ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ  ᠠᠵᠢᠯ ᠤᠨ ᠬᠤᠶᠠᠳᠤᠭᠠᠷ ᠪᠦᠯᠦᠭ ᠤᠨ ᠱᠠᠭᠠᠷᠳᠠᠨ ᠵᠢᠯᠣᠭᠤᠳᠬᠤ ᠳᠤᠭᠤᠶᠢᠯᠠᠩ ᠮᠠᠨ ᠤ ᠬᠤᠰᠢᠭᠤᠨ ᠳᠤ  ᠭᠦᠨᠵᠡᠭᠡᠶᠢᠷᠡᠨ ᠱᠠᠭᠠᠷᠳᠠᠨ ᠵᠢᠯᠣᠭᠤᠳᠴᠤ  ᠪᠠᠶᠢᠴᠠᠭᠠᠭᠰᠠᠨ ᠪᠠᠶᠢᠨ᠎ᠠ
ᠨᠡᠶᠢᠲᠡᠯᠡᠭᠰᠡᠨ ᠴᠠᠭ᠄
2020/12/24
      3 ᠰᠠᠷ᠎ᠠ ᠶᠢᠨ 13 ᠤ ᠡᠳᠦᠷ ᠠᠴᠠ 14 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠪᠠᠴᠢᠮ  ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠤᠨ ᠳᠡᠳ᠋ ᠲᠣᠭᠤᠷᠢᠨ ᠪᠠᠶᠢᠴᠠᠭᠠᠭᠴᠢ ᠵᠢᠶᠠᠩ ᠳ᠋ᠧ ᠮᠢᠩ   ᠤᠨ ᠳᠠᠭᠠᠭᠤᠯᠤᠭᠰᠠᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠶᠠᠳᠤᠭᠠᠷ ᠪᠦᠯᠦᠭ ᠤᠨ ᠱᠠᠭᠠᠷᠳᠠᠨ ᠵᠢᠯᠣᠭᠤᠳᠬᠤ ᠳᠤᠭᠤᠶᠢᠯᠠᠩ ᠮᠠᠨ ᠤ ᠬᠤᠰᠢᠭᠤᠨ ᠳᠤ  ᠭᠦᠨᠵᠡᠭᠡᠶᠢᠷᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠵᠢᠯᠤᠭᠤᠳᠴᠠᠢ᠃  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ᠂ ᠪᠠᠶᠢᠩᠭᠤ ᠶᠢᠨ ᠲᠡᠳ᠋ ᠬᠤᠰᠢᠭᠤ ᠳᠠᠷᠤᠭ᠎ᠠ ᠱᠤᠸᠠᠩ  ᠪᠤᠤ᠂ ᠲᠡᠳ᠋ ᠬᠤᠰᠢᠭᠤ ᠳᠠᠷᠤᠭ᠎ᠠ᠂ ᠬᠤᠰᠢᠭᠤ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ ᠳᠠᠷᠤᠭ᠎ᠠ ᠺᠠᠩ ᠯᠢᠶᠠᠨ  ᠫᠧᠩ ᠬᠠᠮᠳᠤ ᠪᠠᠶᠢᠴᠠᠭᠠᠵᠠᠢ᠃            ᠱᠠᠭᠠᠷᠳᠠᠨ ᠵᠢᠯᠤᠭᠤᠳᠬᠤ ᠳᠤᠭᠤᠶᠢᠯᠠᠩ ᠤᠨ ᠬᠢᠨ ᠤᠷᠢᠳ ᠬᠤᠵᠢᠳ ᠮᠠᠨ ᠤ ᠬᠤᠰᠢᠭᠤᠨ ᠤ ᠭᠠᠬᠢᠯ ᠰᠤᠮᠤᠨ ᠤ ᠠᠷᠠᠳ ᠲᠤ ᠳᠦᠭᠦᠮ ᠦᠵᠡᠭᠦᠯᠬᠦ ᠦᠢᠯᠡᠴᠢᠯᠡᠭᠡᠨ ᠤ ᠲᠢᠩᠬᠢᠮ᠂ ᠳᠠᠭᠤᠲᠤᠨᠠᠭᠤᠷ ᠪᠠᠯᠭᠠᠰᠤᠨ ᠤ ᠤᠯᠠᠭᠠᠨᠲᠤᠭ ᠰᠢᠯᠢᠳᠡᠭ ᠡᠭᠦᠯᠳᠡᠷ ᠤᠨ ᠮᠢᠬᠠᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠂ ᠬᠤᠰᠢᠭᠤ ᠬᠤᠶᠠᠳᠤᠭᠠᠷ ᠳᠤᠮᠳᠠᠳᠤ ᠰᠤᠷᠭᠠᠭᠤᠯᠢ᠂ ᠡᠷᠢᠶᠡᠨᠭᠤᠪᠢ ᠨᠡᠶᠢᠬᠡᠮ ᠲᠤᠭᠤᠷᠢᠭ᠂ ᠬᠤᠰᠢᠭᠤ ᠡᠮᠨᠡᠯᠭᠡ ᠶᠢᠨ ᠬᠤᠷᠢᠶ᠎ᠠ᠂ ᠮᠠᠰᠢᠨ ᠲᠡᠷᠭᠡᠨ ᠦᠷᠳᠡᠭᠡ᠂ ᠡᠮ ᠤᠨ ᠳᠡᠯᠭᠡᠭᠦᠷ᠂ ᠴᠢᠯᠦᠭᠡᠲᠦ ᠳᠡᠯᠭᠡᠭᠦᠷ᠂ ᠠᠵᠢᠯ ᠢᠶᠠᠨ ᠡᠬᠢᠯᠡᠭᠦᠯᠦᠭᠰᠡᠨ ᠠᠵᠤ  ᠠᠬᠤᠶᠢᠯᠠᠯ ᠵᠡᠷᠭᠡ ᠭᠠᠵᠠᠷ ᠢᠶᠠᠷ ᠭᠦᠨᠵᠡᠭᠡᠶᠢᠷᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠷᠨᠢᠭᠦᠯᠵᠦ ᠪᠠᠶᠢᠭ᠎ᠠ ᠪᠠᠶᠢᠳᠠᠯ ᠢ ᠲᠤᠬᠠᠢ ᠶᠢᠨ ᠭᠠᠵᠠᠷ ᠲᠤᠨᠢ  ᠪᠠᠶᠢᠴᠠᠭᠠᠵᠠᠢ᠃            ᠬᠦᠷᠦᠭᠰᠡᠨ ᠭᠠᠵᠠᠷ ᠪᠤᠯᠭᠠᠨ ᠳᠤ ᠪᠠᠨ᠂ ᠱᠠᠭᠠᠷᠳᠠᠨ ᠵᠢᠯᠣᠭᠤᠳᠬᠤ ᠳᠤᠭᠤᠶᠢᠯᠠᠩ ᠤᠨ ᠬᠢᠨ ᠬᠢᠵᠢᠭ ᠤᠨ  ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠵᠤ᠂ ᠠᠵᠢᠯᠲᠠᠨ ᠤ ᠠᠵᠢᠯ   ᠤᠨ ᠪᠠᠶᠢᠷᠢ ᠳᠠᠭᠠᠨ ᠪᠤᠴᠠᠬᠤ᠂ ᠦᠶᠯᠡᠳᠪᠦᠷᠢᠯᠡᠯ ᠡᠵᠡᠩᠨᠡᠯᠲᠡ ᠵᠡᠷᠭᠡ ᠪᠠᠶᠢᠳᠠᠯ ᠪᠣᠯᠤᠨ ᠠᠵᠤ ᠠᠬᠤᠶᠢᠯᠠᠯ ᠤᠨ  ᠦᠶᠯᠡᠳᠪᠦᠷᠢᠯᠡᠯ ᠤᠨ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠢ ᠨᠠᠷᠢᠨ ᠯᠠᠪᠯᠠᠨ ᠠᠰᠠᠭᠤᠬᠤ   ᠶᠢᠨ ᠬᠠᠮᠲᠤ᠂ ᠠᠵᠤ ᠠᠬᠤᠶᠢᠯᠠᠯ ᠤᠨ ᠬᠢᠵᠢᠭ ᠢ ᠰᠡᠷᠭᠡᠶᠢᠯᠡᠨ ᠡᠵᠡᠮᠳᠡᠬᠦ᠂ ᠠᠵᠢᠯ ᠢᠶᠠᠨ ᠡᠬᠢᠯᠡᠭᠦᠯᠵᠦ ᠦᠶᠯᠡᠳᠪᠦᠷᠢᠯᠡᠯ ᠢᠶᠠᠨ  ᠰᠡᠷᠭᠦᠭᠡᠬᠦ ᠵᠡᠷᠭᠡ ᠠᠵᠢᠯ ᠳᠤ ᠵᠢᠯᠣᠭᠤᠳᠬᠤ ᠴᠢᠨᠠᠷᠲᠠᠶ ᠰᠠᠨᠠᠯ ᠳᠤᠷᠠᠳᠴᠠᠢ᠃ ᠱᠠᠭᠠᠷᠳᠠᠨ ᠵᠢᠯᠤᠭᠤᠳᠬᠤ  ᠳᠤᠭᠤᠶᠢᠯᠠᠩ ᠤᠨ ᠬᠢᠨ ᠡᠯ᠎ᠡ ᠠᠵᠤ ᠠᠬᠤᠶᠢᠯᠠᠯ ᠢ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂  ᠦᠢᠯᠡᠳᠪᠦᠷᠢᠯᠡᠯ ᠢᠶᠠᠨ ᠢᠳᠡᠪᠬᠢᠲᠡᠢ ᠰᠡᠷᠭᠦᠭᠡᠵᠦ᠂ ᠴᠠᠭ ᠤᠨ ᠪᠡᠷᠬᠡ ᠶᠢ ᠬᠠᠮᠲᠤᠪᠠᠷ ᠲᠤᠭᠤᠯᠬᠤ ᠶᠢ ᠵᠣᠷᠢᠭᠵᠢᠭᠤᠯᠬᠤ   ᠶᠢᠨ ᠬᠠᠮᠲᠤ᠂ ᠠᠶᠤᠯᠭᠦᠢ ᠦᠢᠯᠡᠳᠪᠦᠷᠢᠯᠡᠯ ᠤᠨ ᠡᠨᠡ ᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠭᠤᠣᠯ  ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠪᠠ ᠦᠢᠯᠡᠳᠪᠦᠷᠢᠯᠡᠯ ᠡᠵᠡᠩᠨᠡᠯᠲᠡ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ ᠬᠡᠷᠡᠭᠲᠡᠢ ᠭᠡᠵᠡᠢ᠃            ᠱᠠᠭᠠᠷᠳᠠᠨ ᠵᠢᠯᠤᠭᠤᠳᠬᠤ ᠳᠤᠭᠤᠶᠢᠯᠠᠩ ᠠᠴᠠ ᠵᠢᠭᠠᠭᠰᠠᠨ ᠨᠢ᠂ ᠬᠢᠵᠢᠭ ᠤᠨ ᠪᠠᠶᠢᠳᠠᠯ ᠡᠭᠦᠰᠦᠭᠰᠡᠨ ᠠᠴᠠ  ᠨᠠᠰᠢ᠂ ᠵᠡᠭᠦᠨ ᠦᠵᠦᠮᠦᠴᠢᠨ ᠬᠤᠰᠢᠭᠤ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢᠨ ᠦᠶᠯᠡᠳᠦᠯ ᠢᠶᠠᠨ  ᠭᠦᠶᠴᠡᠳ ᠪᠠᠳᠠᠷᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠵᠢᠯ ᠢ ᠨᠢᠭᠡᠳᠦᠯᠲᠡᠶ ᠲᠦᠯᠦᠪᠯᠡᠨ ᠰᠠᠶᠢᠲᠤᠷ ᠬᠢᠬᠦ ᠲᠤᠬᠠᠶ  ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ  ᠪᠠᠶᠢᠷᠢᠯᠠᠭᠤᠯᠤᠯᠲᠠ ᠱᠠᠭᠠᠷᠳᠠᠯᠭ᠎ᠠ ᠶᠢ ᠢᠳᠡᠪᠬᠢᠲᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠡᠭᠡᠳᠦ ᠳᠣᠤᠷᠠᠳᠤ  ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠵᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠰᠡᠷᠭᠡᠶᠢᠯᠡᠨ ᠡᠵᠡᠮᠳᠡᠬᠦ ᠦᠶᠯᠡᠳᠦᠯ ᠢ ᠪᠣᠶ ᠪᠣᠯᠭᠠᠵᠤ᠂ ᠡᠯ᠎ᠡ ᠵᠦᠶᠯ ᠤᠨ ᠠᠵᠢᠯ ᠢ ᠯᠠᠪᠳᠠᠭᠤᠨ ᠪᠠᠲᠤᠲᠠᠶ ᠪᠥᠭᠡᠳ  ᠪᠦᠲᠦᠮᠵᠢᠲᠡᠶ ᠥᠷᠨᠢᠭᠦᠯᠦᠭᠰᠡᠨ ᠪᠥᠭᠡᠳ ᠰᠠᠶᠢᠨ ᠦᠷ᠎ᠡ ᠪᠦᠲᠦᠮᠵᠢ ᠣᠯᠵᠤ᠂ ᠨᠢᠭᠡ ᠲᠠᠯ᠎ᠠ ᠪᠠᠷ ᠬᠢᠵᠢᠭ ᠢ  ᠰᠡᠷᠭᠡᠶᠢᠯᠡᠬᠦ ᠠᠵᠢᠯ ᠢ ᠠᠳᠬᠤᠵᠤ᠂ ᠨᠢᠭᠡ ᠲᠠᠯ᠎ᠠ ᠪᠠᠷ ᠬᠥᠭᠵᠢᠯᠲᠡ ᠶᠢ ᠠᠬᠢᠭᠤᠯᠬᠤ ︽ᠬᠤᠶᠠᠷ ᠢ ᠰᠠᠭᠠᠲᠠᠭᠠᠬᠤ  ᠥᠬᠡᠶ᠂ ᠬᠤᠶᠠᠷ ᠢ ᠠᠬᠢᠭᠤᠯᠬᠤ︾ ᠶᠢ ᠪᠡᠶᠡᠯᠡᠭᠦᠯᠪᠡ᠃            ᠱᠠᠭᠠᠷᠳᠠᠨ ᠵᠢᠯᠣᠭᠤᠳᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠤᠷᠢᠳ ᠪᠠᠷ ᠪᠣᠳᠣᠯᠬᠢᠯᠠᠬᠤ᠂ ᠠᠵᠢᠯ ᠢᠶᠠᠨ ᠡᠬᠢᠯᠡᠭᠦᠯᠵᠦ ᠦᠢᠯᠡᠳᠪᠦᠷᠢᠯᠡᠯ ᠢᠶᠠᠨ ᠰᠡᠷᠭᠦᠭᠡᠬᠦ ᠠᠮᠤᠷ  ᠲᠦᠪᠰᠢᠨ ᠡᠮᠬᠢ ᠵᠢᠷᠤᠮ ᠲᠠᠢ ᠪᠠᠶᠢᠬᠤ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠢᠶᠠᠨ ᠡᠬᠢᠯᠡᠭᠦᠯᠵᠦ ᠦᠢᠯᠡᠳᠪᠦᠷᠢᠯᠡᠯ ᠢᠶᠠᠨ ᠰᠡᠷᠭᠦᠭᠡᠬᠦ ᠠᠵᠢᠯ ᠢ ᠠᠬᠢᠭᠤᠯᠬᠤ ᠶᠢᠨ ᠬᠠᠮᠲᠤ᠂ ᠡᠯ᠎ᠡ ᠵᠦᠢᠯ ᠤᠨ ᠬᠢᠵᠢᠭ ᠤᠨ ᠪᠠᠶᠢᠳᠠᠯ ᠢ  ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠵᠢᠯ ᠢᠶᠠᠨ ᠰᠡᠷᠭᠦᠭᠡᠭᠰᠡᠳ ᠤᠨ ᠮᠡᠳᠡᠭᠡ ᠵᠠᠩᠭᠢ ᠶᠢᠨ ᠳᠠᠩᠰᠠᠯᠠᠯ᠂ ᠡᠷᠡᠭᠦᠯ ᠮᠡᠨᠳᠦ ᠶᠢᠨ ᠪᠠᠶᠢᠳᠠᠯ ᠤᠨ ᠪᠠᠶᠢᠴᠠᠭᠠᠯᠲᠠ ᠶᠢ ᠰᠠᠶᠢᠲᠤᠷ ᠬᠢᠵᠦ᠂ ᠠᠮᠢᠳᠤᠷᠠᠯ᠂  ᠦᠢᠯᠡᠳᠪᠦᠷᠢᠯᠡᠯ ᠪᠣᠯᠤᠨ ᠠᠵᠢᠯᠯᠠᠬᠤ ᠲᠠᠯᠠᠪᠤᠷ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠷᠢᠭᠤᠳᠬᠠᠬᠤ ᠠᠵᠢᠯ ᠢ ᠰᠠᠶᠢᠲᠤᠷ ᠬᠢᠵᠦ᠂ ᠲᠣᠭᠤᠷᠢᠨ ᠪᠠᠶᠢᠴᠠᠭᠠᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠠᠵᠤ ᠠᠬᠤᠶᠢᠯᠠᠯ ᠤᠨ  ᠲᠣᠭᠲᠠᠭᠤᠨ ᠡᠮᠬᠢ ᠵᠢᠷᠤᠮ ᠲᠠᠢ ᠠᠵᠢᠯ ᠢᠶᠠᠨ ᠡᠬᠢᠯᠡᠭᠦᠯᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠪᠠᠲᠤᠯᠠᠬᠤ  ᠬᠡᠷᠡᠭᠲᠡᠢ᠃  ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠠᠵᠤ ᠠᠬᠤᠶᠢᠯᠠᠯ ᠢ ᠱᠠᠭᠠᠷᠳᠠᠨ  ᠵᠢᠯᠣᠭᠤᠳᠴᠤ  ᠪᠠᠶᠢᠭᠠᠳ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢᠨ ᠬᠠᠮᠲᠤ᠂ ᠠᠵᠤ ᠠᠬᠤᠶᠢᠯᠠᠯ ᠤᠨ ᠠᠵᠢᠯ ᠢᠶᠠᠨ ᠡᠬᠢᠯᠡᠭᠦᠯᠵᠦ ᠦᠶᠯᠡᠳᠪᠦᠷᠢᠯᠡᠯ ᠢᠶᠠᠨ ᠰᠡᠷᠭᠦᠭᠡᠬᠦ ᠳᠤ ᠲᠤᠯᠭᠠᠷᠠᠵᠤ ᠪᠠᠶᠢᠭ᠎ᠠ ᠬᠦᠴᠢᠷᠳᠡᠯ  ᠪᠠ ᠠᠰᠠᠭᠤᠳᠠᠯ   ᠢ ᠰᠠᠶᠢᠲᠤᠷ ᠰᠢᠶᠳᠪᠦᠷᠢᠯᠡᠵᠦ᠂ ᠠᠵᠤ ᠠᠬᠤᠶᠢᠯᠠᠯ ᠤᠨ ᠳᠠᠬᠢᠨ ᠰᠡᠷᠭᠦᠭᠡᠬᠦ ᠶᠣᠰᠣᠲᠠᠶ ᠶᠢ ᠨᠢ  ᠭᠦᠶᠴᠡᠳ ᠰᠡᠷᠭᠦᠭᠡᠬᠦ ᠶᠢ ᠦᠨᠡᠨᠬᠦ ᠪᠠᠲᠤᠯᠠᠵᠤ᠂ ᠠᠵᠤ ᠠᠬᠤᠶ ᠨᠡᠶᠢᠭᠡᠮ ᠤᠨ ᠲᠣᠭᠲᠠᠭᠤᠨ ᠪᠥᠭᠡᠳ ᠡᠷᠡᠭᠦᠯ ᠢᠶᠠᠷ  ᠬᠥᠭᠵᠢᠬᠦ ᠶᠢ ᠠᠬᠢᠭᠤᠯᠬᠤ ᠬᠡᠷᠡᠭᠲᠡᠶ ᠭᠡᠵᠡᠢ᠃  
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号