12 ᠰᠠᠷ᠎ᠠ ᠶᠢᠨ 7 ᠤ ᠡᠳᠦᠷ ᠠᠴᠠ 12 ᠰᠠᠷ᠎ᠠ ᠶᠢᠨ 8 ᠤ ᠡᠳᠦᠷ ᠪᠣᠯᠲᠠᠯ᠎ᠠ᠂ ᠮᠠᠨ ᠤ ᠬᠤᠰᠢᠭᠤᠨ ᠤ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠪᠥᠬᠦ ᠬᠤᠰᠢᠭᠤᠨ ᠤ ᠡᠮ ᠡᠮᠨᠡᠯᠭᠡ ᠶᠢᠨ ᠪᠠᠶᠢᠭᠤᠯᠤᠮᠵᠢ ᠶᠢᠨ | ᠥᠯᠢᠭᠡᠷ ᠠᠪᠬᠤ ᠲᠤᠰᠬᠠᠶ ᠡᠩᠨᠡᠭᠡ ᠶᠢ ᠵᠣᠬᠢᠶᠠᠨ ᠪᠠᠶᠢᠭᠤᠯᠵᠤ᠂ ᠪᠦᠬᠦ ᠬᠤᠰᠢᠭᠤᠨ ᠤ ᠠᠯᠪᠠᠨ ᠠᠴᠠ ᠡᠷᠭᠢᠯᠡᠭᠰᠡᠨ 8 | ᠳᠤᠮᠳᠠᠳᠤ ᠪᠠᠭ᠎ᠠ ᠰᠤᠷᠭᠠᠭᠤᠯᠢ᠂ 2 ᠬᠡᠤᠬᠡᠳ ᠤᠨ ᠴᠡᠴᠡᠷᠯᠢᠭ᠂ 5 ᠬᠠᠷᠢᠶᠠᠲᠤ ᠬᠡᠤᠬᠡᠳ ᠤᠨ ᠴᠡᠴᠡᠷᠯᠢᠭ ᠵᠢᠴᠢ | ᠠᠷᠠᠳ ᠠᠴᠠ ᠡᠷᠭᠢᠯᠡᠭᠰᠡᠨ 6 ᠬᠡᠤᠬᠡᠳ ᠤᠨ ᠴᠡᠴᠡᠷᠯᠢᠭ ᠵᠡᠷᠭᠡ ᠨᠡᠶᠢᠲᠡ 21 ᠰᠤᠷᠭᠠᠭᠤᠯᠢ᠂ ᠬᠡᠤᠬᠡᠳ ᠤᠨ | ᠴᠡᠴᠡᠷᠯᠢᠭ ᠪᠤᠯᠤᠨ ᠬᠡᠤᠬᠡᠳ ᠠᠰᠠᠷᠠᠬᠤ ᠪᠠᠶᠢᠭᠤᠯᠤᠮᠵᠢ ᠶᠢᠨ 1104 ᠪᠠᠭᠰᠢ ᠠᠵᠢᠯᠲᠠᠨ ᠳᠤ ᠰᠢᠨ᠎ᠡ ᠲᠢᠲᠢᠮᠯᠢᠭ | ᠠᠭᠤᠰᠬᠢᠨ ᠥᠷᠪᠢᠰᠦᠯ ᠤᠨ ᠪᠦᠭᠡᠮ ᠬᠦᠴᠢᠯ ᠤᠨ ᠥᠯᠢᠭᠡᠷ ᠠᠪᠬᠤ ᠠᠵᠢᠯ ᠢ ᠦᠷᠨᠢᠭᠦᠯᠵᠡᠢ᠃ ᠲᠣᠰ ᠤᠳᠠᠭᠠᠨ ᠤ | ᠪᠠᠶᠢᠴᠠᠭᠠᠯᠲᠠ ᠳᠤ ᠪᠥᠬᠦ ᠪᠠᠭᠰᠢ ᠠᠵᠢᠯᠲᠠᠨ ᠪᠣᠯᠣᠨ ᠠᠮᠤᠷ ᠢ ᠬᠠᠮᠠᠭᠠᠯᠠᠭᠴᠢ᠂ ᠠᠷᠤ ᠲᠠᠯ᠎ᠠ ᠶᠢᠨ ᠠᠵᠢᠯᠲᠠᠨ᠂ | ᠬᠤᠭᠤᠯᠠᠨ ᠬᠡᠷ ᠤᠨ ᠠᠵᠢᠯᠲᠠᠨ ᠢ ᠪᠠᠭᠲᠠᠭᠠᠵᠠᠢ᠃ | ᠦᠯᠢᠭᠡᠷ ᠠᠪᠬᠤ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠡᠮ | ᠡᠮᠨᠡᠯᠭᠡ ᠶᠢᠨ ᠠᠵᠢᠯᠲᠠᠳ ᠠᠴᠠ ᠪᠠᠶᠢᠴᠠᠭᠠᠯᠲᠠ ᠬᠢᠯᠭᠡᠬᠦ ᠪᠠᠷ ᠢᠷᠡᠭᠰᠡᠨ ᠪᠠᠭᠰᠢ ᠠᠵᠢᠯᠲᠠᠨ ᠢ ᠵᠢᠯᠣᠭᠤᠳᠤᠨ ︽ | ᠬᠤᠭᠤᠷᠤᠨᠲᠦ ᠪᠠᠨ ᠨᠢᠭᠡ ᠮᠧᠲᠷ ᠵᠠᠢ ᠲᠠᠢ ᠪᠠᠶᠢᠬᠤ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠪᠠᠭᠰᠢᠨᠠᠷ | ᠬᠤᠭᠤᠷᠤᠨᠲᠦ ᠪᠠᠨ ᠵᠠᠶ ᠲᠠᠢ ᠮᠦᠷᠯᠡᠨ᠂ ᠪᠡᠶ᠎ᠡ ᠶᠢᠨ ᠭᠠᠷᠤᠯ ᠢᠶᠠᠨ ᠳᠠᠩᠰᠠᠯᠠᠭᠤᠯᠤᠨ᠂ ᠦᠯᠢᠭᠡᠷ ᠬᠡᠪ ᠢᠶᠠᠨ ᠥᠭᠴᠦ᠂ | ᠪᠦᠭᠦᠳᠡᠭᠡᠷ ᠨᠢᠭᠡ ᠴᠢᠭᠯᠡᠯ ᠢᠶᠠᠷ ᠶᠠᠪᠤᠬᠤ ᠶᠢ ᠪᠠᠲᠤᠯᠠᠵᠠᠢ᠃ ᠦᠯᠢᠭᠡᠷ ᠠᠪᠴᠤ ᠳᠠᠭᠤᠰᠤᠭᠰᠠᠨ ᠤ ᠳᠠᠷᠠᠭ᠎ᠠ᠂ | ᠡᠪᠡᠳᠴᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯᠲᠠᠨ ᠠᠴᠠ ᠦᠯᠢᠭᠡᠷ ᠬᠡᠪ ᠢ ᠳᠠᠮᠵᠢᠭᠤᠯᠤᠨ ᠲᠡᠭᠡᠭᠡᠪᠦᠷᠢᠯᠡᠬᠦ | ᠬᠠᠶᠢᠷᠴᠠᠭ ᠢᠶᠠᠷ ᠦᠷ᠎ᠡ ᠳ᠋ᠦᠩ ᠢ ᠬᠤᠰᠢᠭᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ | ᠲᠤᠷᠰᠢᠯᠲᠠ ᠶᠢᠨ ᠳᠠᠰᠤᠭ ᠲᠤ ᠬᠦᠷᠭᠡᠵᠦ᠂ 1:10 ᠶᠢᠨ ᠬᠤᠯᠢᠮᠠᠭ ᠦᠯᠢᠭᠡᠷ ᠠᠪᠬᠤ ᠠᠷᠭ᠎ᠠ ᠮᠠᠶ᠋ᠢᠭ ᠢᠶᠠᠷ ᠪᠥᠭᠡᠮ | ᠬᠦᠴᠢᠯ ᠤᠨ ᠪᠠᠶᠢᠴᠠᠭᠠᠯᠲᠠ ᠬᠢᠵᠡᠢ᠃ 12 ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ᠂ ᠲᠤᠷᠰᠢᠯᠲᠠ ᠶᠢᠨ | ᠲᠠᠰᠤᠭ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠦᠷ᠎ᠡ ᠳ᠋ᠦᠩ ᠨᠢ ᠴᠥᠮ ᠪᠢᠯᠢᠭ ᠴᠢᠨᠠᠷ ᠢᠯᠡᠷᠡᠵᠡᠢ᠃ | ᠲᠤᠰ ᠤᠳᠠᠭᠠᠨ ᠤ ᠪᠦᠭᠡᠮ ᠬᠦᠴᠢᠯ ᠤᠨ ᠪᠠᠶᠢᠴᠠᠭᠠᠯᠲᠠ ᠶᠢᠨ ᠠᠵᠢᠯ ᠨᠢ ᠡᠯ᠎ᠡ ᠡᠮᠴᠢᠯᠡᠭᠡᠨ ᠤ | ᠪᠠᠶᠢᠭᠤᠯᠤᠮᠵᠢ ᠶᠢᠨ ᠦᠯᠢᠭᠡᠷ ᠠᠪᠬᠤ ᠬᠥᠮᠦᠰ ᠤᠨ ᠪᠣᠳᠠᠲᠤ ᠠᠵᠢᠯ ᠤᠨ ᠴᠢᠳᠠᠪᠤᠷᠢ ᠶᠢ ᠪᠦᠬᠦ ᠲᠠᠯ᠎ᠠ ᠪᠠᠷ | ᠳᠡᠭᠡᠭᠰᠢᠯᠡᠭᠦᠯᠦᠭᠰᠡᠨ ᠤ ᠬᠠᠮᠲᠤ ᠪᠦᠬᠦ ᠬᠤᠰᠢᠭᠤᠨ ᠤ 10000 ᠭᠠᠷᠤᠶ ᠰᠤᠷᠤᠭᠴᠢᠳ ᠲᠤ ᠠᠮᠤᠷ ᠲᠦᠪᠰᠢᠨ ᠤ | ᠪᠠᠲᠤᠯᠠᠭ᠎ᠠ ᠬᠠᠩᠭᠠᠪᠠ᠃ ᠳᠠᠷᠠᠭᠠᠴᠢ ᠶᠢᠨ ᠠᠯᠬᠤᠮ ᠳᠤ᠂ ᠭᠤᠤᠯᠳᠠᠯᠭ᠎ᠠ ᠲᠠᠢ ᠬᠥᠮᠦᠰ ᠲᠤ ᠪᠦᠭᠡᠮ ᠬᠦᠴᠢᠯ ᠤᠨ | ᠪᠠᠶᠢᠴᠠᠭᠠᠯᠲᠠ ᠬᠢᠬᠦ ᠠᠵᠢᠯ ᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠪᠠᠶᠢᠴᠠᠭᠠᠨ ᠬᠡᠮᠵᠢᠬᠦ ᠬᠡᠪᠴᠢᠶ᠎ᠡ ᠶᠢ | ᠦᠷᠭᠡᠳᠬᠡᠨ᠂ ᠨᠠᠮᠤᠷ ᠡᠪᠦᠯ ᠤᠨ ᠤᠯᠠᠷᠢᠯ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠢ ᠪᠠᠶᠢᠩᠭᠤᠵᠢᠭᠤᠯᠬᠤ ᠠᠵᠢᠯ ᠢ ᠦᠨᠡᠨᠬᠦ ᠴᠢᠩᠭᠠᠳᠬᠠᠬᠤ ᠪᠤᠯᠤᠨ᠎ᠠ᠃ |