| | | | | | | ᠲᠡᠭᠷᠢ ᠬᠦᠢᠲᠡᠷᠡᠵᠦ ᠬᠢᠴᠢᠶᠡᠯ ᠤᠨ ᠭᠡᠷ ᠤᠨ ᠭᠠᠳᠠᠨᠠᠬᠢ ᠰᠤᠷᠤᠭᠴᠢᠳ ᠤᠨ ᠬᠦᠳᠡᠯᠭᠡᠭᠡᠨ ᠴᠦᠭᠡᠷᠡᠭᠰᠡᠨ | ᠪᠤᠯᠪᠠᠴᠤ ᠬᠤᠰᠢᠭᠤ ᠮᠤᠩᠭᠤᠯ ᠦᠨᠳᠦᠰᠦᠳᠡᠨ ᠤ ᠬᠤᠶᠠᠳᠤᠭᠠᠷ ᠪᠠᠭ᠎ᠠ ᠰᠤᠷᠭᠠᠭᠤᠯᠢ ᠶᠢᠨ ᠵᠠᠩ ᠦᠢᠯᠡ ᠶᠢᠨ | ᠬᠢᠴᠢᠶᠡᠯ ᠨᠢ ᠶᠡᠷᠦ ᠪᠤᠰᠤ ᠶᠢᠨ ᠬᠦᠷ ᠨᠠᠷᠭᠢᠶᠠᠨ ᠲᠠᠢ ᠪᠠᠶᠢᠯ᠎ᠠ᠂ ᠠᠳᠡ ᠪᠤᠳᠠᠰ ᠤᠨ ᠪᠤᠰᠤ ᠰᠣᠶᠣᠯ ᠤᠨ ᠥᠪ ᠢ | ᠰᠤᠷᠭᠠᠭᠤᠯᠢ ᠶᠢᠨ ᠬᠦᠷᠢᠶᠡᠨ ᠳᠤ ᠲᠦᠭᠡᠭᠡᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢᠨ ᠨᠢᠭᠡᠨ | ᠠᠭᠤᠯᠭ᠎ᠠ ᠪᠤᠯᠠᠬᠤ ᠮᠤᠩᠭᠤᠯ ᠰᠢᠲᠠᠷ᠎ᠠ ᠶᠢᠨ ᠰᠣᠶᠣᠯ ᠢ ᠰᠤᠷᠭᠠᠭᠤᠯᠢ ᠶᠢᠨ ᠬᠦᠷᠢᠶᠡᠨ ᠳᠤ ᠲᠦᠭᠡᠭᠡᠬᠦ ᠦᠢᠯᠡ | ᠠᠵᠢᠯᠯᠠᠭ᠎ᠠ ᠤᠳᠬ᠎ᠠ ᠲᠡᠭᠦᠯᠳᠡᠷ ᠶᠠᠪᠤᠭᠳᠠᠨ᠂ ᠰᠤᠷᠤᠭᠴᠢᠳ ᠮᠤᠩᠭᠤᠯ ᠰᠢᠲᠠᠷ᠎ᠠ ᠶᠢᠨ ᠤᠷ᠎ᠠ ᠮᠡᠷᠭᠡᠵᠢᠯ ᠢᠶᠠᠨ | ᠰᠣᠷᠢᠵᠠᠭᠠᠨᠠ᠃ | ᠠᠶᠢᠮᠠᠭ ᠲᠡᠰ ᠤᠨ ᠮᠤᠩᠭᠤᠯ ᠰᠢᠲᠠᠷ᠎ᠠ ᠶᠢᠨ ᠪᠤᠳᠠᠰ ᠤᠨ ᠪᠤᠰᠤ ᠰᠤᠶᠤᠯ ᠤᠨ ᠦᠪ ᠤᠨ ᠲᠦᠯᠦᠭᠡᠯᠡᠭᠴᠢ | ᠦᠪᠯᠡᠨ ᠤᠯᠠᠮᠵᠢᠯᠠᠭᠴᠢ ᠢ᠊ · ᠯᠾᠮᠤ ᠪᠤᠯᠤᠨ ᠳᠠᠪᠰᠢᠯᠲᠤ ᠠᠴᠠ ᠮᠤᠩᠭᠤᠯ ᠰᠢᠲᠠᠷ᠎ᠠ ᠶᠢᠨ ᠡᠭᠦᠰᠦᠯ ᠭᠠᠷᠤᠯ᠂ | ᠨᠡᠷᠡᠶᠢᠳᠦᠯ᠂ ᠨᠠᠭᠠᠳᠬᠤ ᠠᠷᠭ᠎ᠠ ᠪᠠᠷᠢᠯ᠂ ᠳᠦᠷᠢᠮ ᠲᠤᠭᠲᠠᠭᠠᠯ ᠵᠡᠷᠭᠡ ᠠᠭᠤᠯᠭ᠎ᠠ ᠶᠢ ᠨᠠᠷᠢᠨ ᠲᠠᠶᠢᠯᠪᠤᠷᠢᠯᠠᠨ | ᠦᠭᠭᠦᠭᠰᠡᠨ ᠤ ᠬᠠᠮᠲᠤ᠂ ᠢ᠊ · ᠯᠾᠮᠤ ᠠᠴᠠ ᠦᠪᠡᠷ ᠤᠨ ᠪᠢᠴᠢᠭᠰᠡᠨ ᠮᠤᠩᠭᠤᠯ ᠰᠢᠲᠠᠷ᠎ᠠ ᠶᠢᠨ ᠲᠤᠬᠠᠢ | ᠰᠢᠯᠦᠭ ᠢᠶᠠᠨ ᠪᠠᠭᠰᠢ ᠰᠤᠷᠤᠭᠴᠢᠳ ᠲᠠᠢ ᠬᠤᠪᠢᠶᠠᠯᠴᠠᠵᠤ᠂ ᠮᠤᠩᠭᠤᠯ ᠰᠢᠲᠠᠷ᠎ᠠ ᠶᠢᠨ ᠰᠤᠶᠤᠯ ᠢ ᠰᠤᠷᠭᠠᠭᠤᠯᠢ ᠶᠢᠨ | ᠬᠦᠷᠢᠶᠡᠨ ᠳᠤ ᠨᠡᠩ ᠦᠷᠭᠡᠨ ᠢᠶᠠᠷ ᠳᠡᠯᠭᠡᠷᠡᠭᠦᠯᠵᠦ᠂ ᠤᠯᠠᠮᠵᠢᠯᠠᠯᠳᠤ ᠰᠤᠶᠤᠯ ᠢ ᠰᠤᠷᠤᠭᠴᠢᠳ ᠤᠨ ᠰᠡᠳᠬᠢᠯ ᠳᠤ | ᠬᠠᠳᠠᠩᠰᠢᠭᠤᠯᠵᠠᠢ᠃ ︽ᠦᠨᠦᠳᠦᠷ ᠤᠨ ᠬᠢᠴᠢᠶᠡᠯ ᠢ ᠰᠤᠨᠤᠰᠤᠭᠠᠳ ᠰᠢᠲᠠᠷ᠎ᠠ ᠨᠠᠭᠠᠳᠬᠤ ᠤᠯᠠᠨ ᠵᠦᠢᠯ ᠤᠨ | ᠠᠷᠭ᠎ᠠ ᠶᠢ ᠮᠡᠳᠡᠵᠦ ᠠᠪᠴᠠᠢ᠂ ᠬᠤᠵᠢᠮ ᠰᠠᠶᠢᠨ ᠰᠢᠲᠠᠷᠴᠢᠨ ᠪᠤᠯᠤᠶ᠎ᠠ ᠭᠡᠵᠦ ᠪᠤᠳᠤᠵᠤ ᠪᠠᠶᠢᠨ᠎ᠠ︾ ᠭᠡᠵᠦ | ᠳᠦᠷᠪᠡᠳᠦᠭᠡᠷ ᠤᠨ ᠤ ᠰᠤᠷᠤᠭᠴᠢ ᠠᠩᠭᠢᠷ ᠪᠠᠶᠠᠷᠲᠠᠶᠢᠬᠠᠨ ᠶᠠᠷᠢᠵᠤ ᠪᠠᠶᠢᠯ᠎ᠠ᠃ | ᠤᠶᠢᠯᠠᠭᠠᠭᠰᠠᠨ ᠢᠶᠠᠷ᠂ ᠣᠶᠢᠷ᠎ᠠ ᠳᠤ ᠬᠤᠰᠢᠭᠤ ᠪᠤᠯᠪᠠᠰᠤᠨ ᠤ ᠠᠯᠪᠠᠨ ᠭᠡᠷ᠂ ᠰᠤᠶᠤᠯ ᠤᠨ ᠤᠷᠳᠤᠨ᠂ | ᠰᠢᠨ᠎ᠡ ᠴᠠᠭ ᠦᠶ᠎ᠡ ᠶᠢᠨ ᠪᠤᠯᠪᠠᠰᠤᠨ ᠦᠢᠯᠡᠳᠦᠯᠭᠡ ᠶᠢᠨ ᠲᠦᠪ᠂ ᠪᠤᠳᠠᠰ ᠤᠨ ᠪᠤᠰᠤ ᠰᠤᠶᠤᠯ ᠤᠨ ᠦᠪ ᠢ | ᠤᠯᠠᠮᠵᠢᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠬᠠᠮᠲᠤᠷᠠᠨ ᠦᠵᠦᠮᠦᠴᠢᠨ ᠢᠷᠦᠭᠡᠯ ᠮᠠᠭᠲᠠᠭᠠᠯ᠂ | ᠦᠵᠦᠮᠦᠴᠢᠨ ᠤᠯᠠᠮᠵᠢᠯᠠᠯᠲᠤ ᠬᠡ ᠤᠭᠠᠯᠵᠠ᠂ ᠢᠰᠡᠭᠡᠢ ᠰᠢᠷᠢᠮᠡᠯ᠂ ᠮᠤᠩᠭᠤᠯ ᠰᠢᠲᠠᠷ᠎ᠠ ᠵᠡᠷᠭᠡ ᠤᠯᠠᠨ ᠲᠦᠷᠦᠯ ᠤᠨ | ᠪᠣᠳᠠᠰ ᠤᠨ ᠪᠤᠰᠤ ᠰᠣᠶᠣᠯ ᠤᠨ ᠥᠪ ᠢ ᠰᠤᠷᠭᠠᠭᠤᠯᠢ ᠶᠢᠨ ᠬᠦᠷᠢᠶᠡᠨ ᠳᠤ ᠲᠦᠭᠡᠭᠡᠬᠦ ᠰᠢᠨ᠎ᠡ ᠴᠠᠭ ᠦᠶ᠎ᠡ ᠶᠢᠨ | ᠪᠤᠯᠪᠠᠰᠤᠨ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠦᠷᠨᠢᠭᠦᠯᠵᠦ᠂ ᠪᠤᠳᠠᠰ ᠤᠨ | ᠪᠤᠰᠤ ᠰᠤᠶᠤᠯ ᠤᠨ ᠦᠪ ᠤᠨ ᠮᠡᠳᠡᠯᠭᠡ ᠶᠢ ᠲᠠᠨᠢᠯᠴᠠᠭᠤᠯᠬᠤ ᠪᠠ ᠪᠤᠳᠠᠳᠤ ᠦᠢᠯᠡᠳᠦᠯᠭᠡ ᠪᠠᠷ ᠳᠠᠮᠵᠢᠭᠤᠯᠤᠨ᠂ | ᠰᠤᠷᠭᠠᠭᠤᠯᠢ ᠶᠢᠨ ᠬᠦᠷᠢᠶᠡᠨ ᠤ ᠰᠣᠶᠣᠯ ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠪᠤᠳᠠᠰ ᠤᠨ ᠪᠤᠰᠤ | ᠰᠤᠶᠤᠯ ᠤᠨ ᠦᠪ ᠢ ᠪᠠᠭᠰᠢ ᠰᠤᠷᠤᠭᠴᠢᠳ ᠤᠨ ᠳᠤᠮᠳᠠ ᠦᠷᠭᠡᠨ ᠢᠶᠠᠷ ᠳᠡᠯᠭᠡᠷᠡᠭᠦᠯᠵᠦ᠂ ᠪᠤᠳᠠᠰ ᠤᠨ ᠪᠤᠰᠤ | ᠰᠤᠶᠤᠯ ᠤᠨ ᠦᠪ ᠢ ᠨᠡᠩ ᠰᠠᠶᠢᠨ ᠤᠯᠠᠮᠵᠢᠯᠠᠨ ᠪᠠᠳᠠᠷᠠᠭᠤᠯᠬᠤ ᠤᠷᠴᠢᠨ ᠢ ᠪᠤᠢ ᠪᠤᠯᠭᠠᠭᠰᠠᠨ ᠪᠠᠶᠢᠨ᠎ᠠ᠃ | | | | | | | | | | | | | |