2 ᠰᠠᠷ᠎ᠠ ᠶᠢᠨ 6 ᠤ ᠡᠳᠦᠷ᠂ ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠱᠦᠵᠢ᠂ | ᠬᠤᠰᠢᠭᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ᠂ | ᠵᠢᠯᠣᠭᠤᠳᠬᠤ ᠬᠡᠯᠳᠡᠰ ᠤᠨ ᠶᠡᠷᠦᠩᠬᠡᠶ ᠵᠢᠯᠣᠭᠤᠳᠣᠭᠴᠢ ᠯᠢ ᠶᠦᠩ ᠱᠧᠩ ᠪᠥᠬᠦ ᠬᠤᠰᠢᠭᠤᠨ ᠤ ᠰᠢᠨ᠎ᠡ ᠬᠡᠯᠪᠡᠷᠢ ᠶᠢᠨ | ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠤᠨ ᠵᠢᠯᠣᠭᠤᠳᠬᠤ ᠬᠡᠯᠲᠡᠰ ᠤᠨ ᠬᠤᠶᠠᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ | ᠪᠥᠬᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠢ ᠰᠤᠳᠤᠯᠤᠨ ᠪᠠᠶᠢᠷᠢᠯᠠᠭᠤᠯᠵᠠᠢ᠃ | ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠵᠡᠭᠦᠨ ᠦᠵᠦᠮᠦᠴᠢᠨ ᠬᠤᠰᠢᠭᠤᠨ ᠤ ᠨᠠᠮ ᠤᠨ | ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠬᠢᠩᠭᠠᠨ ᠵᠢᠭᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠦᠴᠢᠷ | ᠤᠨ ᠬᠢᠨ ᠡᠷᠬᠡᠪᠰᠢ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠳᠠᠭᠠᠭᠠᠴᠢᠯᠠᠨ ᠬᠠᠷᠢᠴᠠᠬᠤ ᠨᠢᠭᠡᠴᠡ ᠶᠢᠨ | ᠤᠳᠤᠷᠢᠳᠤᠯᠭ᠎ᠠ ᠰᠠᠶᠢᠨ ᠬᠡᠪ ᠳᠠᠭᠤᠷᠢᠶᠠᠯ ᠦᠵᠡᠭᠦᠯᠵᠦ᠂ ︽ᠬᠦᠯᠢᠶᠡᠬᠦ ᠲᠦᠰᠢᠬᠦ ᠠᠪᠬᠤ︾ ᠰᠡᠳᠬᠢᠴᠡ ᠲᠠᠢ | ᠪᠠᠶᠢᠵᠤ ᠪᠣᠯᠬᠤ ᠥᠬᠡᠶ᠃ ᠪᠡᠶᠡᠴᠢ ᠴᠢᠳᠠᠮᠠᠭᠠᠶ ᠴᠢᠨᠠᠷ ᠢᠶᠠᠨ ᠢᠳᠡᠪᠬᠢᠲᠡᠢ ᠪᠠᠳᠠᠷᠠᠭᠤᠯᠵᠤ ᠤᠳᠤᠬᠠᠨ ᠤ ᠠᠰᠠᠭᠤᠳᠠᠯ | ᠪᠣᠯᠤᠨ ᠬᠦᠴᠢᠷᠳᠡᠯ ᠢ ᠰᠢᠢᠳᠪᠦᠷᠢᠯᠡᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠬᠡᠯᠲᠡᠰ ᠤᠨ ᠠᠵᠢᠯ ᠳᠤ ᠪᠦᠬᠦ ᠬᠦᠴᠦᠨ ᠢᠶᠠᠷ ᠢᠶᠠᠨ ᠬᠠᠮᠵᠢᠯᠴᠠᠨ᠂ | ᠵᠢᠯᠣᠭᠤᠳᠬᠤ ᠬᠡᠯᠲᠡᠰ ᠤᠨ ᠪᠠᠭᠤᠯᠭᠠᠭᠰᠠᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠴᠠᠭ ᠲᠤᠬᠠᠶ ᠳᠤᠨᠢ | ᠤᠯᠠᠮᠵᠢᠯᠠᠨ ᠣᠶᠢᠯᠠᠭᠠᠵᠤ᠂ ᠠᠵᠢᠯ ᠤᠨ ᠠᠬᠢᠴᠠ ᠪᠠᠨ ᠴᠠᠭ ᠲᠤᠬᠠᠶ ᠳᠤᠨᠢ ᠳᠡᠭᠡᠭᠰᠢ ᠮᠡᠳᠡᠭᠦᠯᠵᠦ᠂ ᠮᠡᠳᠡᠭᠡ ᠵᠠᠩᠭᠢ | ᠶᠢᠨ ᠨᠡᠪᠲᠡᠷᠡᠯᠴᠡᠭᠡ ᠪᠠᠨ ᠴᠢᠩᠭᠠᠷᠠᠭᠤᠯᠤᠨ ᠬᠠᠮᠳᠤᠪᠠᠷ ᠡᠳ᠋ᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠢ ᠤᠯᠠᠮ ᠨᠢᠭᠲᠠᠷᠠᠭᠤᠯᠬᠤ ᠬᠡᠷᠡᠭᠲᠡᠶ ᠭᠡᠵᠡᠢ᠃ ᠲᠡᠷᠡ ᠴᠢᠬᠤᠯᠠᠴᠢᠯᠠᠭᠰᠠᠨ ᠨᠢ᠂ ᠴᠢᠬᠤᠯᠠ ᠡᠳ᠋ ᠪᠣᠳᠠᠰ ᠤᠨ | ᠬᠠᠩᠭᠠᠯᠭ᠎ᠠ ᠶᠢᠨ ᠰᠠᠭᠠᠳ ᠥᠬᠡᠶ ᠨᠡᠪᠲᠡᠷᠡᠬᠦ ᠵᠠᠮ ᠢ ᠪᠠᠶᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠡᠳ᠋ ᠪᠠᠷᠠᠭ᠎ᠠ ᠪᠣᠯᠤᠨ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯᠡᠰ ᠤᠨ ᠲᠣᠭᠲᠠᠭᠤᠨ ᠬᠠᠩᠭᠠᠯᠭ᠎ᠠ ᠶᠢ ᠦᠨᠡᠨ ᠬᠦ | ᠪᠠᠲᠤᠯᠠᠬᠤ ᠬᠡᠷᠡᠭᠲᠡᠶ᠃ ᠠᠵᠤ ᠠᠬᠤᠶᠢᠯᠠᠯ ᠤᠨ ᠠᠵᠢᠯ ᠡᠬᠢᠯᠡᠬᠦ ᠪᠠ ᠠᠵᠢᠯ ᠰᠡᠷᠭᠦᠭᠡᠬᠦ ᠪᠠᠷᠢᠮᠵᠢᠶ᠎ᠠ ᠪᠠ ᠠᠯᠬᠤᠮ | ᠳᠠᠷᠠᠭ᠎ᠠ ᠶᠢ ᠴᠢᠩᠭ᠎ᠠ ᠲᠣᠭᠲᠠᠭᠠᠵᠤ᠂ ᠱᠠᠭᠠᠷᠳᠠᠯᠭ᠎ᠠ ᠳᠤ ᠨᠡᠶᠢᠴᠡᠭᠰᠡᠨ ᠠᠵᠤ ᠠᠬᠤᠶᠢᠯᠠᠯ ᠨᠢ ᠬᠢᠨᠠᠨ | ᠵᠥᠪᠰᠢᠶᠡᠷᠡᠭᠰᠡᠨ ᠤ ᠲᠠᠷᠠᠭ᠎ᠠ ᠰᠠᠶ᠋ᠢ ᠠᠵᠢᠯ ᠢᠶᠠᠨ ᠡᠬᠢᠯᠡᠭᠦᠯᠵᠦ ᠪᠣᠯᠤᠨ᠎ᠠ᠂ ᠭᠠᠳᠠᠨ᠎ᠠ ᠤᠷᠤᠨ ᠠᠴᠠ ᠠᠵᠢᠯ ᠤᠨ | ᠪᠠᠶᠢᠷᠢ ᠳᠠᠭᠠᠨ ᠪᠤᠴᠠᠭᠰᠠᠨ ᠠᠵᠢᠯᠳᠠᠨ ᠠᠵᠢᠯᠴᠢᠨ ᠡᠷᠬᠡᠪᠰᠢ ᠲᠤᠰᠠᠭᠠᠷᠯᠠᠬᠤ ᠬᠤᠭᠤᠴᠠᠭ᠎ᠠ ᠳᠠᠭᠤᠰᠪᠠᠯ ᠰᠠᠶ᠋ᠢ | ᠠᠵᠢᠯ ᠤᠨ ᠪᠠᠶᠢᠷᠢ ᠳᠤ ᠭᠠᠷᠬᠤ ᠶᠢ ᠵᠥᠪᠰᠢᠶᠡᠷᠡᠨ᠎ᠡ᠃ ᠨᠤᠲᠤᠭ ᠲᠠᠭᠠᠨ ᠪᠤᠴᠠᠭᠰᠠᠨ ᠪᠠᠭᠰᠢ ᠠᠵᠢᠯᠲᠠᠨ ᠵᠢᠴᠢ | ᠰᠤᠷᠤᠭᠴᠢᠳ ᠤᠨ ᠬᠤᠪᠢ ᠬᠥᠮᠦᠨ ᠤ ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ᠂ ᠲᠤᠰᠠᠭᠠᠷᠯᠠᠨ ᠠᠵᠢᠭᠯᠠᠬᠤ | ᠠᠷᠭ᠎ᠠ ᠬᠡᠮᠵᠢᠶ᠎ᠡ ᠶᠢ ᠰᠠᠶᠢᠲᠤᠷ ᠬᠢᠬᠦ ᠬᠡᠷᠡᠭᠲᠡᠶ᠃ ᠰᠡᠷᠭᠡᠶᠢᠯᠡᠨ ᠬᠠᠮᠠᠭᠠᠯᠠᠬᠤ ᠡᠳ᠋ ᠪᠠᠷᠠᠭ᠎ᠠ ᠶᠢ ᠣᠯᠠᠨ ᠲᠠᠯ᠎ᠠ ᠠᠴᠠ | ᠴᠤᠭᠯᠠᠭᠤᠯᠵᠤ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠴᠤᠭᠯᠠᠭᠤᠯᠤᠭᠰᠠᠨ ᠡᠳ᠋ ᠪᠠᠷᠠᠭ᠎ᠠ ᠵᠢᠴᠢ ᠡᠳ᠋ ᠪᠠᠷᠠᠭ᠎ᠠ | ᠲᠠᠷᠬᠠᠭᠠᠭᠰᠠᠨ ᠪᠠᠶᠢᠳᠠᠯ ᠢ ᠴᠠᠭ ᠲᠤᠬᠠᠶ ᠳᠤᠨᠢ ᠢᠯᠡ ᠨᠡᠶᠢᠲᠡᠯᠡᠵᠦ᠂ ᠢᠯᠡ ᠲᠣᠳᠣ ᠪᠠᠶᠢᠯᠭᠠᠬᠤ ᠬᠡᠷᠡᠭᠲᠡᠶ ᠭᠡᠵᠡᠢ᠃ | | ᠯᠢ ᠶᠦᠩ ᠱᠧᠩ ᠶᠠᠷᠢᠶᠠᠨ ᠳᠠᠭᠠᠨ ᠴᠢᠬᠤᠯᠠᠴᠢᠯᠠᠭᠰᠠᠨ ᠨᠢ᠂ ᠣᠳᠣᠬᠠᠨ ᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠶᠠᠭ ᠲᠦᠢᠯ ᠤᠨ ᠵᠠᠩᠭᠢᠯᠠᠭ᠎ᠠ ᠶᠢᠨ ᠴᠠᠭ ᠦᠶ᠎ᠡ ᠳᠤ ᠣᠷᠣᠰᠢᠵᠤ ᠪᠠᠶᠢᠨ᠎ᠠ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ | ᠬᠠᠷᠢᠭᠤᠴᠠᠯᠭ᠎ᠠ ᠶᠢ ᠴᠢᠩᠭ᠎ᠠ ᠪᠤᠳᠠᠲᠠᠶᠢᠵᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠬᠤᠷᠢᠭᠯᠠᠯᠲᠠ ᠶᠢᠨ ᠳᠠᠶᠢᠯᠠᠯᠳᠤᠭᠠᠨ ᠳᠤ ᠢᠯᠠᠯᠲᠠ ᠣᠯᠵᠤ ᠴᠢᠳᠠᠬᠤ ᠡᠰᠡᠬᠦ ᠨᠢ ᠭᠤᠤᠯᠳᠠᠭᠤ ᠵᠠᠩᠭᠢᠯᠠᠭ᠎ᠠ ᠶᠢᠨ | ᠴᠥᠭᠡᠨ ᠲᠣᠭᠠᠲᠠᠨ ᠢ ᠦᠵᠡᠨ᠎ᠡ᠂ ᠡᠯ᠎ᠡ ᠱᠠᠲᠤᠨ ᠤ ᠨᠠᠮ ᠤᠨ ᠬᠤᠷᠢᠶ᠎ᠠ ᠵᠢᠴᠢ ᠥᠷᠭᠡᠨ ᠣᠯᠠᠨ ᠨᠠᠮ ᠤᠨ ᠭᠡᠰᠢᠭᠦᠨ | ᠺᠠᠳ᠋ᠷᠴᠤᠳ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠬᠠᠷᠢᠭᠤᠴᠠᠯᠭ᠎ᠠ ᠪᠠᠨ ᠡᠭᠦᠷᠭᠡᠯᠡᠵᠦ᠂ ᠤᠷᠢᠳᠴᠢᠯᠠᠨ | ᠵᠢᠯᠣᠭᠤᠳᠴᠤ᠂ ᠰᠡᠷᠭᠡᠶᠢᠯᠡᠨ ᠡᠵᠡᠮᠳᠡᠵᠦ ᠪᠠᠶᠢᠭ᠎ᠠ ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ᠂ ᠴᠠᠭ ᠲᠤᠬᠠᠶ ᠳᠤᠨᠢ | ᠵᠢᠯᠣᠭᠤᠳᠴᠤ᠂ ᠴᠠᠭ ᠲᠤᠬᠠᠶ ᠳᠤᠨᠢ ᠬᠥᠳᠡᠯᠦᠯᠴᠡᠵᠦ᠂ ᠡᠯ᠎ᠡ ᠪᠠᠶᠢᠭᠤᠯᠭ᠎ᠠ ᠨᠢᠭᠡᠴᠡ ᠶᠢᠨ ᠤᠳᠤᠷᠢᠳᠬᠤ | ᠺᠠᠳ᠋ᠷᠴᠤᠳ ᠲᠦᠷᠦᠭᠦᠯᠡᠨ ᠳᠠᠭᠠᠭᠠᠴᠢᠯᠠᠨ ᠬᠠᠷᠢᠴᠠᠵᠤ ᠪᠠᠶᠢᠭ᠎ᠠ ᠨᠡᠶᠢᠭᠡᠮ ᠲᠣᠭᠤᠷᠢᠭ ᠲᠤ ᠭᠦᠨᠵᠡᠭᠡᠶᠢᠷᠡᠨ᠂ 24 ᠴᠠᠭ | ᠲᠠᠰᠤᠯᠳᠠᠯ ᠥᠬᠡᠶ᠂ ᠥᠨᠴᠥᠭ ᠪᠤᠯᠤᠩ ᠤᠷᠬᠢᠭᠳᠠᠭᠤᠯᠤᠯ ᠥᠬᠡᠶ ᠪᠠᠷ ᠬᠥᠮᠦᠰ ᠪᠣᠯᠣᠨ ᠲᠡᠷᠭᠡ ᠬᠥᠰᠬᠡ ᠶᠢᠨ | ᠬᠢᠨᠠᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠯᠴᠠᠬᠤ ᠤᠲᠠᠰᠤ ᠪᠠᠨ24 ᠴᠠᠭ ᠢᠶᠠᠷ | ᠰᠠᠭᠠᠳᠥᠬᠡᠶ ᠨᠡᠪᠲᠡᠷᠡᠭᠦᠯᠦᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠰᠠᠭᠤᠭᠠᠯᠢ | ᠠᠷᠠᠳ ᠤᠨ ᠲᠣᠭᠤᠷᠢᠭ ᠲᠤ ᠢᠯᠡᠷᠡᠭᠰᠡᠨ ᠡᠯ᠎ᠡ ᠵᠦᠢᠯ ᠤᠨ ᠵᠥᠷᠢᠴᠡᠯ ᠪᠠ ᠠᠰᠠᠭᠤᠳᠠᠯ ᠢ ᠲᠣᠬᠢᠲᠠᠶ ᠰᠠᠶᠢᠲᠤᠷ | ᠰᠢᠢᠳᠪᠤᠷᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠭᠤᠭᠴᠤᠭ᠎ᠠ ᠨᠢᠭᠡᠪᠦᠷᠢ᠂ ᠨᠠᠷᠢᠨ | ᠵᠦᠢᠯᠡᠰ ᠢ ᠵᠠᠪᠰᠠᠷ ᠥᠬᠡᠶ ᠵᠣᠯᠭᠠᠭᠤᠯᠬᠤ ᠶᠢ ᠪᠡᠶᠡᠯᠡᠭᠦᠯᠬᠦ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠢ ᠣᠳᠣᠬᠠᠨ ᠤ ᠬᠠᠮᠤᠭ ᠤᠨ ᠴᠢᠬᠤᠯᠠ ᠠᠵᠢᠯ ᠪᠣᠯᠭᠠᠨ ᠠᠳᠬᠤᠵᠤ᠂ ᠠᠵᠢᠯ ᠤᠨ ᠡᠷᠴᠢᠮ ᠢᠶᠠᠨ | ᠦᠷᠭᠦᠯᠵᠢᠯᠡᠨ ᠴᠢᠩᠭᠠᠷᠠᠭᠤᠯᠵᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ | ᠪᠣᠳᠠᠲᠠᠶᠢᠵᠢᠭᠤᠯᠵᠤ ᠴᠢᠩᠭᠠᠳᠬᠠᠨ᠂ ᠵᠡᠭᠡᠯᠢ ᠨᠢᠭᠤᠷᠯᠠᠭᠰᠠᠨ ᠬᠤᠳᠠᠯᠳᠤᠭᠠᠨ ᠤ ᠳᠡᠯᠭᠡᠭᠦᠷ᠂ ᠪᠠᠶᠢᠰᠢᠩ | ᠲᠣᠭᠤᠷᠢᠭ ᠤᠨ ᠪᠢᠲᠡᠭᠦᠮᠵᠢᠯᠡᠭᠰᠡᠨ ᠬᠠᠮᠢᠶᠠᠷᠤᠯᠲᠠ ᠶᠢ ᠴᠢᠩᠭᠠᠳᠬᠠᠵᠤ᠂ ᠨᠤᠲᠤᠭ ᠲᠠᠭᠠᠨ ᠪᠤᠴᠠᠭᠰᠠᠳ ᠵᠢᠴᠢ ᠲᠡᠳᠡᠨ | ᠤ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠪᠠᠨ ᠴᠢᠩᠭᠠᠳᠬᠠᠵᠤ᠂ | ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ ᠲᠠᠯ᠎ᠠ ᠪᠠᠷ ᠦᠷᠭᠦᠯᠵᠢᠯᠡᠨ ᠬᠦᠴᠦ ᠲᠠᠯᠪᠢᠬᠤ ᠬᠡᠷᠡᠭᠲᠡᠶ᠃ ᠣᠯᠠᠨ | ᠲᠦᠮᠡᠨ ᠳᠤ ᠭᠦᠢᠴᠡᠳ ᠲᠦᠰᠢᠭᠯᠡᠵᠦ᠂ ᠣᠯᠠᠨ ᠲᠦᠮᠡᠨ ᠢ ᠳᠠᠶᠢᠴᠢᠯᠠᠨ᠂ ᠬᠤᠯᠪᠣᠭᠠᠯᠠᠨ ᠰᠡᠷᠭᠡᠶᠢᠯᠡᠵᠦ ᠬᠤᠯᠪᠤᠭᠠᠯᠠᠨ | ᠡᠵᠡᠮᠳᠡᠵᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠵᠤ᠂ ᠬᠢᠵᠢᠭ ᠤᠨ ᠪᠠᠶᠢᠳᠠᠯ ᠤᠨ | ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠤᠢ ᠪᠣᠯᠭᠠᠬᠤ ᠬᠡᠷᠡᠭᠲᠡᠶ᠃ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠪᠠ | ᠰᠠᠬᠢᠯᠭ᠎ᠠ ᠪᠠᠲᠤ ᠶᠢᠨ ᠬᠢᠨᠠᠯᠲᠠ ᠲᠠᠯᠪᠢᠯᠲᠠ ᠶᠢ ᠰᠠᠶᠢᠲᠤᠷ ᠬᠢᠵᠦ᠂ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠲᠤ | ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ ᠨᠢᠭᠡᠴᠡ ᠵᠢᠴᠢ ᠬᠤᠪᠢ | ᠬᠥᠮᠦᠨ ᠢ ᠴᠠᠭ ᠲᠤᠬᠠᠶ ᠳᠤᠨᠢ ᠤᠬᠠᠭᠤᠯᠤᠨ ᠮᠡᠳᠡᠭᠡᠯᠡᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ | ᠶᠠᠪᠤᠭᠤᠯᠤᠭᠰᠠᠨ ᠨᠢᠭᠡᠴᠡ ᠪᠠ ᠬᠤᠪᠢ ᠬᠥᠮᠦᠨ ᠢ ᠴᠢᠩᠭ᠎ᠠ ᠰᠢᠭᠦᠮᠵᠢᠯᠡᠬᠦ ᠪᠠ ᠮᠡᠳᠡᠭᠦᠯᠵᠦ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠢ ᠬᠠᠷᠰᠢᠯᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ | ᠴᠣᠬᠢᠯᠲᠠ ᠥᠭᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠨ ᠴᠣᠬᠢᠬᠤ ᠳᠠᠶᠢᠯᠠᠯᠳᠤᠭᠠᠨ ᠤ | ᠢᠯᠠᠯᠲᠠ ᠶᠢ ᠡᠷᠡᠰ ᠲᠡᠮᠡᠴᠡᠨ ᠣᠯᠬᠤ ᠬᠡᠷᠡᠭᠲᠡᠶ ᠭᠡᠵᠡᠢ᠃ | ᠬᠤᠷᠠᠯ ᠳᠡᠭᠡᠷ᠎ᠡ ᠪᠠᠰᠠ ᠤᠯᠢᠶᠠᠰᠤᠲᠠᠢ ᠪᠠᠯᠭᠠᠰᠤᠨ ᠤ ᠪᠠᠶᠢᠰᠢᠩ ᠲᠣᠭᠤᠷᠢᠭ ᠤᠨ ᠲᠣᠭᠤᠷᠢᠭ ᠬᠤᠪᠢᠶᠠᠨ | ᠪᠢᠲᠡᠭᠦᠮᠵᠢᠯᠡᠨ ᠬᠠᠮᠢᠶᠠᠷᠬᠤ ᠪᠣᠳᠠᠲᠠᠢ ᠤᠴᠢᠷ ᠶᠠᠪᠤᠳᠠᠯ ᠢ ᠰᠣᠳᠣᠯᠵᠠᠢ᠃ ᠵᠡᠭᠦᠨ ᠦᠵᠦᠮᠦᠴᠢᠨ ᠬᠤᠰᠢᠭᠤᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ᠂ ᠬᠤᠰᠢᠭᠤ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠬᠡᠯᠳᠡᠰ ᠵᠢᠴᠢ ᠡᠯ᠎ᠡ ᠲᠤᠰᠬᠠᠢ ᠲᠥᠷᠥᠯ ᠤᠨ | ᠳᠤᠭᠤᠶᠢᠯᠠᠩ ᠤᠨ ᠬᠡᠰᠢᠭᠦᠳ ᠬᠤᠷᠠᠯ ᠳᠤ ᠤᠷᠤᠯᠴᠠᠵᠠᠢ᠃ | |