥᠪ ᠬᠡᠷᠡᠭᠵᠢᠭᠦᠯᠬᠦ ᠬᠡᠷᠡᠭᠲᠡᠢ᠃ ᠨᠠᠮ ᠤᠨ ᠤᠬᠠᠮᠰᠠᠷ ᠪᠠ ᠵᠣᠬᠢᠶᠠᠨ ᠪᠠᠶᠢᠭᠤᠯᠤᠯᠲᠠ ᠶᠢᠨ ᠦᠵᠡᠯᠲᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠨᠠᠮ ᠤᠨ ᠲᠦᠷᠢᠮ ᠨᠠᠮ ᠤᠨ ᠲᠣᠭᠲᠠᠭᠠᠯ ᠢ ᠴᠢᠩᠭ᠎ᠠ ᠵᠢᠷᠤᠮᠯᠠᠨ᠂ ᠨᠠᠮ ᠤᠨ ᠭᠡᠰᠢᠭᠦᠨ ᠤ ᠡᠭᠦᠷᠭᠡ ᠶᠢ ᠬᠢᠨᠠᠮᠠᠭᠠᠢ ᠭᠦᠢᠴᠡᠳᠬᠡᠵᠦ᠂ ᠰᠣᠩᠭᠤᠬᠤ ᠡᠷᠬᠡ᠂ ᠰᠣᠩᠭᠤᠭᠳᠠᠬᠤ ᠡᠷᠬᠡ ᠪᠠᠨ ᠵᠥᠪ ᠬᠡᠷᠡᠭᠵᠢᠭᠦᠯᠵᠦ᠂ ᠶᠡᠭᠡ ᠲᠠᠯ᠎ᠠ ᠠᠴᠠ ᠡᠭᠦᠰᠬᠦ᠂ ᠠᠵᠢᠯ ᠦᠢᠯᠡᠰ ᠠᠴᠠ ᠡᠭᠦᠰᠬᠦ᠂ ᠭᠤᠣᠯᠴᠢ ᠰᠠᠨᠠᠭ᠎ᠠ ᠠᠴᠠ ᠡᠭᠦᠰᠬᠦ ᠶᠢ ᠪᠠᠷᠢᠮᠲᠠᠯᠠᠨ᠂ ᠤᠯᠤᠰ ᠲᠦᠷᠦ ᠶᠢᠨ ᠪᠠᠷᠢᠮᠵᠢᠶ᠎ᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠦᠵᠡᠯ ᠰᠠᠨᠠᠭ᠎ᠠ ᠤᠯᠤᠰ ᠲᠦᠷᠦ ᠶᠢᠨ ᠬᠡᠪ ᠴᠢᠨᠠᠷ ᠢᠶᠠᠷ ᠰᠠᠶᠢᠨ᠂ ᠶᠣᠰᠣ ᠮᠣᠷᠠᠯ ᠢᠶᠠᠷ ᠰᠠᠶᠢᠨ᠂ ᠳᠠᠭᠠᠭᠤᠯᠬᠤ ᠴᠢᠳᠠᠪᠤᠷᠢ ᠪᠠᠷ ᠴᠢᠩᠭ᠎ᠠ᠂ ᠵᠣᠬᠢᠴᠠᠭᠤᠯᠬᠤ ᠴᠢᠳᠠᠪᠤᠷᠢ ᠪᠠᠷ ᠴᠢᠩᠭ᠎ᠠ《ᠬᠤᠶᠠᠷ ᠰᠠᠶᠢᠨ ᠬᠤᠣᠰ  ᠴᠢᠩᠭ᠎ᠠ》ᠪᠠᠶᠢᠬᠤ ᠰᠢᠯᠢᠳᠡᠭ ᠬᠥᠮᠦᠰ ᠢ ᠦᠨ᠋ᠬᠬᠦ《ᠬᠤᠶᠠᠷ ᠵᠥᠪᠯᠡᠯ》᠎ ᠤᠨ ᠪᠠᠭ ᠲᠤ ᠰᠣᠩᠭᠤᠨ ᠣᠷᠣᠭᠤᠯᠬᠤ ᠬᠡᠷᠡᠭᠲᠡᠢ᠃      ᠬᠤᠰᠢᠭᠤᠴᠢ ᠵᠢᠱᠢᠶᠡᠴᠢ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠢ᠃ ᠨᠠᠮ ᠤᠨ ᠵᠣᠬᠢᠶᠠᠨ ᠪᠠᠶᠢᠭᠤᠯᠤᠯᠲᠠ ᠎ ᠶᠢᠨ ᠲᠣᠬᠢᠷᠠᠭᠤᠯᠤᠯᠲᠠ ᠶᠢ ᠤᠬᠠᠮᠰᠠᠷ ᠠᠴᠠ ᠪᠠᠨ ᠳᠠᠭᠠᠵᠤ᠂《ᠬᠤᠶᠠᠷ ᠵᠥᠪᠯᠡᠯ》᠎ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢ ᠬᠦᠷᠢᠶᠡᠯᠨ ᠳᠡᠮᠵᠢᠵᠦ᠂ ᠬᠠᠤᠯᠢ ᠴᠠᠭᠠᠵᠠ ᠬᠠᠤᠯᠢ ᠲᠣᠭᠲᠠᠭᠠᠯ ᠢ ᠲᠦᠷᠦᠭᠦᠯᠡᠨ ᠰᠤᠷᠤᠯᠴᠠᠵᠤ ᠵᠢᠷᠤᠮᠯᠠᠨ᠂ ᠬᠤᠭᠤᠴᠠᠭ᠎ᠠ ᠰᠣᠯᠢᠬᠤ ᠰᠣᠩᠭᠤᠭᠤᠯᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠲᠦᠷᠦᠭᠦᠯᠡᠨ ᠤᠬᠠᠭᠤᠯᠵᠤ᠂ ᠰᠤᠮᠤ ᠪᠠᠯᠭᠠᠰᠤ᠂ ᠭᠠᠴᠠᠭ᠎ᠠ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠲᠠᠢ ᠢᠳᠡᠪᠬᠢᠲᠡᠶ ᠬᠠᠮᠵᠢᠯᠴᠠᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠡᠯ᠎ᠡ ᠲᠥᠷᠥᠯ ᠤᠨ ᠠᠵᠢᠯ ᠢ ᠰᠠᠶᠢᠲᠤᠷ ᠬᠢᠵᠦ᠂ ᠬᠤᠭᠤᠴᠠᠭ᠎ᠠ ᠰᠣᠯᠢᠬᠤ ᠰᠣᠩᠭᠤᠭᠤᠯᠢ ᠳᠤ ᠣᠷᠣᠯᠴᠠᠬᠤ ᠶᠢ ᠨᠠᠮᠴᠢ ᠴᠢᠨᠠᠷ ᠤᠨ ᠪᠣᠯᠪᠠᠰᠤᠷᠠᠯ ᠢ ᠴᠢᠩᠭᠠᠳᠬᠠᠬᠤ ᠪᠣᠳᠠᠲᠠᠶ ᠦᠶᠯᠡᠳᠦᠯᠭᠡ ᠪᠣᠯᠭᠠᠬᠤ ᠬᠡᠷᠡᠭᠲᠡᠢ᠃ ᠣᠯᠠᠨ ᠲᠦᠮᠡᠨ ᠢ ᠥᠷᠭᠡᠨ ᠢᠶᠠᠷ ᠳᠠᠶᠢᠴᠢᠯᠠᠵᠤ᠂ ᠡᠮᠬᠢ ᠵᠢᠷᠤᠮ ᠲᠠᠢ ᠪᠠᠷ ᠤᠯᠤᠰ ᠲᠥᠷᠥ ᠳᠤ ᠣᠷᠣᠯᠴᠠᠬᠤ ᠶᠢ ᠥᠷᠭᠡᠳᠬᠡᠨ᠂ ᠣᠯᠠᠨ ᠲᠦᠮᠡᠨ ᠤ ᠲᠤᠰᠬᠠᠭᠰᠠᠨ ᠳᠣᠪᠣᠶᠢᠮ᠎ᠠ ᠠᠰᠠᠭᠤᠳᠠᠯ ᠢ ᠰᠠᠶᠢᠲᠤᠷ ᠰᠢᠶᠳᠪᠦᠷᠢᠯᠡᠵᠦ᠂ ᠨᠠᠮ ᠤᠨ ᠣᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠨ᠂ ᠨᠠᠮ ᠪᠣᠯᠤᠨ ᠣᠯᠠᠨ ᠲᠦᠮᠡᠨ ᠤ ᠴᠢᠰᠤ ᠮᠢᠬᠠᠨ ᠤ ᠬᠠᠷᠢᠴᠠᠭ᠎ᠠ ᠶᠢ ᠨᠢᠭᠲᠠᠷᠠᠭᠤᠯᠵᠤ᠂ ᠬᠤᠭᠤᠴᠠᠭ᠎ᠠ ᠰᠣᠯᠢᠬᠤ ᠠᠵᠢᠯ ᠤᠨ ᠠᠷᠠᠳ ᠤᠨ ᠰᠠᠨᠠᠭᠠᠨ ᠳᠤ ᠨᠡᠶᠢᠴᠡᠬᠦ᠂ ᠠᠷᠠᠳ ᠤᠨ ᠰᠡᠳᠬᠢᠯ ᠢ ᠣᠯᠬᠤ᠂ ᠠᠷᠠᠳ ᠤᠨ ᠬᠦᠴᠦᠨ ᠢ ᠨᠢᠭᠲᠠᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃      ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠬᠤ ᠬᠡᠷᠡᠭᠲᠡᠢ᠃ ᠥᠪᠡᠷ ᠤᠨ ᠪᠡᠶ᠎ᠡ ᠠᠴᠠ ᠪᠠᠨ ᠡᠬᠢᠯᠡᠨ ᠬᠢᠬᠦ ᠶᠢ ᠪᠠᠷᠢᠮᠲᠠᠯᠠᠵᠤ᠂ ᠰᠠᠬᠢᠯᠭ᠎ᠠ ᠪᠠᠲᠤ ᠪᠠ ᠶᠣᠰᠣ ᠲᠦᠷᠢᠮ ᠢ ᠲᠡᠷᠢᠭᠦᠨ ᠳᠤ ᠲᠠᠯᠪᠢᠵᠤ᠂《ᠠᠷᠪᠠ ᠶᠢ ᠴᠢᠩᠭ᠎ᠠ ᠴᠠᠭᠠᠵᠠᠯᠠᠬᠤ》ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠰᠤᠷᠤᠯᠴᠠᠨ ᠵᠢᠱᠢᠶᠡᠴᠢ ᠪᠠᠷ ᠵᠢᠷᠤᠮᠯᠠᠵᠤ᠂ ᠬᠠᠤᠯᠢ ᠲᠣᠭᠲᠠᠭᠠᠯ ᠶᠣᠰᠣᠭᠠᠷ ᠬᠤᠭᠤᠴᠠᠭ᠎ᠠ ᠰᠣᠯᠢᠬᠤ ᠰᠣᠩᠭᠤᠭᠤᠯᠢ ᠳᠤ ᠣᠷᠣᠯᠴᠠᠬᠤ ᠬᠡᠷᠡᠭᠲᠡᠢ᠃ ᠡᠷᠡᠰ ᠵᠣᠷᠢᠭᠲᠠᠢ ᠠᠵᠢᠯᠯᠠᠵᠦ᠂ ᠰᠣᠩᠭᠤᠭᠤᠯᠢ ᠶᠢᠨ ᠪᠢᠯᠧᠲ ᠲᠠᠲᠠᠵᠤ ᠬᠠᠭ᠋ᠤᠤᠯᠢᠳᠤ ᠰᠣᠩᠭᠤᠭᠤᠯᠢ ᠬᠢᠬᠦ᠂ ᠠᠶᠢᠮᠠᠭ ᠪᠦᠯᠦᠭ ᠪᠠᠶᠢᠭᠤᠯᠬᠤ᠂ ᠨᠣᠶᠠᠨ ᠵᠡᠷᠭᠡ ᠤᠯᠬᠤ ᠪᠠᠷ ᠬᠥᠭᠡᠭᠡᠴᠡᠯᠳᠦᠬᠦ᠂ ᠴᠤᠤᠷᠬᠠᠯ ᠲᠠᠯᠪᠢᠨ ᠭᠦᠳᠬᠡᠨ ᠵᠠᠭᠠᠯᠳᠤᠬᠤ ᠵᠡᠷᠭᠡ ᠲᠥᠪ ᠪᠤᠰᠤ ᠰᠤᠷᠲᠠᠯ ᠢ ᠡᠰᠡᠷᠭᠦᠴᠡᠵᠦ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠰᠠᠶᠢᠨ ᠰᠠᠶᠢᠬᠠᠨ ᠡᠮᠬᠢ ᠳᠢᠭᠯᠢᠮ ᠢ ᠤᠬᠠᠮᠰᠠᠷ ᠠᠴᠠ ᠪᠠᠨ ᠬᠠᠮᠠᠭᠠᠯᠠᠬᠤ ᠬᠡᠷᠡᠭᠲᠡᠢ᠃ ᠬᠤᠭᠤᠴᠠᠭ᠎ᠠ ᠰᠣᠯᠢᠬᠤ ᠬᠡᠪ ᠰᠤᠷᠲᠠᠯ ᠳᠤ ᠬᠢᠨᠠᠯᠲᠠ ᠲᠠᠯᠪᠢᠬᠤ ᠳᠤ ᠢᠳᠡᠪᠬᠢᠲᠡᠢ ᠣᠷᠣᠯᠴᠠᠵᠤ᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠵᠥᠷᠢᠴᠡᠭᠰᠡᠨ ᠴᠤᠬᠤᠶᠢᠯᠲᠠ ᠶᠢᠨ ᠴᠢᠨᠠᠷᠲᠠᠢ ᠪᠠ ᠬᠡᠯᠪᠡᠷᠢᠯ ᠤᠨ ᠴᠢᠨᠠᠷᠲᠠᠢ ᠠᠰᠠᠭᠤᠳᠠᠯ ᠢ ᠴᠠᠭ ᠲᠤᠬᠠᠢ ᠳᠤᠨᠢ ᠬᠤᠯᠪᠣᠭᠳᠠᠯ ᠪᠦᠭᠦᠢ ᠰᠠᠯᠠᠭ᠎ᠠ ᠮᠥᠴᠢᠷ ᠲᠤ ᠢᠯᠡᠴᠢᠯᠡᠨ ᠮᠡᠳᠡᠭᠦᠯᠵᠦ᠂ ᠬᠤᠭᠤᠴᠠᠭ᠎ᠠ ᠰᠣᠯᠢᠬᠤ ᠪᠦᠭᠦ ᠶᠠᠪᠤᠴᠠ ᠶᠢᠨ ᠲᠥᠪ ᠴᠢᠬᠡᠴᠢ ᠪᠠᠶᠢᠬᠤ ᠶᠢ ᠦᠨᠡᠡᠬᠦ ᠪᠠᠲᠤᠯᠠᠬᠤ ᠬᠡᠷᠡᠭᠲᠡᠢ᠃ ᠪᠢᠳᠡ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠭᠠᠴᠠᠭ᠎ᠠ᠂ ᠨᠡᠶᠢᠭᠡᠮ ᠲᠣᠭᠤᠷᠢᠭ ᠤᠨ 《ᠬᠤᠶᠠᠷ ᠵᠥᠪᠯᠡᠯ》᠎ ᠤᠨ ᠬᠤᠭᠤᠴᠠᠭ᠎ᠠ ᠰᠣᠯᠢᠬᠤ ᠡᠯ᠎ᠡ ᠲᠥᠷᠥᠯ ᠤᠨ ᠠᠵᠢᠯ  ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠤᠰᠢᠭᠤ ᠨᠠᠮ ᠤᠨ ᠬᠤᠷᠢᠶ᠎ᠠ ᠪᠠ ᠪᠦᠬᠦ ᠬᠤᠰᠢᠭᠤᠨ ᠤ ᠠᠷᠠᠳ ᠲᠦᠮᠡᠨ ᠎ ᠳᠤ ᠬᠠᠨᠤᠮᠵᠢᠲᠠᠢ ᠬᠠᠷᠢᠭᠤᠯᠲᠠ ᠶᠢ ᠪᠢᠴᠢᠭᠯᠡᠶ᠎ᠡ︕                          ᠵᠡᠭᠦᠨ ᠦᠵᠦᠮᠦᠴᠢᠨ ᠬᠤᠰᠢᠭᠤᠨ ᠤ ᠭᠠᠴᠠᠭ᠎ᠠ᠂ ᠨᠡᠶᠢᠭᠡᠮ ᠲᠣᠭᠤᠷᠢᠭ ᠤᠨ             《ᠬᠤᠶᠠᠷ ᠵᠥᠪᠯᠡᠯ》ᠬᠤᠭᠤᠴᠠᠭ᠎ᠠ ᠰᠣᠯᠢᠬᠤ ᠠᠵᠢᠯ ᠤᠨ ᠤᠳᠤᠷᠢᠳᠬᠤ ᠳᠤᠭᠤᠶᠢᠯᠠᠩ                                                                                                                          2020 ᠣᠨ ᠤ 12 ᠰᠠᠷ᠎ᠠ ᠶᠢᠨ 17᠎ ᠤ ᠡᠳᠦᠷ
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠤᠷᠴᠢᠭᠤᠯᠭ᠎ᠠ ᠶᠢᠨ ᠲᠠᠰᠤᠭ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号