12 ᠰᠠᠷ᠎ᠠ ᠶᠢᠨ 5 — 6 ᠤ ᠡᠳᠦᠷ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠸᠠᠩ ᠵᠠᠨ ᠭᠦᠸᠧ ᠥᠪᠡᠷᠲᠡᠭᠡᠨ ᠵᠠᠰᠠᠬᠤ ᠣᠷᠣᠨ ᠤ ᠪᠣᠭᠤᠮᠲᠠ ᠶᠢᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠢ ᠱᠠᠭᠠᠷᠳᠠᠨ ᠪᠠᠶᠢᠴᠠᠭᠠᠬᠤ ᠳᠤᠭᠤᠶᠢᠯᠠᠩ ᠵᠡᠭᠦᠨ | ᠦᠵᠦᠮᠦᠴᠢᠨ ᠬᠤᠰᠢᠭᠤᠨ ᠳᠤ ᠬᠦᠷᠴᠦ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ | ᠱᠠᠭᠠᠷᠳᠠᠨ ᠵᠢᠯᠣᠭᠤᠳᠴᠤ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ ᠰᠠᠷᠠᠨᠴᠢᠮᠡᠭ᠂ ᠠᠶᠢᠮᠠᠭ ᠤᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠵᠧᠩ ᠬᠦᠢ ᠵᠢᠶᠦ᠋ᠨ ᠬᠠᠮᠲᠤ ᠪᠠᠷ ᠪᠠᠶᠢᠴᠠᠭᠠᠨ᠂ ᠬᠤᠰᠢᠭᠤ | ᠨᠠᠮ ᠤᠨ ᠬᠤᠷᠢᠶᠠᠨ ᠤ ᠳᠡᠳ᠋ ᠱᠦᠵᠢ ᠵᠧᠤ ᠢᠦᠶ ᠯᠦᠩ᠂ ᠬᠤᠰᠢᠭᠤ ᠵᠠᠰᠠᠭ ᠤᠨ ᠣᠷᠳᠣᠨ ᠤ ᠳᠡᠳ᠋ ᠬᠤᠰᠢᠭᠤ | ᠳᠠᠷᠤᠭ᠎ᠠ ᠶᠣᠣ ᠬᠠᠶ ᠰᠢᠶᠠ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠪᠠᠷ᠎ᠠ | ᠪᠣᠯᠵᠣ ᠪᠠᠶᠢᠴᠠᠭᠠᠪᠠ᠃ | 12 ᠰᠠᠷ᠎ᠠ ᠶᠢᠨ 5 ᠤ ᠡᠳᠦᠷ᠂ ᠬᠢᠨᠠᠨ ᠪᠠᠶᠢᠴᠠᠭᠠᠬᠤ ᠳᠤᠭᠤᠶᠢᠯᠠᠩ ᠤᠷᠢᠳ ᠬᠤᠵᠢᠳ ᠬᠠᠳᠠᠪᠴᠢ | ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠵᠡᠭᠦᠨ ᠬᠠᠲᠠᠪᠴᠢ ᠪᠣᠭᠤᠮᠲᠠ ᠶᠢᠨ ᠬᠠᠮᠲᠤᠷᠠᠨ ᠪᠠᠶᠢᠴᠠᠭᠠᠬᠤ | ᠲᠣᠭᠤᠷᠢᠭ᠂ ᠢ ᠳ᠋ᠦᠩ ᠡᠨᠧᠷᠭᠢ ᠶᠢᠨ ᠺᠣᠮᠫᠠᠨᠢ ᠶᠢᠨ ᠨᠡᠭᠦᠷᠡᠰᠦ ᠪᠠᠷᠠᠭ᠎ᠠ ᠪᠠᠭᠤᠯᠭᠠᠬᠤ ᠲᠠᠯᠠᠪᠠᠢ ᠵᠡᠷᠭᠡ ᠭᠠᠵᠠᠷ ᠲᠤ | ᠬᠦᠷᠴᠦ᠂ ᠲᠤᠬᠠᠶ ᠶᠢᠨ ᠲᠠᠯᠠᠪᠠᠢ ᠳᠤ ᠪᠠᠶᠢᠴᠠᠭᠠᠨ ᠦᠵᠡᠬᠦ᠂ ᠮᠠᠲ᠋ᠧᠷᠢᠶᠠᠯ ᠪᠠᠶᠢᠴᠠᠭᠠᠨ ᠦᠵᠡᠬᠦ᠂ ᠰᠤᠷᠪᠤᠯᠵᠢᠯᠠᠨ | ᠶᠠᠷᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ | ᠬᠢᠵᠠᠭᠠᠷᠯᠠᠬᠤ ᠠᠵᠢᠯ ᠤᠨ ᠲᠥᠰᠦᠯ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠪᠣᠯᠤᠨ ᠪᠣᠯᠪᠠᠰᠤᠷᠠᠯ | ᠰᠣᠷᠢᠯᠲᠠ ᠂ ᠪᠣᠭᠤᠮᠲᠠ ᠪᠠᠷ ᠨᠡᠪᠳᠡᠷᠡᠬᠦ ᠲᠡᠷᠭᠡ ᠬᠥᠰᠬᠡ᠂ ᠪᠣᠭᠤᠮᠲᠠ ᠪᠠᠷ ᠦᠩᠭᠡᠷᠡᠬᠦ ᠡᠳ᠋ ᠪᠠᠷᠠᠭ᠎ᠠ᠂ ᠲᠤᠰᠠᠭᠠᠷᠯᠠᠬᠤ | ᠲᠠᠯᠠᠪᠤᠷ ᠭᠠᠵᠠᠷ ᠢ ᠪᠢᠲᠡᠭᠦᠮᠵᠢᠯᠡᠨ ᠬᠠᠮᠢᠶᠠᠷᠴᠤ᠂ ᠪᠣᠭᠤᠮᠲᠠ ᠶᠢᠨ ᠲᠠᠯᠠᠪᠤᠷ ᠭᠠᠵᠠᠷ ᠵᠢᠴᠢ ᠡᠯ᠎ᠡ ᠵᠠᠩᠭᠢᠯᠠᠭ᠎ᠠ ᠶᠢᠨ | ᠴᠢᠭ ᠲᠤᠬᠠᠶ ᠶᠢᠨ ᠲᠠᠯᠠᠪᠠᠶ ᠶᠢᠨ ᠬᠠᠮᠢᠶᠠᠷᠣᠯᠲᠠ ᠪᠠ ᠬᠢᠵᠢᠭ ᠰᠡᠷᠭᠡᠶᠢᠯᠡᠨ ᠠᠷᠢᠭᠤᠭᠬᠠᠭᠰᠠᠨ᠂ ᠡᠳ᠋ ᠪᠠᠷᠠᠭ᠎ᠠ | ᠨᠥᠭᠡᠴᠡᠯᠡᠬᠦ ᠵᠢᠴᠢ ᠪᠥᠭᠡᠮ ᠬᠦᠴᠢᠯ ᠤᠨ ᠪᠠᠶᠢᠴᠠᠭᠠᠯᠳᠠ ᠬᠢᠬᠦ ᠵᠡᠷᠭᠡ ᠪᠠᠶᠢᠳᠠᠯ ᠶᠢ ᠨᠠᠷᠢᠨ ᠣᠶᠢᠯᠠᠭᠠᠪᠠ ᠃ | ᠳᠠᠷᠠᠭ᠎ᠠ ᠨᠢ ᠬᠤᠷᠠᠯ ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠯᠪᠣᠭᠳᠠᠯ | ᠪᠥᠬᠦᠶ ᠤᠳᠤᠷᠢᠳᠤᠯᠭ᠎ᠠ ᠵᠢᠴᠢ ᠡᠯ᠎ᠡ ᠬᠤᠯᠪᠣᠭᠳᠠᠯ ᠪᠥᠬᠦᠶ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠪᠣᠯᠤᠨ | ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ | |